ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠭᠤᠤᠯᠳᠠᠯᠭᠠᠳᠦ ᠲᠤᠭᠤᠷᠢᠭ ᠤᠨ ᠬᠦᠮᠦᠰ ᠤᠨ ᠪᠦᠭᠡᠮ ᠬᠦᠴᠢᠯ ᠤᠨ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2022/10/14
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠳᠠᠢ ᠰᠠᠶᠢᠳᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠡᠷᠭᠡᠶᠢᠯᠡᠨ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠪᠠ ᠠᠮᠢ ᠨᠠᠰᠤ ᠡᠷᠡᠭᠦᠯ ᠮᠡᠨᠳᠦ  ᠶᠢᠨ ᠠᠮᠤᠷ ᠲᠦᠪᠰᠢᠨ ᠢ ᠨᠡᠩ ᠰᠠᠶᠢᠳᠤᠷ ᠪᠠᠳᠤᠯᠠᠬᠤ ᠶᠢᠨ ᠲᠦᠯᠦᠭᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ10 ᠰᠠᠷ᠎ᠠ ᠶᠢᠨ14 ᠤ ᠦᠳᠡ ᠶᠢᠨ ᠡᠮᠦᠨ᠎ᠡ ᠪᠠᠳᠤᠬᠠᠭᠠᠯᠭ᠎ᠠ ᠪᠠᠯᠭᠠᠰᠤ᠂ ᠪᠠᠷᠠᠭᠤᠨ ᠠᠵᠦ ᠦᠢᠯᠡᠳᠪᠦᠷᠢ  ᠶᠢᠨ ᠬᠦᠷᠢᠶᠡᠯᠡᠩ ᠵᠡᠷᠭᠡ ᠭᠤᠤᠯᠳᠠᠯᠭᠠᠳᠦ ᠲᠤᠭᠤᠷᠢᠭ ᠤᠨ ᠰᠠᠭᠤᠭᠠᠯᠢ ᠠᠷᠠᠳ ᠲᠤ ᠪᠦᠭᠡᠮ ᠬᠦᠴᠢᠯ ᠤᠨ ᠪᠠᠶᠢᠴᠠᠭᠠᠯᠳᠠ ᠬᠢᠭᠰᠡᠨ ᠪᠠᠶᠢᠨ᠎ᠠ᠃
微信图片_20221018105947.png
      ᠦᠷᠯᠦᠭᠡ ᠡᠷᠳᠡ ᠪᠦᠬᠦ ᠠᠵᠢᠯᠳᠠᠳ ᠲᠤᠭᠳᠠᠭᠰᠠᠨ ᠴᠠᠭ ᠲᠤ ᠪᠠᠨ ᠠᠵᠢᠯ ᠤᠨ ᠪᠠᠶᠢᠷᠢ ᠳᠤ ᠪᠠᠨ ᠬᠦᠷᠴᠦ ᠠᠵᠢᠯ ᠢᠶᠠᠨ ᠡᠬᠢᠯᠡᠭᠦᠯᠦᠨ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠨᠢᠬᠡ ᠮᠧᠲᠷ ᠤᠨ ᠵᠠᠢ ᠲᠠᠢ ᠮᠦᠷᠯᠡᠨ ᠵᠤᠭᠰᠤᠵᠦ ᠡᠷᠡᠭᠦᠯ ᠮᠡᠨᠳᠦ ᠶᠢᠨ ᠺᠤᠳ᠋ ᠢᠶᠠᠨ ᠦᠵᠡᠭᠦᠯᠦᠨ ᠪᠦᠬᠦᠶᠢᠯᠡ ᠶᠠᠪᠤᠴᠠ ᠡᠮᠬᠢ ᠵᠢᠷᠤᠮ ᠲᠠᠢ ᠪᠦᠭᠡᠳ ᠲᠦᠷᠭᠡᠨ ᠶᠠᠪᠤᠭᠳᠠᠭᠰᠠᠨ ᠨᠢ ᠡᠮᠴᠢ ᠰᠤᠪᠢᠯᠠᠭᠴᠢ ᠵᠢᠴᠢ ᠲᠤᠬᠠᠢ ᠶᠢᠨ ᠠᠵᠢᠯᠳᠠᠳ ᠪᠠ ᠦᠷᠭᠡᠨ ᠤᠯᠠᠨ ᠠᠷᠠᠳ ᠲᠦᠮᠡᠨ ᠤ ᠲᠡᠭᠡᠳᠦ ᠬᠡᠮᠵᠢᠶᠡᠨ ᠤ ᠬᠠᠷᠢᠭᠴᠠᠯᠭᠠᠳᠦ ᠤᠪᠤᠷ ᠢ ᠢᠯᠡᠷᠡᠭᠦᠯᠦᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号