ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠬᠢᠵᠢᠭ ᠦᠭᠡᠢ ᠰᠠᠭᠤᠭᠠᠯᠢ ᠲᠤᠭᠤᠷᠢᠭ︾ ᠢ ᠪᠦᠬᠦ ᠬᠦᠴᠦᠨ ᠢᠶᠠᠷ ᠢᠶᠠᠨ ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2022/10/28
      ᠦᠨᠳᠦᠰᠦᠨ ᠱᠠᠳᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠳᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠬᠦ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠢᠳᠡᠪᠬᠢᠳᠡᠢ ᠪᠠᠶᠢᠷᠢᠯᠠᠭᠤᠯᠵᠦ᠂ ᠲᠤᠰᠬᠤᠨ᠂ ᠨᠡᠶᠢᠭᠡᠮ ᠲᠤᠭᠤᠷᠢᠭ ᠪᠤᠯᠤᠨ ᠰᠠᠭᠤᠭᠠᠯᠢ ᠲᠤᠭᠤᠷᠢᠭ ᠵᠡᠷᠭᠡ ᠦᠨᠳᠦᠰᠦᠨ ᠱᠠᠳᠤᠨ ᠤ ᠤᠯᠠᠨ ᠲᠠᠯ᠎ᠠ ᠶᠢᠨ ᠬᠦᠴᠦᠨ ᠢ ᠲᠠᠶᠢᠴᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠴᠦᠰ ᠤᠨ ᠨᠢᠭᠡ ᠺᠢᠯᠤᠮᠧᠲᠷ︾ ᠢ ᠪᠠᠳᠤ ᠰᠠᠬᠢᠵᠦ᠂ ︽ᠬᠢᠵᠢᠭ ᠦᠭᠡᠢ ᠰᠠᠭᠤᠭᠠᠯᠢ ᠲᠤᠭᠤᠷᠢᠭ︾ ᠢ ᠢᠳᠡᠪᠬᠢᠳᠡᠢ ᠪᠠᠶᠢᠭᠤᠯᠵᠦ ᠪᠠᠶᠢᠨ᠎ᠠ᠃
微信图片_20221028090304.jpg     
      ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠤᠨ ᠬᠢᠨ ᠨᠠᠮ ᠤᠨ ᠪᠠᠶᠢᠭᠤᠯᠤᠯᠳᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠡᠰᠢᠬᠦᠨ ᠺᠠᠳ᠋ᠷ ᠲᠦᠷᠦᠭᠦᠯᠡᠨ᠂ ᠲᠦᠷᠢᠮ ᠤᠨ ᠬᠠᠷᠢᠭᠤᠴᠠᠯᠭ᠎ᠠ ᠪᠠᠨ ᠲᠤᠳᠤᠷᠬᠠᠶᠢᠯᠠᠵᠦ᠂ ᠬᠢᠵᠢᠭ ᠢ ᠰᠡᠷᠭᠡᠶᠢᠯᠡᠬᠦ ᠦᠷ᠎ᠡ ᠪᠦᠳᠦᠭᠡᠯ ᠢ ᠤᠯᠠᠮ ᠪᠠᠳᠤᠵᠢᠭᠤᠯᠵᠦ᠂ ᠡᠯ᠎ᠡ ᠵᠦᠢᠯ ᠤᠨ ᠨᠠᠷᠢᠨ ᠨᠢᠮᠪᠡᠢ ᠦᠢᠯᠡᠴᠢᠯᠡᠭᠡ ᠬᠠᠩᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠠᠵᠢᠯ ᠢ ᠬᠢᠨᠠᠮᠠᠭᠠᠢ ᠰᠠᠶᠢᠳᠤᠷ ᠬᠢᠵᠦ ᠪᠠᠶᠢᠨ᠎ᠠ᠃ ᠨᠡᠩ ᠢᠯᠠᠩᠭᠤᠶ᠎ᠠ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠦ᠂ ︽ᠬᠢᠵᠢᠭ ᠦᠭᠡᠢ ᠰᠠᠭᠤᠭᠠᠯᠢ ᠲᠤᠭᠤᠷᠢᠭ︾ ᠤᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠠᠷᠭ᠎ᠠ ᠪᠠᠷᠢᠯ ᠢᠶᠠᠷ ᠲᠠᠮᠵᠢᠭᠤᠯᠤᠨ᠂ ᠪᠦᠬᠦ ᠰᠠᠭᠤᠭᠠᠯᠢ ᠠᠷᠠᠳ ᠢ ᠬᠦᠳᠦᠯᠦᠨ ᠵᠢᠯᠤᠭᠤᠳᠤᠭᠰᠠᠨ ᠠᠴᠠ ᠨᠡᠶᠢᠭᠡᠮ ᠲᠤᠭᠤᠷᠢᠭ ᠤᠨ ᠠᠵᠢᠯᠳᠠᠳ ᠪᠠ ᠰᠠᠶᠢᠨ ᠲᠤᠷ᠎ᠠ ᠶᠢᠨ ᠦᠢᠯᠡᠴᠢᠯᠡᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠦᠭᠡᠨ ᠬᠦᠴᠢᠯ ᠤᠨ ᠪᠠᠶᠢᠴᠠᠭᠠᠯᠳᠠ ᠳᠤ ᠬᠠᠮᠵᠢᠯᠴᠠᠬᠤ᠂ ᠡᠳᠦᠷ ᠲᠤᠳᠤᠮ ᠤᠨ ᠰᠡᠷᠭᠡᠶᠢᠯᠡᠨ ᠬᠠᠮᠠᠭᠠᠯᠠᠯᠳᠠ ᠵᠡᠷᠭᠡ ᠠᠵᠢᠯ ᠳᠤ ᠢᠳᠡᠪᠬᠢᠳᠡᠢ ᠬᠠᠮᠵᠢᠯᠴᠠᠭᠰᠠᠨ ᠪᠠᠶᠢᠨ᠎ᠠ᠃ ᠤᠶᠢᠯᠠᠭᠠᠭᠰᠠᠨ ᠢᠶᠠᠷ᠃ ᠲᠤᠯᠠᠭᠠᠨ ᠭᠡᠷ ᠰᠠᠭᠤᠭᠠᠯᠢ ᠠᠷᠠᠳ ᠤᠨ ᠲᠤᠭᠤᠷᠢᠭ ᠲᠤ ᠨᠡᠶᠢᠳᠡ1691 ᠡᠷᠦᠬᠡ2691 ᠬᠦᠮᠦᠨ ᠰᠠᠭᠤᠵᠦ ᠪᠠᠶᠢᠨ᠎ᠠ᠃ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠳᠡᠢ ᠠᠷᠭ᠎ᠠ ᠬᠡᠮᠵᠢᠶ᠎ᠡ ᠠᠪᠤᠭᠰᠠᠨ ᠠᠴᠠ ᠪᠦᠬᠦ ᠬᠤᠳᠠ ᠶᠢᠨ ᠠᠩᠬᠠᠨ ᠤ ᠪᠦᠯᠦᠭ ︽ᠬᠢᠵᠢᠭ ᠦᠭᠡᠢ ᠰᠠᠭᠤᠭᠠᠯᠢ ᠲᠤᠭᠤᠷᠢᠭ︾ ᠢᠶᠠᠷ ᠦᠨᠡᠯᠡᠭᠳᠡᠭᠰᠡᠨ ᠪᠠᠶᠢᠨ᠎ᠠ᠃
微信图片_20221028090311.jpg     
      ᠯᠦ ᠮᠢᠩ ᠰᠠᠭᠤᠭᠠᠯᠢ ᠲᠤᠭᠤᠷᠢᠭ ᠲᠤ ᠨᠡᠶᠢᠭᠡᠮ ᠲᠤᠭᠤᠷᠢᠭ ᠤᠨ ᠠᠵᠢᠯᠳᠠᠳ ᠨᠠᠮ ᠤᠨ ᠪᠠᠶᠢᠭᠤᠯᠤᠯᠳᠠ ᠪᠠᠷ ︽ᠬᠢᠵᠢᠭ ᠦᠬᠡᠢ ᠰᠠᠭᠤᠭᠠᠯᠢ ᠲᠤᠭᠤᠷᠢᠭ︾ ᠢ ᠡᠭᠦᠳᠦᠨ ᠪᠠᠶᠢᠭᠤᠯᠬᠤ ᠠᠵᠢᠯ ᠢ ᠬᠦᠳᠦᠯᠦᠨ ᠲᠠᠭᠠᠭᠤᠯᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠪᠠᠷᠢᠮᠳᠠᠯᠠᠨ᠂ ᠨᠡᠶᠢᠭᠡᠮ ᠲᠤᠭᠤᠷᠢᠭ ᠤᠨ ᠠᠵᠢᠯᠳᠠᠳ᠂ ᠨᠠᠮ ᠤᠨ ᠬᠡᠰᠢᠭᠦᠨ᠂ ᠰᠠᠶᠢᠨ ᠲᠤᠷ᠎ᠠ ᠶᠢᠨ ᠦᠢᠯᠡᠴᠢᠯᠡᠭᠴᠢᠳ ︽ᠬᠢᠵᠢᠭ ᠦᠭᠡᠢ ᠰᠠᠭᠤᠭᠠᠯᠢ ᠲᠤᠭᠤᠷᠢᠭ︾ ᠤᠨ ᠪᠦᠳᠦᠬᠡᠨ ᠪᠠᠶᠢᠭᠤᠯᠤᠯᠳᠠ  ᠳᠤ ᠬᠠᠮᠳᠦ ᠪᠠᠷ ᠤᠷᠤᠯᠴᠠᠵᠦ᠂ ︽ᠰᠦᠯᠵᠢᠶᠡᠨ ᠤ ᠸᠢᠴᠠᠲ ᠤᠨ ᠴᠤᠭᠯᠠᠷᠠᠯ︾᠂ ︽ᠵᠠᠷᠯᠠᠯ ᠨᠠᠭᠠᠬᠤ︾᠂ ︽ᠬᠦᠨᠳᠡᠯᠡᠨ ᠪᠢᠴᠢᠭᠡᠰᠦ ᠨᠠᠭᠠᠬᠤ︾ ︽ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ︾ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠭᠤᠯᠤᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠨᠡᠶᠢᠳᠡᠯᠡᠵᠦ᠂ ᠤᠯᠠᠨ ᠲᠦᠮᠡᠨ ᠢ ᠬᠦᠳᠦᠯᠦᠨ ᠵᠢᠯᠤᠭᠤᠳᠴᠦ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠢ ᠤᠯᠠᠮ ᠲᠡᠭᠡᠭᠰᠢᠯᠡᠭᠦᠯᠵᠦ᠂ ᠦᠯᠵᠡᠶᠢᠳᠤᠬᠤᠢ ᠵᠡᠭᠡᠯᠢ ᠶᠢᠨ ᠨᠡᠶᠢᠭᠡᠮ ᠲᠤᠭᠤᠷᠢᠭ  ᠤᠨ ᠨᠠᠮ ᠤᠨ ᠶᠡᠷᠦᠩᠭᠡᠢ ᠡᠭᠦᠷ ᠨᠢ ᠠᠳᠠᠯ ᠠᠬᠤᠢ ᠶᠢᠨ ᠨᠢᠭᠡᠴᠡ᠂ ᠰᠠᠭᠤᠭᠠᠯᠢ ᠲᠤᠭᠤᠷᠢᠭ ᠲᠤ ᠰᠠᠭᠤᠭ᠎ᠠ ᠪᠠᠶᠢᠭᠤᠯᠭ᠎ᠠ ᠶᠢᠨ ᠺᠠᠳ᠋ᠷ ᠤᠯᠠᠨ ᠲᠦᠮᠡᠨ ᠤ ᠬᠦᠴᠦᠳᠡᠢ ᠲᠡᠮᠵᠢᠯᠭᠡ ᠪᠠ ᠬᠠᠮᠵᠢᠯᠴᠠᠭ᠎ᠠ ᠤᠯᠠᠨ ᠲᠠᠯ᠎ᠠ ᠶᠢᠨ ᠬᠦᠴᠦᠨ  ᠢ ᠨᠢᠠᠠᠳᠠᠷᠠᠭᠤᠯᠵᠦ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠦ ᠪᠠᠶᠢᠨ᠎ᠠ᠃      ︽ᠬᠢᠵᠢᠭ ᠦᠭᠡᠢ ᠰᠠᠭᠤᠭᠠᠯᠢ ᠲᠤᠭᠤᠷᠢᠭ︾ ᠢ ᠡᠭᠦᠳᠡᠨ ᠪᠠᠶᠢᠭᠤᠯᠬᠤ ᠳᠤ ᠬᠦᠮᠦᠨ ᠪᠦᠬᠦᠨ ᠤᠷᠤᠯᠴᠠᠵᠦ᠂ ᠬᠦᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠪᠡᠯ ᠰᠠᠶ᠋ᠢ ᠬᠦᠮᠦᠨ ᠪᠦᠬᠦᠨ ᠠᠰᠢᠭ ᠬᠦᠷᠳᠡᠵᠦ ᠴᠢᠳᠠᠨ᠎ᠠ᠃ ᠪᠢᠳᠡ ᠪᠦᠬᠦᠨ ᠬᠠᠮᠳᠦ ᠪᠠᠷ ᠬᠠᠷᠢᠶᠠᠳᠦ ᠲᠤᠭᠤᠷᠢᠭ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠪᠠᠨ ᠪᠠᠳᠤ ᠴᠤᠭᠴᠠᠯᠠᠬᠤ ᠪᠠᠷ ᠴᠢᠷᠮᠠᠶᠢᠵᠠᠭᠠᠶ᠎ᠠ᠃
微信图片_20221028090334.jpg
微信图片_20221028090328.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号