ᠵᠢᠶᠠ ᠪᠦᠦ ᠯᠢᠶᠠᠩ ᠮᠠᠨᠳᠤᠯ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠪᠤᠢ
ᠨᠡᠶᠢᠲᠡᠯᠡᠭᠰᠡᠨ ᠴᠠᠭ᠄
2022/1/21
     1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠮᠠᠨᠳᠤᠯ ᠪᠣᠭᠤᠮᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ  ᠦᠢᠯᠡᠳᠪᠦᠷᠢᠯᠡᠯ ᠤᠨ ᠠᠵᠢᠯ ᠢ ᠰᠢᠪᠠᠳᠠᠨ ᠪᠠᠶᠢᠴᠠᠭᠠᠵᠤ᠂ ᠪᠠᠶᠠᠨᠬᠤᠸᠠ ᠪᠠᠯᠭᠠᠰᠤᠨ ᠳᠤ ᠭᠤᠤᠯᠳᠠᠯᠭ᠎ᠠ ᠲᠠᠢ ᠲᠥᠷᠥᠯ  ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠨᠠᠷᠢᠨ ᠨᠢᠮᠪᠠᠶ ᠠᠳᠬᠤᠵᠤ᠂ ᠲᠥᠷᠥᠯ  ᠵᠦᠢᠯ ᠢ ᠲᠥᠯᠥᠪᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠶ᠃      ᠮᠠᠨᠳᠤᠯ ᠪᠣᠭᠤᠮᠲᠠ ᠶᠢᠨ ᠬᠢᠨᠠᠨ ᠡᠵᠡᠮᠳᠡᠬᠦ ᠵᠢᠯᠣᠭᠤᠳᠬᠤ ᠲᠥᠪ ᠲᠤ᠂ ᠵᠢᠶᠠ ᠪᠦᠦ ᠯᠢᠶᠠᠩ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠴᠢᠩᠭᠡᠯᠢᠭ ᠤᠨ ᠪᠠᠷᠠᠭ᠎ᠠ ᠨᠡᠪᠲᠡᠷᠡᠬᠦ ᠵᠠᠮ ᠢ ᠴᠠᠭ ᠲᠤᠬᠠᠢ ᠳᠤᠨᠢ ᠬᠢᠨᠠᠨ ᠡᠵᠡᠮᠳᠡᠬᠦ ᠶᠢ ᠪᠠᠶᠢᠴᠠᠭᠠᠨ ᠦᠵᠡᠪᠡ᠃ ᠳᠠᠷᠠᠭ᠎ᠠ ᠨᠢ ᠪᠣᠭᠤᠮᠲᠠ ᠶᠢᠨ ᠠᠵᠢᠯ ᠤᠨ ᠲᠤᠰᠬᠠᠢ ᠠᠩᠭᠢ᠂ ᠬᠢᠯᠢ ᠶᠢᠨ ᠪᠠᠶᠢᠴᠠᠭᠠᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠡᠨᠡ ᠵᠢᠯ ᠤᠨ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠨᠡᠨᠬᠦ ᠴᠢᠩᠭᠠᠳᠬᠠᠵᠤ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠢ ᠵᠢᠭᠰᠢᠬᠦ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠴᠢᠩᠭᠠᠳᠬᠠᠬᠤ ᠬᠡᠷᠡᠭᠲᠡᠶ᠃ ᠤᠯᠤᠰ ᠤᠨ ᠲᠥᠷᠥ ᠶᠢᠨ ᠪᠣᠳᠣᠯᠭ᠎ᠠ ᠶᠢ ᠴᠢᠩᠭ᠎ᠠ ᠠᠳᠬᠤᠵᠤ᠂ ᠪᠣᠭᠤᠮᠲᠠ ᠶᠢᠨ ᠠᠵᠤ  ᠦᠢᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠣᠭᠤᠮᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠬᠦᠴᠦᠯᠡᠨ  ᠴᠤᠭᠴᠠᠯᠠᠨ᠎ᠠ᠃      ᠪᠠᠶᠠᠨᠬᠤᠸᠠ ᠪᠠᠯᠭᠠᠰᠤᠨ ᠳᠤ ᠵᠢᠶᠠ ᠪᠦᠦ ᠯᠢᠶᠠᠩ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤᠮᠳᠠ ᠪᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠤᠯᠤᠰ ᠤᠨ ᠳᠣᠲᠣᠭᠠᠳᠤ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠤᠳᠤᠯᠭᠠᠨ ᠤ ᠬᠦᠷᠢᠶᠡᠨ ᠤ ᠨᠡᠷᠡᠳᠦ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ ᠤᠨ ᠪᠦᠯᠬᠦᠮ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠶᠡᠬᠡᠪᠡᠷ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠰᠢᠭᠤᠨ ᠤ ᠤᠳᠤᠷᠢᠳᠤᠯᠭ᠎ᠠ  ᠬᠤ᠋ ᠴᠢᠶᠠᠩ᠂ ᠳ᠋ᠦᠩ ᠺᠠᠶ ᠪᠠᠷ᠎ᠠ ᠪᠣᠯᠵᠣ ᠪᠠᠶᠢᠴᠠᠭᠠᠪᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号