ᠰᠢᠨ᠎ᠡ ᠶᠢᠨ ᠪᠠᠷᠠᠭ᠎ᠠ ᠪᠠᠨ ᠪᠡᠯᠡᠳᠬᠡᠨ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2022/1/29
     ᠵᠢᠯ ᠴᠠᠭᠠᠨ ᠰᠠᠷ᠎ᠠ ᠤᠶᠢᠷᠠᠳᠤᠵᠦ  ᠪᠠᠶᠢᠭ᠎ᠠ ᠠᠴᠠ᠂ ᠬᠤᠰᠢᠭᠤᠨ ᠲᠦᠪ ᠪᠠᠯᠭᠠᠰᠤᠨ ᠤ ᠵᠡᠭᠡᠯᠢ ᠪᠠᠷ ᠠᠷᠠᠳ ᠤᠯᠠᠨ ᠵᠢᠯ ᠴᠠᠭᠠᠨ ᠰᠠᠷ᠎ᠠ ᠶᠢᠨ ᠪᠠᠷᠠᠭ᠎ᠠ ᠪᠠᠨ ᠪᠡᠯᠡᠳᠭᠡᠨ ᠶᠠᠭᠠᠷᠠᠯᠳᠤᠵᠦ᠂ ᠵᠠᠬ᠎ᠠ ᠵᠡᠭᠡᠯᠢ ᠪᠠᠷ ᠰᠢᠬᠢᠷ ᠪᠤᠤᠪᠤ᠂ ᠴᠠᠭᠠᠨ ᠢᠳᠡᠭᠡ᠂ ᠭᠡᠷ ᠤᠨ ᠡᠳ᠋ᠯᠡᠯ ᠴᠢᠮᠡᠭᠯᠡᠯ᠂ ᠬᠤᠪᠴᠠᠰᠤ ᠬᠤᠨᠠᠷ᠂ ᠬᠤᠤᠰ ᠤᠶᠠᠩᠭ᠎ᠠ ᠵᠡᠷᠭᠡ ᠵᠢᠯ ᠤᠨ ᠰᠤᠩᠭᠤᠨ ᠬᠤᠳᠠᠯᠳᠤᠨ ᠠᠪᠴᠠᠭᠠᠵᠠᠨ᠎ᠠ᠃      ᠡᠯ᠎ᠡ ᠬᠤᠳᠠᠯᠳᠤᠭ᠎ᠠ᠂ ᠬᠡᠳᠦ ᠲᠡᠯᠭᠡᠭᠦᠷ᠂ ᠬᠤᠪᠢ ᠶᠢᠨ ᠡᠵᠡᠩᠨᠡᠯᠳᠡ ᠶᠢᠨ ᠡᠷᠦᠬᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭ᠎ᠠ ᠬᠡᠷᠡᠭᠵᠢᠭᠦᠯᠵᠦ᠂ ᠲᠡᠯᠭᠡᠭᠦᠷ ᠲᠤ ᠤᠷᠤᠵᠦ ᠭᠠᠷᠬᠤ ᠬᠦᠮᠦᠰ ᠡᠷᠬᠡᠪᠰᠢ ᠪᠤᠭᠤᠳᠤ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠠᠭᠳᠠᠭᠠᠨ ᠤ ᠺᠤᠳ᠋ ᠢ ᠰᠢᠷᠪᠢᠵᠦ᠂ ᠤᠶᠤᠨᠳᠦ ᠭᠠᠷ ᠤᠳᠠᠰᠦ ᠬᠡᠷᠡᠭᠯᠡᠵᠦ ᠴᠢᠳᠠᠬᠤ ᠦᠭᠡᠢ ᠨᠠᠰᠤᠳᠠᠶᠢᠴᠤᠳ ᠨᠡᠷ᠎ᠡ᠂ ᠭᠡᠷ ᠤᠨ ᠬᠠᠶ᠋ᠢᠭ ᠢᠶᠠᠨ ᠲᠠᠭᠯᠠᠵᠦ᠂ ᠪᠡᠶ᠎ᠡ ᠶᠢᠨ ᠬᠠᠯᠠᠭᠤᠨ ᠢ ᠬᠡᠮᠵᠢᠨ᠂ ᠦᠷᠭᠡᠨ ᠤᠯᠠᠨ ᠬᠡᠷᠡᠭᠯᠡᠭᠴᠢᠳ ᠲᠤ ᠠᠮᠤᠷ ᠲᠦᠪᠰᠢᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠤᠷᠴᠢᠨ ᠲᠤᠭᠤᠷᠢᠨ ᠢ ᠬᠠᠩᠭᠠᠵᠦ᠂ ᠤᠯᠠᠨ ᠲᠦᠮᠡᠨ ᠤ ᠰᠡᠳᠬᠢᠯ ᠠᠮᠤᠷ ᠵᠢᠯ ᠴᠠᠭᠠᠨ  ᠰᠠᠷ᠎ᠠ ᠪᠠᠨ ᠦᠩᠭᠡᠷᠡᠭᠦᠯᠬᠦ ᠶᠢ ᠪᠠᠳᠤᠯᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号