ᠬᠤᠨᠤᠭ ᠦᠨᠵᠢᠭᠰᠡᠨ ᠲᠠᠷᠪᠤᠰ ᠬᠤᠤᠷᠳᠠᠢ ᠤᠤ︖
ᠨᠡᠶᠢᠲᠡᠯᠡᠭᠰᠡᠨ ᠴᠠᠭ᠄
2022/1/20
     ᠵᠤᠨ ᠤ ᠠᠭᠠᠬᠢᠮ᠎ᠠ ᠬᠠᠯᠠᠭᠤᠨ ᠳᠤ ᠤᠮᠳᠠ ᠳᠠᠷᠤᠬᠤ ᠵᠢᠮᠢᠰ ᠭᠡᠪᠠᠯ ᠡᠩ ᠲᠡᠷᠢᠭᠦᠨ ᠳᠤ ᠲᠠᠷᠪᠤᠰ ᠳᠤᠷᠠᠳᠤᠭᠳᠠᠳᠠᠭ᠃ ᠭᠡᠲᠡᠯ᠎ᠡ ︽ᠬᠤᠨᠤᠭ ᠥᠨᠵᠢᠭᠰᠡᠨ ᠲᠠᠷᠪᠤᠰ ᠬᠤᠤᠷᠳᠠᠢ︾ ᠭᠡᠬᠦ ᠮᠡᠲᠦ ᠶᠢᠨ ᠮᠡᠳᠡᠭᠡ ᠬᠠᠶᠠ ᠶᠠ ᠦᠭᠡᠢ ᠰᠤᠨᠤᠰᠳᠠᠵᠤ ᠪᠠᠶᠢᠳᠠᠭ᠃ ᠲᠡᠭᠡᠪᠠᠯ ᠲᠡᠷᠪᠤᠰ ᠢ ᠴᠤᠬᠤᠮ ᠬᠡᠷᠭᠢᠨ ᠢᠳᠡᠪᠡᠯ ᠵᠤᠬᠢᠬᠤ ᠪᠤᠢ᠂ ᠬᠦᠯᠳᠡᠭᠡᠭᠦᠷ ᠲᠤ ᠦᠨᠵᠢᠭᠡᠭᠰᠡᠨ ᠲᠠᠷᠪᠤᠰ ᠢ ᠢᠳᠡᠵᠤ ᠪᠤᠯᠬᠤ ᠤᠤ︖ ᠬᠡᠷᠴᠢᠭᠡ ᠦᠭᠡᠢ ᠪᠦᠳᠦᠨ ᠲᠠᠷᠪᠤᠰ ᠲᠤ ᠪᠠᠷᠤᠭ ᠦᠨᠳᠦᠰᠦᠨ  ᠳᠡᠭᠡᠨ ᠪᠠᠺᠲ᠋ᠧᠷᠢ ᠪᠠᠶᠢᠳᠠᠭ ᠦᠭᠡᠢ᠂ ᠭᠡᠲᠡᠯ᠎ᠡ ᠬᠡᠷᠴᠢᠭᠰᠡᠨ ᠤ ᠳᠠᠷᠠᠭ᠎ᠠ ᠮᠠᠰᠢ ᠲᠦᠷᠭᠡᠨ ᠪᠠᠺᠲ᠋ᠧᠷᠢ ᠲᠠᠢ ᠪᠣᠯᠳᠠᠭ ᠪᠥᠭᠡᠳ ᠤᠳᠠᠬᠤ ᠲᠤᠳᠤᠮ ᠢᠶᠠᠨ ᠪᠠᠺᠲ᠋ᠧᠷᠢ ᠨᠢ ᠦᠷᠠᠵᠢᠵᠤ᠂ ᠡᠩ ᠤᠨ ᠠᠭᠠᠷ ᠤᠨ ᠲᠤᠯᠠᠭᠠᠨ ᠳᠤ ᠤᠳᠠᠯ ᠦᠭᠡᠢ ᠢᠯᠵᠢᠷᠡᠴᠢᠬᠡᠳᠡᠭ᠃ ᠲᠠᠷᠪᠤᠰ ᠬᠤᠳᠠᠯᠳᠤᠵᠤ ᠠᠪᠬᠤ ᠳᠠᠭᠠᠨ ᠲᠠᠯ᠎ᠠ ᠶᠢ ᠨᠢ ᠠᠪᠬᠤ ᠳᠤ ᠬᠦᠷᠪᠡᠯ᠂ ᠬᠡᠷᠴᠢᠭᠰᠡᠨ ᠴᠠᠭ ᠢ ᠨᠢ ᠠᠩᠬᠠᠷᠬᠤ ᠬᠡᠷᠡᠭᠳᠡᠢ᠃ ᠵᠤᠨ ᠤ ᠬᠠᠯᠠᠭᠤᠨ ᠳᠤ ᠬᠡᠷᠴᠢᠭᠡᠳ ᠬᠡᠳᠦᠨ ᠴᠠᠭ ᠪᠤᠯᠤᠭᠰᠠᠨ ᠲᠠᠷᠪᠤᠰ ᠲᠤ ᠪᠠᠺᠲ᠋ᠧᠷᠢ ᠨᠢᠭᠡᠨᠳᠡ ᠶᠡᠭᠡᠪᠠᠷ ᠦᠷᠡᠵᠢᠭᠰᠡᠨ ᠪᠤᠯᠬᠤᠷ ᠬᠦᠯᠳᠡᠭᠡᠭᠦᠷ ᠲᠤ ᠬᠢᠯ᠎ᠡ ᠴᠤ ᠬᠡᠰᠡᠨ ᠪᠠᠺᠲ᠋ᠧᠷᠢ ᠶᠢᠨ ᠭᠡᠮᠵᠢᠶ᠎ᠡ ᠪᠠᠷᠢᠮᠵᠢᠶᠠᠨ ᠠᠴᠠ ᠬᠡᠲᠦᠷᠡᠭᠰᠡᠨ ᠪᠠᠶᠢᠳᠠᠭ᠃ ᠡᠶᠢᠮᠦ ᠠᠴᠠ ᠲᠤᠤᠷᠠᠬᠢ ᠬᠡᠳᠦᠨ ᠲᠠᠯ᠎ᠠ ᠪᠠᠷ ᠠᠩᠬᠠᠷᠪᠠᠯ ᠵᠤᠬᠢᠨ᠎ᠠ᠄      ᠨᠢᠭᠡ᠂ ᠲᠠᠷᠪᠤᠰ ᠤᠨ ᠬᠡᠵᠢᠶ᠎ᠡ ᠬᠡᠷᠴᠢᠭᠰᠡᠨ ᠢ ᠨᠢ ᠮᠡᠳᠡᠬᠦ ᠦᠭᠡᠢ ᠪᠣᠯ ᠬᠤᠨᠤᠭ ᠦᠨᠵᠢᠭᠡᠵᠤ ᠪᠣᠯᠬᠤ ᠦᠭᠡᠢ᠃      ᠬᠤᠶᠠᠷ᠂ ᠬᠦᠯᠳᠡᠬᠡᠭᠦᠷ ᠲᠤ ᠬᠠᠳᠠᠭᠠᠯᠠᠭᠰᠠᠨ ᠦᠭᠡᠢ ᠵᠢᠵᠢᠭᠯᠡᠨ ᠬᠡᠷᠴᠢᠭᠰᠡᠨ ᠲᠠᠷᠪᠤᠰ ᠢ ᠪᠢᠳᠡᠬᠡᠢ ᠬᠤᠳᠠᠯᠳᠤᠨ ᠠᠪᠤᠭᠠᠷᠠᠢ᠃      ᠭᠤᠷᠪᠠ᠂ ᠲᠠᠷᠪᠤᠰ ᠢ ᠬᠠᠭᠠᠯᠤᠭᠰᠠᠨ ᠬᠤᠶᠢᠨ᠎ᠠ ᠢᠳᠡᠬᠦ ᠬᠡᠰᠡᠭ ᠢᠶᠠᠨ ᠦᠯᠡᠳᠡᠭᠡᠵᠤ᠂ ᠢᠳᠡᠬᠦ ᠦᠭᠡᠢ ᠬᠡᠰᠡᠭ  ᠢᠶᠠᠨ ᠰᠠᠶᠢᠳᠤᠷ ᠪᠦᠳᠡᠭᠡᠵᠤ ᠲᠠᠷᠦ᠋ᠢᠬᠠᠨ ᠬᠦᠯᠳᠡᠭᠡᠭᠦᠷ ᠲᠤ ᠬᠢᠵᠦ ᠬᠠᠳᠠᠭᠠᠯᠠᠭᠠᠷᠠᠢ᠃      ᠲᠦᠷᠪᠠ᠂ ᠲᠦᠭᠦᠬᠡᠢ ᠢᠳᠡᠭᠡᠨ ᠪᠠ ᠪᠣᠯᠭᠤᠭᠰᠠᠨ ᠢᠳᠡᠭᠡᠨ ᠬᠡᠷᠴᠢᠳᠡᠭ ᠭᠢᠳᠤᠭ᠎ᠠ ᠠᠮᠪᠠᠨ ᠢᠶᠠᠨ ᠡᠷᠬᠡᠪᠰᠢ ᠰᠠᠯᠭᠠᠵᠦ ᠬᠡᠷᠡᠭᠯᠡᠬᠦ ᠬᠡᠷᠡᠭᠳᠡᠢ᠃      ᠲᠠᠪᠤ᠂ ᠬᠦᠯᠳᠡᠭᠡᠭᠦᠷ ᠲᠤ ᠪᠤᠯᠭᠤᠭᠰᠠᠨ ᠢᠳᠡᠭᠡᠨ ᠪᠠ ᠲᠦᠭᠦᠭᠡᠢ ᠢᠳᠡᠭᠡᠨ ᠢ ᠡᠷᠬᠡᠪᠰᠢ ᠰᠠᠯᠭᠠᠨ ᠬᠠᠳᠠᠭᠠᠯᠠᠵᠤ᠂ ᠲᠠᠷᠪᠤᠰ ᠢᠶᠠᠨ ᠬᠠᠮᠤᠭ ᠲᠡᠭᠡᠷ᠎ᠠ ᠭᠡᠰᠡᠭ ᠲᠤᠨᠢ ᠪᠤᠶᠤ ᠵᠢᠮᠢᠰ ᠬᠠᠳᠠᠭᠠᠯᠠᠳᠠᠭ ᠲᠤᠰᠬᠠᠢ ᠲᠠᠰᠤᠯᠭᠠᠨ  ᠳᠤᠨᠢ ᠬᠢᠪᠡᠯ ᠵᠤᠬᠢᠨ᠎ᠠ᠃ ᠡᠭᠦᠨ ᠠᠴᠠ ᠭᠠᠳᠠᠨ᠎ᠠ ᠭᠢᠳᠡᠳ ᠡᠮᠨᠡᠯᠭᠡ ᠶᠢᠨ ᠲᠠᠯ᠎ᠠ ᠠᠴᠠ ᠠᠪᠴᠤ ᠬᠡᠯᠡᠪᠠᠯ᠂ ᠲᠠᠷᠪᠤᠰ ᠪᠤᠯ ᠬᠦᠢᠳᠡᠨ ᠰᠡᠷᠢᠭᠦᠨ ᠴᠢᠨᠠᠷ ᠲᠠᠢ ᠪᠣᠯᠬᠤᠷ ᠶᠡᠭᠡ ᠢᠳᠡᠪᠡᠯ ᠭᠡᠳᠡᠰᠦ ᠬᠤᠳᠣᠭᠤᠳᠤᠨ ᠳᠤ ᠮᠠᠭᠤ ᠶᠤᠮ᠃ ᠬᠤᠳᠤᠭᠤᠳᠤ ᠬᠡᠳᠡᠰᠦᠨ ᠤ ᠰᠢᠷᠬᠠᠯᠠᠭ᠎ᠠ ᠲᠠᠢ ᠬᠦᠮᠦᠰ ᠪᠠ ᠰᠠᠷ᠎ᠠ ᠶᠢᠨ ᠭᠭᠢᠷ ᠢᠷᠡᠭᠰᠡᠨ ᠦᠶ᠎ᠡ ᠳᠤ ᠲᠠᠷᠪᠤᠰ ᠢᠳᠡᠬᠦ ᠦᠭᠡᠢ ᠪᠤᠶᠤ ᠪᠠᠭ᠎ᠠ ᠢᠳᠡᠪᠡᠯ ᠵᠤᠬᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号