ᠮᠠᠨᠳᠤᠯ ᠪᠠᠯᠭᠠᠰᠤ ᠡᠪᠡᠰᠦ ᠪᠤᠷᠳᠤᠭ᠎ᠠ ᠶᠢ ᠰᠠᠭᠠᠳ ᠦᠭᠡᠢ ᠨᠡᠪᠳᠡᠷᠡᠭᠦᠯᠵᠦ ᠮᠠᠯᠴᠢᠨ ᠲᠦᠮᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/10/27
      ᠣᠳᠤᠬᠠᠨ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠴᠠᠭᠠᠢ ᠴᠠᠭ ᠦᠶ᠎ᠡ ᠮᠦᠨ᠂10 ᠰᠠᠷ᠎ᠠ  ᠶᠢᠨ22 ᠤᠨ ᠡᠳᠦᠷ ᠮᠠᠨᠳᠤᠯ ᠪᠠᠯᠭᠠᠰᠤᠨ ᠤ ᠵᠠᠰᠠᠭ ᠤᠨ ᠤᠷᠳᠤᠨ ᠬᠤᠰᠢᠭᠤᠨ ᠤ ᠲᠠᠷᠢᠶᠠᠯᠠᠩ ᠮᠠᠯ ᠠᠵᠦ ᠠᠬᠤᠢ  ᠶᠢᠨ ᠲᠤᠪᠴᠢᠶ᠎ᠠ ᠲᠠᠢ ᠬᠠᠮᠵᠢᠯᠴᠠᠨ ᠡᠪᠡᠰᠦ ᠪᠤᠷᠳᠤᠭ᠎ᠠ ᠵᠦᠭᠡᠭᠡᠪᠦᠷᠢᠯᠡᠬᠦ ᠮᠠᠰᠢᠨ ᠲᠡᠷᠭᠡᠨ ᠳᠤ ᠰᠠᠭᠠᠳ ᠦᠭᠡᠢ ᠨᠡᠪᠳᠡᠷᠡᠬᠦ ᠦᠨᠡᠮᠡᠯ ᠤᠯᠭᠤᠵᠦ᠂ ᠡᠪᠡᠰᠦ ᠪᠤᠷᠳᠤᠭ᠎ᠠ ᠵᠦᠭᠡᠭᠡᠪᠦᠷᠢᠯᠡᠬᠦ ︽ᠰᠠᠭᠠᠳ ᠦᠭᠡᠢ ᠵᠠᠮ︾ ᠢ ᠨᠡᠪᠳᠡᠷᠡᠭᠦᠯᠵᠦ᠂ ᠮᠠᠯᠢᠴᠨ ᠲᠦᠮᠡᠨ ᠤ ᠡᠪᠡᠰᠦ ᠪᠤᠷᠳᠤᠭ᠎ᠠ ᠨᠦᠬᠡᠴᠡᠯᠡᠬᠦ ᠪᠤᠳᠠᠳᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠳᠤᠯᠠᠵᠦ᠂ ᠮᠠᠯᠴᠢᠳ ᠲᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠤ ᠶᠢᠨ ᠲᠦᠯᠦᠭᠡ ᠮᠠᠨᠳᠤᠯ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠢᠳᠡᠪᠬᠢᠳᠡᠢ ᠠᠷᠭ᠎ᠠ ᠬᠡᠮᠵᠢᠶ᠎ᠡ ᠠᠪᠬᠤ ᠶᠢᠨ ᠬᠠᠮᠳᠦ᠂ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠲᠠᠢ ᠬᠠᠷᠢᠯᠴᠠᠨ ᠬᠠᠪᠰᠤᠯᠭ᠎ᠠ ᠭᠤᠶᠤᠴᠢᠯᠠᠵᠦ᠂ ᠮᠠᠯᠢᠴᠳ ᠤᠨ ᠠᠪᠤᠭᠰᠠᠨ ᠡᠪᠡᠰᠦ ᠪᠤᠷᠳᠤᠭ᠎ᠠ ᠶᠢ ᠴᠠᠭ ᠲᠤᠬᠠᠢ ᠳᠤᠨᠢ ᠵᠦᠭᠡᠭᠡᠪᠦᠷᠢᠯᠡᠨ᠂ ᠮᠠᠯᠴᠢᠳ ᠲᠤ ᠲᠤᠯᠭᠠᠷᠠᠭᠰᠠᠨ ᠪᠤᠳᠠᠳᠠᠢ ᠬᠦᠴᠢᠷᠳᠡᠯ ᠢ ᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠠᠳ ᠤᠨ ᠠᠮᠢᠳᠤᠷᠠᠯ ᠢ ᠪᠠᠳᠤᠯᠠᠬᠤ ᠶᠢ ᠵᠡᠷᠭᠡᠪᠡᠷ ᠠᠳᠬᠤᠨ᠂ ᠮᠠᠯᠴᠢᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠪᠠᠳᠤᠯᠠᠵᠦ ᠪᠠᠶᠢᠨ᠎ᠠ᠃ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号