ᠤᠯᠤᠰ ᠲᠦᠷᠦ ᠶᠢᠨ ᠵᠦᠪᠯᠡᠯᠯᠭᠡᠨ ᠤ ᠬᠡᠰᠢᠭᠦᠨ — ᠤᠳᠤᠨᠴᠢᠮᠡᠭ
ᠨᠡᠶᠢᠲᠡᠯᠡᠭᠰᠡᠨ ᠴᠠᠭ᠄
2022/1/5
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭ ᠠᠭᠤᠷ ᠤᠨ ᠲᠤᠪᠴᠢᠶᠠᠨ ᠤ ᠲᠠᠷᠤᠭ᠎ᠠ ᠤᠳᠤᠨᠴᠢᠮᠡᠭ ᠴᠠᠭ ᠠᠭᠤᠷ ᠤᠨ ᠪᠠᠶᠢᠳᠠᠯ ᠢ ᠪᠦᠬᠦ ᠬᠤᠰᠢᠭᠤᠨ ᠤ ᠦᠷᠭᠡᠨ ᠤᠯᠠᠨ ᠲᠦᠮᠡᠨ ᠳᠤ ᠲᠠᠷᠤᠢ ᠲᠦᠷᠭᠡᠨ ᠮᠡᠳᠡᠭᠡᠯᠡᠵᠦ ᠦᠭᠬᠦ ᠶᠢ ᠪᠠᠷᠢᠮᠳᠠᠯᠠᠨ  ᠂ ᠮᠤᠩᠭᠤᠯ ᠬᠡᠯᠡᠨ ᠤ ᠴᠠᠭ ᠠᠭᠤᠷ ᠤᠨ ᠮᠡᠳᠡᠭᠡ ᠭᠠᠷᠭᠠᠵᠦ ᠮᠠᠯᠴᠢᠨ ᠲᠦᠮᠡᠨ  ᠤ ᠬᠦᠯᠢᠶᠡᠵᠦ ᠠᠪᠬᠤ ᠳᠤ ᠲᠦᠬᠦᠮ ᠲᠦᠳᠡ ᠦᠵᠡᠭᠦᠯᠵᠦ᠂ ᠵᠢᠯ ᠪᠤᠯᠭᠠᠨ ᠤ ︽3.23 ᠤ ᠲᠡᠯᠡᠬᠡᠢ ᠶᠢᠨ ᠴᠠᠭ ᠠᠭᠤᠷ ᠤᠨ ᠡᠳᠦᠷ︾᠂ ︽5.12 ᠤ ᠭᠠᠮᠰᠢᠭ ᠢ ᠰᠡᠷᠭᠡᠶᠢᠯᠡᠬᠦ ᠡᠳᠦᠷ︾ ᠢᠶᠠᠷ ᠬᠤᠰᠢᠭᠤᠨ ᠤ ᠮᠤᠩᠭᠤᠯ ᠰᠤᠷᠭᠠᠭᠤᠯᠢ᠂ ᠬᠤᠶᠠᠳᠤᠭᠠᠷ ᠳᠤᠮᠳᠠᠳᠦ ᠰᠤᠷᠭᠠᠭᠤᠯᠢ ᠪᠠ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠴᠠᠭ ᠠᠭᠤᠷ ᠤᠨ ᠲᠤᠰᠬᠠᠢ ᠰᠡᠳᠦᠪᠳᠦ ᠲᠠᠶᠢᠯᠤᠮᠵᠢ ᠬᠢᠵᠦ᠂ ᠰᠤᠷᠤᠭᠴᠢᠳ ᠢ  ᠬᠠᠷᠠᠬᠠᠨ ᠪᠠᠭ᠎ᠠ ᠠᠴᠠ ᠨᠢ ᠴᠠᠭ ᠠᠭᠤᠷ  ᠤᠨ ᠪᠠᠶᠢᠳᠠᠯ ᠳᠤ ᠤᠶᠢᠯᠠᠭᠠᠭᠳᠠᠬᠤᠨ ᠲᠠᠢ ᠪᠤᠯᠭᠠᠳᠠᠭ ᠪᠠᠶᠢᠨ᠎ᠠ᠃
     ᠤᠳᠤᠨᠴᠢᠮᠡᠭ ᠨᠢᠭᠡᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠭᠰᠠᠨ ᠴᠠᠭ ᠠᠴᠠ ᠪᠠᠨ ᠣᠯᠠᠨ ᠲᠦᠮᠡᠨ ᠳᠤ ᠦᠢᠯᠡᠴᠢᠯᠡᠬᠦ ᠤᠪᠤᠷ ᠰᠤᠷᠳᠠᠯ ᠢᠶᠠᠨ ᠨᠡᠩ ᠲᠦᠪ ᠬᠢᠴᠢᠶᠡᠩᠭᠦᠢ ᠪᠤᠯᠭᠠᠵᠦ᠂ ᠲᠦᠷᠦ ᠳᠤ ᠤᠷᠤᠯᠴᠠᠵᠦ ᠲᠦᠷᠦ ᠶᠢᠨ ᠶᠠᠪᠤᠳᠠᠯ ᠢ ᠵᠦᠪᠯᠡᠬᠦ ᠡᠭᠦᠷᠭᠡ ᠬᠠᠷᠢᠭᠤᠴᠠᠯᠭ᠎ᠠ ᠪᠠᠨ ᠪᠡᠶᠡᠭᠦᠯᠦᠨ᠂ ᠬᠢᠯᠢ ᠬᠢᠵᠠᠭᠠᠷ ᠤᠷᠤᠨ ᠪᠠ ᠵᠢᠭᠤᠯᠴᠢᠯᠠᠯ ᠤᠨ ᠤᠷᠤᠨ ᠤ ᠴᠠᠭ ᠠᠭᠤᠷ ᠢ ᠠᠵᠢᠭᠯᠠᠨ ᠬᠡᠮᠵᠢᠬᠦ  ᠦᠷᠳᠡᠭᠡ ᠶᠢ ᠨᠡᠮᠡᠵᠦ ᠪᠠᠶᠢᠭᠤᠯᠬᠤ᠂ ᠪᠠᠳᠤᠬᠠᠭᠠᠯᠭ᠎ᠠ ᠶᠢᠨ ᠰᠠᠭᠤᠭᠠᠯᠢ ᠲᠤᠭᠤᠷᠢᠭ ᠤᠨ ᠭᠡᠷ ᠠᠬᠤᠢ ᠶᠢᠨ ᠬᠠᠮᠢᠶᠠᠷᠤᠯᠳᠠ ᠶᠢ ᠴᠢᠩᠭᠠᠳᠬᠠᠤ ᠪᠠ ᠰᠠᠭᠤᠭᠠᠯᠢ ᠲᠤᠭᠤᠷᠢᠭ ᠤᠨ  ᠬᠦᠷᠢᠶᠡᠨ ᠳᠠᠬᠢ ᠪᠡᠶ᠎ᠡ ᠮᠠᠬᠠᠪᠤᠳ ᠢ ᠴᠢᠬᠢᠷᠠᠭᠵᠢᠭᠤᠯᠬᠤ ᠲᠦᠬᠦᠭᠡᠷᠦᠮᠵᠢ ᠶᠢ ᠨᠡᠮᠡᠵᠦ ᠪᠠᠶᠢᠭᠤᠯᠬᠤ᠂ ᠰᠤᠷᠭᠠᠭᠤᠯᠢ ᠶᠢᠨ ᠤᠶᠢᠷ᠎ᠠ ᠤᠷᠴᠢᠮ ᠤᠨ ᠠᠮᠤᠷ ᠲᠦᠪᠰᠢᠨ ᠢ ᠪᠠᠳᠤᠯᠠᠬᠤ ᠵᠡᠷᠭᠡ ᠰᠠᠨᠠᠯ ᠰᠠᠨᠠᠭᠤᠯᠭ᠎ᠠ ᠶᠢ ᠲᠡᠪᠰᠢᠭᠦᠯᠵᠦ ᠬᠠᠨᠤᠮᠵᠢᠳᠠᠢ ᠬᠠᠷᠢᠭᠤᠯᠳᠠ ᠤᠯᠵᠦ ᠪᠠᠶᠢᠪᠠ᠃ ᠤᠳᠤᠨᠴᠢᠮᠡᠭ ᠪᠠᠰᠠ ᠬᠠᠯᠠᠮᠵᠢᠯᠠᠨ ᠲᠤᠰᠠᠯᠠᠬᠤ ᠠᠵᠢᠯ  ᠳᠤ ᠦᠷᠭᠦᠯᠵᠢ ᠤᠷᠤᠯᠴᠠᠨ᠂2018 ᠤᠨ ᠳᠤ ᠲᠠᠷᠬᠠᠨ ᠰᠤᠮᠤᠨ ᠤ ᠴᠠᠭᠠᠠᠠᠪᠤᠭ᠎ᠠ ᠭᠠᠴᠠᠭᠠᠨ ᠤ ᠰᠢᠬᠡᠰᠦᠨ ᠬᠤᠤᠷᠳᠠᠯ ᠳᠤ ᠨᠡᠷᠪᠡᠭᠳᠡᠭᠰᠡᠨ ᠡᠪᠡᠳᠴᠢᠳᠡᠨ ᠳᠤ ᠮᠢᠩᠭᠠᠨ ᠲᠦᠭᠦᠷᠢᠭ ᠬᠠᠨᠳᠢᠪᠯᠠᠭᠰᠠᠨ ᠢᠶᠠᠷ ᠪᠠᠷᠠᠬᠤ ᠦᠭᠡᠢ ᠤᠶᠢᠷ᠎ᠠ ᠬᠠᠪᠢ ᠶᠢᠨ ᠬᠦᠮᠦᠰ ᠢᠶᠠᠨ ᠲᠠᠶᠢᠴᠢᠯᠠᠵᠦ ᠲᠤᠯᠤᠭᠠᠨ ᠮᠢᠩᠭ᠎ᠠ ᠭᠠᠷᠤᠢ ᠲᠦᠭᠦᠷᠢᠭ ᠤᠨ ᠬᠠᠨᠳᠢᠪ ᠴᠤᠭᠯᠠᠭᠤᠯᠤᠨ ᠦᠭᠴᠦ ᠡᠪᠡᠳᠴᠢᠳᠡᠨ ᠢ ᠬᠠᠯᠠᠮᠵᠢᠯᠠᠵᠦ ᠪᠠᠶᠢᠪᠠ᠃ ᠡᠭᠦᠨ ᠢᠶᠠᠷ ᠪᠠᠷᠠᠬᠤ ᠦᠭᠡᠢ ᠡᠯ᠎ᠡ ᠰᠤᠷᠭᠠᠭᠤᠯᠢ ᠪᠠ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠬᠠᠨᠳᠢᠪ ᠡᠷᠭᠦᠭᠦ ᠪᠤᠶᠤ ᠵᠡᠮᠳᠡᠭ ᠪᠠᠭᠤᠷᠠᠶᠢᠴᠠᠤᠳ ᠢ ᠬᠠᠯᠠᠮᠵᠢᠯᠠᠨ ᠪᠤᠯᠭᠤᠭᠠᠵᠦ ᠨᠡᠶᠢᠭᠡᠮ ᠤᠨ ᠡᠶ᠎ᠡ ᠲᠤᠭᠳᠠᠭᠤᠨ ᠢ ᠡᠭᠦᠳᠬᠦ ᠳᠤ ᠬᠦᠴᠦ ᠪᠠᠨ ᠡᠷᠭᠦᠵᠦ ᠪᠠᠶᠢᠳᠠᠭ᠃
     ᠠᠵᠢᠯ ᠳᠤ ᠪᠠᠨ ᠬᠠᠷᠢᠭᠤᠴᠠᠯᠭ᠎ᠠ ᠲᠠᠢ᠂ ᠠᠷᠠᠳ ᠤᠯᠠᠨ ᠳᠤ ᠪᠠᠨ ᠲᠠᠭᠠᠰᠢᠶᠠᠯ ᠲᠠᠢ ᠤᠳᠤᠴᠢᠮᠡᠭ2011 ᠤᠨ ᠤ ᠴᠠᠭ ᠠᠭᠤᠷ ᠤᠨ ᠰᠠᠯᠠᠭᠠᠨ ᠤ ︽ᠪᠦᠬᠦ ᠤᠯᠤᠰ ᠤᠨ ᠰᠢᠯᠢᠳᠡᠭ ᠬᠡᠮᠵᠢᠨ ᠮᠡᠳᠡᠭᠦᠯᠦᠭᠴᠢ︾᠂2017 ᠤᠨ  ᠤ ᠪᠤᠭᠤᠳᠦ ᠬᠤᠳᠠ ᠶᠢᠨ ︽3.8 ᠤᠯᠠᠭᠠᠨ ᠲᠤᠭᠴᠢ︾  ᠂2020 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠰᠠᠯᠠᠭ᠎ᠠ ᠮᠦᠴᠢᠷ ᠤᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠡᠷᠢᠬᠦᠨ ᠤ ᠬᠤᠪᠢ ᠬᠦᠮᠦᠨ︾᠂2021 ᠤᠨ ᠤ ︽ᠲᠠᠷᠬᠠᠨ ᠮᠤᠤᠮᠢᠩᠭᠠᠨ ᠬᠤᠯᠪᠤᠭᠠᠳᠦ  ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ︾ ᠢᠶᠠᠷ ᠲᠤᠰ ᠲᠤᠰ ᠦᠨᠡᠯᠡᠭᠳᠡᠵᠦ᠂ ᠡᠩᠭᠡᠷ ᠲᠦᠭᠦᠷᠡᠩ ᠢᠷᠠᠭᠤ ᠠᠯᠳᠠᠷ ᠤᠨ ᠲᠡᠮᠳᠡᠭ ᠬᠢᠯᠠᠯᠵᠠᠭᠤᠯᠤᠭᠰᠠᠨ  ᠪᠠᠶᠢᠳᠠᠭ᠃
     ᠤᠳᠤᠨᠴᠢᠮᠡᠭ ᠴᠠᠭ ᠠᠭᠤᠷ ᠤᠨ ᠠᠵᠢᠯᠳᠠᠨ ᠪᠤᠯᠤᠭᠰᠠᠨ ᠤ  ᠬᠤᠪᠢ  ᠤᠯᠠᠮ ᠲᠦᠮᠡᠨ ᠳᠤ ᠨᠡᠩ ᠰᠠᠶᠢᠨ ᠦᠢᠯᠡᠴᠢᠯᠡᠵᠦ ᠴᠠᠭ ᠠᠭᠤᠷ ᠤᠨ ᠮᠡᠳᠡᠭᠡᠯᠡᠯ ᠤᠨ ᠰᠢᠨ᠎ᠡ ᠶᠢ ᠡᠭᠦᠳᠭᠦ ᠪᠠᠷ ᠴᠢᠷᠮᠠᠶᠢᠵᠦ᠂ ᠨᠢᠭᠡᠨ ᠤᠯᠤᠰ ᠲᠦᠷᠦ  ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠪᠠᠳᠤ ᠴᠠᠭᠡᠵᠢᠯᠡᠨ ᠤᠯᠠᠨ ᠲᠦᠮᠡᠨ ᠳᠤ ᠠᠰᠢᠭ ᠲᠤᠰᠠ ᠲᠠᠢ ᠰᠠᠨᠠᠯ ᠲᠤᠷᠠᠳᠤᠯᠭ᠎ᠠ ᠪᠠᠨ ᠲᠡᠪᠰᠢᠭᠦᠯᠦᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠦ᠂ ᠤᠯᠠᠨ ᠳᠤ ᠪᠠᠨ ᠬᠦᠷᠢᠶᠡᠯᠡᠯ ᠲᠠᠢ ᠰᠢᠯᠢᠳᠡᠭ ᠬᠡᠰᠢᠬᠦᠨ ᠪᠤᠯᠬᠤ ᠪᠠᠷ ᠦᠷᠭᠦᠯᠵᠢᠯᠡᠨ  ᠴᠢᠷᠮᠠᠶᠢᠨ ᠠᠵᠢᠯᠯᠠᠭᠰᠠᠭᠠᠷ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号