ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠤᠭᠤᠳᠬᠤ ᠭᠠᠵᠠᠷ70 ᠳ᠋ᠤᠭᠠᠷ ᠣᠳᠠᠭᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/10/12
      10 ᠰᠠᠷ᠎ᠠ ᠶᠢᠨ11 ᠤ ᠤᠷᠤᠢ᠂ ᠪᠦᠬᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠲᠠᠷᠠᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ70 ᠳ᠋ᠤᠭᠠᠷ ᠣᠳᠠᠭᠠᠨ ᠤ ᠬᠤᠷᠠᠯ ᠬᠤᠷᠠᠯᠳᠤᠭᠤᠯᠵᠦ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨᠳᠠ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠬᠤᠶᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ᠂ ᠬᠤᠳᠠ ᠶᠢᠨ ᠨᠠᠢᠮᠠᠳᠤᠭᠠᠷ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠤᠨ ᠲᠡᠳ᠋ ᠲᠠᠷᠤᠭ᠎ᠠ ᠮᠠᠨᠳᠠ᠂ ᠬᠤᠰᠢᠭᠤᠨ ᠤ ᠠᠷᠠᠳ ᠤᠨ ᠲᠦᠯᠦᠭᠡᠩᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠦᠩ ᠬᠤᠸᠠ ᠬᠤᠷᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ  ᠤ ᠲᠡᠳ᠋ ᠱᠦᠵᠢ᠂ ᠬᠤᠰᠢᠭᠤ ᠲᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠢ ᠵᠢᠯᠤᠭᠤᠳᠤᠭᠴᠢ ᠱᠢ ᠵᠦᠩ ᠴᠢᠨ ᠬᠤᠷᠠᠯ ᠡᠷᠬᠢᠯᠡᠪᠡ᠃      ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠳᠤ ᠡᠯ᠎ᠠ ᠰᠠᠯᠠᠭ᠎ᠠ ᠮᠦᠴᠢᠷ ᠤᠨ ᠬᠢᠨ ᠢᠳᠡᠭᠡᠯ ᠵᠤᠷᠢᠭ ᠢᠶᠠᠨ ᠪᠠᠳᠤᠳᠬᠠᠵᠦ᠂ ᠨᠠᠷᠢᠨ ᠵᠦᠢᠯᠡᠰ ᠢ ᠠᠳᠬᠤᠨ᠂ ᠵᠠᠮ ᠬᠠᠷᠢᠯᠴᠠᠭᠠᠨ ᠤ ᠬᠤᠷᠢᠭ᠎ᠠ ᠪᠤᠭᠤᠮᠳᠠ ᠶᠢ ᠬᠠᠮᠢᠶᠠᠷᠤᠨ ᠡᠵᠡᠮᠳᠡᠬᠦ᠂ ᠰᠠᠭᠤᠭᠠᠯᠢ ᠲᠤᠭᠤᠷᠢᠭ ᠢ ᠬᠠᠮᠢᠶᠠᠷᠬᠤ᠂ ᠠᠷᠢᠭᠤᠳᠬᠠᠨ ᠠᠷᠢᠯᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠭᠡᠯ ᠢ ᠦᠨᠡᠨᠬᠦ ᠪᠠᠬᠢᠵᠢᠭᠦᠯᠬᠦ ᠬᠡᠷᠡᠭᠳᠡᠢ᠃ ᠪᠤᠭᠤᠮᠳᠠ ᠶᠢᠨ ᠪᠠᠷᠠᠭᠠᠨ ᠤ ᠲᠡᠷᠭᠡ ᠶᠢᠨ ᠵᠢᠯᠤᠭᠤᠴᠢ ᠵᠡᠷᠭᠡ ᠭᠤᠤᠯᠳᠠᠯᠭ᠎ᠠ ᠲᠠᠢ ᠬᠦᠮᠦᠰ  ᠤᠨ ᠪᠦᠬᠦ ᠶᠠᠪᠤᠴᠠ ᠶᠢᠨ ᠪᠢᠳᠦᠭᠦᠮᠵᠢᠯᠡᠭᠰᠡᠨ ᠬᠠᠮᠢᠶᠠᠷᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠪᠤᠭᠤᠮᠳᠠ  ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠭᠤᠮᠳᠠ ᠪᠠᠷ ᠦᠩᠭᠡᠷᠡᠬᠦ ᠪᠠᠷᠠᠭᠠᠨ ᠤ ᠠᠮᠤᠷ ᠲᠦᠪᠰᠢᠨ ᠢᠯᠭᠤᠮ ᠤᠷᠤᠭᠰᠢᠳᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ᠃ ᠠᠵᠦ ᠠᠬᠤᠶᠢᠯᠠᠯ ᠤᠨ ᠪᠢᠳᠡᠭᠦᠮᠵᠢᠯᠡᠭᠰᠡᠨ ᠬᠠᠮᠢᠶᠠᠷᠤᠯᠳᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠢᠵᠢᠭ ᠤᠨ ᠰᠡᠷᠭᠡᠶᠢᠯᠡᠯᠳᠡ ᠪᠠ ᠦᠢᠯᠡᠳᠪᠦᠷᠢᠯᠡᠯ ︽ᠬᠤᠶᠠᠷ ᠢ ᠰᠠᠭᠠᠳᠠᠭᠠᠬᠤ ᠦᠬᠡᠢ︾ ᠪᠠᠶᠢᠬᠤ ᠶᠢ ᠪᠡᠶᠡᠯᠡᠭᠦᠯᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠪᠡᠭᠴᠢ ᠶᠢ ᠢᠯᠡᠴᠢᠯᠡᠨ ᠮᠡᠳᠡᠬᠦᠯᠬᠦ ᠶᠢ ᠱᠠᠩᠨᠠᠬᠤ ᠲᠦᠷᠢᠮ ᠢ ᠬᠡᠷᠡᠭᠵᠢᠭᠦᠯᠵᠦ᠂ ᠤᠯᠠᠨ ᠲᠦᠮᠡᠨ ᠤ ᠤᠷᠤᠯᠴᠠᠬᠤ ᠢᠳᠡᠪᠬᠢᠵᠢᠯ ᠢ ᠲᠠᠶᠢᠴᠢᠯᠠᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠶᠢ ᠪᠡᠶᠡᠯᠡᠭᠦᠯᠬᠦ ᠬᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠨᠢ ᠸᠢᠳᠤ᠋ ᠶᠢᠨ ᠬᠡᠯᠪᠡᠷᠢ ᠪᠠᠷ ᠶᠠᠪᠤᠭᠳᠠᠵᠦ᠂ ᠬᠤᠳᠠ ᠶᠢᠨ ᠨᠠᠢᠮᠠᠳᠤᠭᠠᠷ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠭᠦᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠡᠳ᠋ ᠶᠡᠷᠦᠩᠭᠡᠢ ᠵᠢᠯᠤᠭᠤᠳᠤᠭᠴᠢ᠂ ᠡᠯ᠎ᠡ ᠲᠤᠰᠬᠠᠢ ᠠᠵᠢᠯ  ᠤᠨ ᠲᠤᠭᠤᠶᠢᠯᠠᠩ ᠤᠨ ᠲᠠᠷᠤᠭ᠎ᠠ ᠵᠢᠴᠢ ᠰᠤᠮᠤ ᠰᠢᠶᠠᠩ ᠪᠠᠯᠭᠠᠰᠤ᠂ ᠰᠠᠯᠠᠭ᠎ᠠ ᠮᠦᠴᠢᠷ ᠨᠢᠭᠡᠴᠡ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号