ᠲᠤᠰᠬᠠᠢ ᠮᠡᠷᠭᠡᠵᠢᠯᠳᠡᠳ ᠤᠨ ᠶᠡᠭᠡ ᠰᠣᠷᠭᠠᠭᠤᠯᠢ ᠶᠢᠨ ᠰᠤᠷᠤᠭᠴᠢᠳ ᠨᠤᠳᠤᠭ ᠲᠠᠭᠠᠨ ᠪᠤᠴᠠᠬᠤ ᠬᠠᠮᠠᠭᠠᠯᠠᠯᠳᠠ ᠶᠢ ᠬᠡᠷᠬᠢᠨ ᠬᠢᠬᠦ ᠲᠤᠬᠠᠢ ᠵᠦᠪᠯᠡᠯᠭᠡ
ᠨᠡᠶᠢᠲᠡᠯᠡᠭᠰᠡᠨ ᠴᠠᠭ᠄
2022/10/28
      10 ᠳ᠋ᠤᠭᠠᠷ ᠰᠠᠷ᠎ᠠ ᠶᠢᠨ27 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠵᠤᠬᠢᠶᠠᠨ ᠪᠠᠶᠢᠭᠤᠯᠤᠭᠰᠠᠨ ᠤᠮᠠᠷᠠᠳᠦ ᠬᠢᠯᠢ ᠶᠢᠨ ᠰᠤᠷᠭᠠᠨ ᠬᠦᠮᠦᠵᠢᠯ ᠤᠨ ᠬᠢᠴᠢᠶᠡᠯ  ᠤᠨ ᠲᠠᠩᠭᠢᠮ ᠠᠴᠠ ︽ᠤᠶᠤᠳᠠᠳ ᠤᠨ ᠨᠤᠳᠤᠭ ᠲᠠᠭᠠᠨ ᠪᠤᠴᠠᠬᠤ ᠵᠠᠮ ᠳᠠᠬᠢ ᠬᠤᠪᠢ ᠬᠦᠮᠦᠨ ᠤ ᠬᠠᠮᠠᠭᠠᠯᠠᠯᠳᠠ  ᠶᠢᠨ ᠮᠡᠳᠡᠯᠭᠡ ᠶᠢᠨ ᠲᠤᠬᠠᠢ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠰᠡᠳᠦᠪᠳᠦ ᠪᠤᠯᠪᠠᠰᠤᠷᠠᠯ ᠡᠷᠬᠢᠯᠡᠭᠰᠡᠨ ᠪᠠᠶᠢᠨ᠎ᠠ᠃      ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠲᠡᠭᠡᠳᠦ ᠰᠤᠷᠭᠠᠭᠤᠯᠢ ᠶᠢᠨ ᠯᠢᠦ ᠶᠠᠨ ᠴᠤᠤ ᠪᠠᠭᠰᠢ ᠶᠢ ᠤᠷᠢᠵᠦ ᠨᠤᠳᠤᠭ ᠲᠠᠭᠠᠨ ᠪᠤᠴᠠᠬᠤ ᠤᠶᠤᠳᠠᠳ ᠲᠤ ᠬᠤᠪᠢ ᠬᠦᠮᠦᠨ ᠤ ᠬᠠᠮᠠᠭᠠᠯᠠᠯᠳᠠ ᠶᠢᠨ ᠶᠡᠷᠦ ᠶᠢᠨ ᠮᠡᠳᠡᠯᠭᠡ ᠶᠢᠨ ᠲᠠᠶᠢᠯᠤᠮᠵᠢ ᠬᠢᠯᠭᠡᠭᠰᠡᠨ ᠪᠠᠶᠢᠨ᠎ᠠ᠃ ᠲᠠᠶᠢᠯᠤᠮᠵᠢ ᠨᠢ ᠨᠤᠳᠤᠭ ᠲᠠᠭᠠᠨ ᠪᠤᠴᠠᠬᠤ ᠠᠴᠠ ᠡᠮᠦᠨ᠎ᠡ᠂ ᠨᠤᠳᠤᠭ ᠲᠠᠭᠠᠨ ᠪᠤᠴᠠᠬᠤ ᠲᠤᠮᠳᠠ᠂ ᠪᠤᠴᠠᠭᠰᠠᠨ ᠤ ᠲᠠᠷᠠᠭ᠎ᠠ ᠬᠡᠬᠦ ᠭᠤᠷᠪᠠᠨ ᠱᠠᠳᠤᠨ ᠤ ᠬᠠᠮᠠᠭᠠᠯᠠᠯᠳᠠ ᠶᠢᠨ ᠮᠡᠳᠡᠯᠭᠡ ᠶᠢ ᠲᠤᠰ ᠲᠤᠰ ᠲᠠᠶᠢᠯᠪᠤᠷᠢᠯᠠᠭᠰᠠᠨ ᠪᠠᠶᠢᠨ᠎ᠠ᠃ ᠯᠢᠦ ᠶᠠᠨ ᠴᠤᠤ ᠤᠶᠤᠳᠠᠳ ᠲᠤ ︽ᠨᠢᠭᠡ ᠮᠧᠲᠷ ᠤᠨ ᠱᠤᠭᠤᠮ ᠢ ᠪᠠᠳᠤᠯᠠᠬᠤ᠂ ᠠᠮᠠᠪᠴᠢ ᠵᠡᠭᠦᠭᠦ᠂ ᠭᠠᠷ ᠢᠶᠠᠨ ᠠᠷᠢᠭᠤᠨ ᠴᠡᠪᠡᠷ ᠪᠠᠶᠢᠯᠠᠭᠠᠬᠤ︾ ᠵᠡᠷᠭᠡ ᠭᠤᠷᠪᠠᠨ ᠵᠦᠢᠯ ᠤᠨ ᠬᠠᠮᠠᠭᠠᠯᠠᠯᠳᠠ ᠶᠢ ᠡᠵᠡᠮᠰᠢᠭᠦᠯᠬᠦ ᠶᠢᠨ ᠬᠠᠮᠳᠦ ᠰᠡᠳᠭᠢᠯ ᠰᠠᠨᠠᠭ᠎ᠠ ᠪᠠᠨ ᠲᠤᠭᠳᠠᠭᠤᠨ ᠪᠠᠶᠢᠯᠭᠠᠵᠦ᠂ ᠢᠯᠡᠭᠦᠭᠡᠨ ᠪᠡᠶ᠎ᠡ ᠪᠠᠨ ᠪᠤᠯᠪᠠᠰᠤᠷᠠᠭᠤᠯᠵᠦ᠂ ᠢᠯᠡᠬᠦᠦ ᠠᠮᠠᠷᠠᠨ᠂ ᠬᠤᠭᠤᠯᠠ ᠤᠮᠳᠠ ᠭᠤᠯᠤᠬᠤ ᠦᠭᠡᠢ᠂ ᠬᠢᠴᠢᠶᠡᠯ ᠢᠶᠠᠨ ᠰᠠᠶᠢᠨ ᠤᠷᠤᠵᠦ᠂ ᠡᠪᠡᠳᠴᠢᠨ ᠡᠰᠡᠷᠭᠦᠴᠡᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠳᠡᠢ ᠭᠡᠵᠦ ᠰᠠᠨᠠᠭᠤᠯᠵᠡᠢ᠃ᠪᠤᠳᠠᠳᠠᠢ ᠬᠠᠮᠠᠭᠠᠯᠠᠯᠳᠠ ᠶᠢ ᠲᠤᠤᠷᠠᠬᠢ ᠮᠡᠳᠦ ᠬᠢᠬᠡᠷᠡᠢ︕ᠨᠤᠳᠤᠭ ᠲᠠᠭᠠᠨ ᠬᠠᠷᠢᠬᠤ ᠠᠴᠠ ᠡᠮᠦᠨ᠎ᠡ᠄. ᠪᠠᠶᠢᠷᠢ ᠶᠢᠨ ᠭᠡᠷ ᠢᠶᠠᠨ ᠲᠤᠷ᠎ᠠ ᠪᠠᠷ ᠢᠶᠠᠨ ᠲᠤᠭᠤᠷᠢᠬᠤ ᠦᠭᠡᠢ᠂ ᠭᠠᠳᠠᠭᠰᠢ ᠭᠠᠷᠬᠤ ᠳᠠᠭᠠᠨ ᠠᠮᠠᠪᠴᠢ ᠵᠡᠭᠦᠵᠦ᠂ ᠪᠠᠶᠢᠷᠢ ᠶᠢᠨ ᠭᠡᠷ ᠢᠶᠠᠨ ᠰᠠᠶᠢᠳᠤᠷ ᠠᠷᠢᠭᠤᠳᠬᠠᠵᠦ᠂ ᠪᠣᠰᠣᠳ ᠲᠠᠢ ᠣᠴᠠᠷᠠᠪᠠᠯ ᠲᠤᠯᠤᠭᠠᠢ ᠲᠤᠬᠢᠨ ᠮᠡᠨᠳᠦᠴᠢᠯᠡᠵᠦ᠂ ᠬᠠᠨᠢᠶᠠᠵᠦ᠂ ᠨᠠᠶᠢᠳᠠᠭᠠᠬᠤ ᠳᠤ ᠪᠠᠨ ᠶᠤᠰᠤ ᠵᠢᠷᠤᠮ ᠲᠠᠢ ᠪᠠᠶᠢᠬᠤ ᠬᠡᠷᠡᠭᠳᠡᠢ᠃. ᠴᠤᠩᠬᠤ ᠪᠠᠨ ᠨᠡᠭᠡᠭᠡᠨ ᠰᠠᠯᠬᠢ ᠨᠡᠪᠳᠡᠷᠡᠭᠦᠯᠵᠦ᠂ ᠭᠠᠳᠠᠭᠰᠢ ᠭᠠᠷᠬᠤ ᠳᠠᠭᠠᠨ ᠠᠮᠠᠪᠴᠢ ᠵᠠᠪᠠᠯ ᠵᠡᠭᠦᠨ᠎ᠡ᠃. ᠪᠠᠶᠢᠷᠢ ᠶᠢᠨ ᠭᠡᠷ ᠤᠨ ᠠᠷᠢᠭᠤᠨ ᠴᠡᠪᠡᠷ᠂ ᠭᠠᠷ ᠤᠨ ᠠᠷᠢᠭᠤᠨ ᠴᠡᠪᠡᠷ ᠢᠶᠠᠨ ᠰᠠᠶᠢᠳᠤᠷ ᠬᠢᠬᠦ ᠬᠡᠷᠡᠭᠳᠡᠢ᠃. ᠰᠡᠳᠭᠢᠯ ᠰᠠᠨᠠᠭ᠎ᠠ ᠪᠠᠨ ᠠᠭᠤᠵᠢᠭᠤ ᠲᠠᠶᠢᠪᠤᠩ ᠪᠠᠶᠢᠯᠠᠭᠠᠵᠦ᠂ ᠠᠵᠢᠯᠯᠠᠵᠦ ᠠᠮᠠᠷᠠᠬᠤ᠂ ᠢᠳᠡᠵᠦ ᠤᠤᠭᠤᠬᠤ ᠪᠠᠨ ᠵᠦᠢ ᠵᠤᠬᠢᠰᠳᠡᠢ ᠲᠤᠬᠢᠷᠠᠭᠤᠯᠵᠦ᠂ ᠪᠡᠶ᠎ᠡ ᠪᠠᠨ ᠪᠤᠯᠪᠠᠰᠤᠷᠠᠭᠤᠯᠬᠤ ᠶᠢ ᠪᠠᠷᠢᠮᠳᠠᠯᠠᠵᠦ᠂ ᠰᠠᠶᠢᠳᠤᠷ ᠰᠤᠷᠤᠯᠴᠠᠬᠤ ᠬᠡᠷᠡᠭᠳᠡᠢ᠃. ᠲᠡᠷᠭᠡᠨ ᠳᠤ ᠭᠠᠷᠬᠤ ᠠᠴᠠ ᠡᠮᠦᠨ᠎ᠡ᠄ ᠠᠮᠠᠪᠴᠢ ᠵᠡᠭᠦᠵᠦ᠂ ᠠᠷᠢᠭᠤᠳᠬᠠᠬᠤ ᠰᠢᠩᠭᠡᠨ᠂ ᠠᠷᠢᠭᠤᠳᠬᠠᠯ ᠤᠨ ᠨᠤᠶᠢᠳᠠᠨ ᠴᠠᠭᠠᠰᠤ᠂ ᠠᠮᠠᠪᠴᠢ ᠴᠠᠭᠠᠰᠤ᠂ ᠴᠤᠮᠤ᠂ ᠭᠡᠷᠡᠴᠢ ᠲᠡᠮᠳᠡᠭ᠂ ᠬᠤᠭ ᠤᠨ ᠤᠭᠤᠳᠠ᠂ ᠭᠠᠭᠴᠠ ᠤᠳᠠᠭ᠎ᠠ ᠬᠡᠷᠡᠭᠯᠡᠬᠦ ᠴᠢᠨᠠᠷᠳᠠᠢ ᠪᠡᠭᠡᠯᠡᠢ ᠪᠡᠯᠡᠳᠭᠡᠬᠦ ᠬᠡᠷᠡᠭᠳᠡᠢ᠃ᠲᠤᠰᠭᠠᠷᠯᠠᠬᠤ ᠴᠡᠭ ᠲᠤ ᠪᠠᠶᠢᠬᠤ ᠳᠤ ᠪᠠᠨ᠄. ᠭᠡᠷ ᠠᠴᠠ ᠪᠠᠨ ᠭᠠᠷᠬᠤ ᠦᠭᠡᠢ᠂ ᠠᠮᠠᠪᠴᠢ ᠵᠡᠭᠦᠵᠦ᠂ ᠲᠠᠨᠢᠬᠤ ᠦᠭᠡᠢ ᠬᠦᠮᠦᠨ ᠳᠤ ᠡᠭᠦᠳᠡ ᠨᠡᠭᠡᠭᠡᠵᠦ ᠦᠭᠴᠦ ᠪᠤᠯᠬᠤ ᠦᠭᠡᠢ. ᠭᠡᠷ ᠤᠨ ᠲᠤᠳᠤᠷᠠᠬᠢ ᠠᠷᠢᠭᠤᠨ ᠴᠡᠪᠡᠷ᠂ ᠭᠠᠷ ᠤᠨ ᠠᠷᠢᠭᠤᠨ ᠴᠡᠪᠡᠷ ᠢᠶᠠᠨ ᠰᠠᠶᠢᠳᠤᠷ ᠬᠢᠬᠦ ᠬᠡᠷᠡᠭᠳᠡᠢ᠃. ᠰᠡᠳᠭᠢᠯ ᠰᠠᠨᠠᠭ᠎ᠠ ᠪᠠᠨ ᠠᠮᠤᠷ ᠲᠠᠶᠢᠪᠤᠩ ᠪᠠᠶᠢᠯᠠᠭᠠᠵᠦ᠂ ᠠᠵᠢᠯᠠᠯᠠᠵᠦ ᠠᠮᠠᠷᠠᠬᠤ᠂ ᠢᠳᠡᠵᠦ ᠤᠤᠭᠤᠬᠤ ᠪᠠᠨ ᠵᠦᠢ ᠵᠤᠬᠢᠰᠳᠡᠢ ᠲᠤᠬᠢᠷᠠᠭᠤᠯᠵᠦ᠂ ᠪᠡᠶ᠎ᠡ ᠪᠠᠨ ᠪᠤᠯᠪᠠᠰᠤᠷᠠᠭᠤᠯᠵᠦ᠂ ᠰᠠᠶᠢᠳᠤᠷ ᠰᠤᠷᠤᠯᠴᠠᠬᠤ ᠬᠡᠷᠡᠭᠳᠡᠢ᠃. ᠲᠡᠷᠭᠡᠨ ᠳᠤ ᠭᠠᠷᠬᠤ ᠠᠴᠠ ᠡᠮᠦᠨ᠎ᠡ᠄ ᠠᠮᠠᠪᠴᠢ ᠵᠡᠭᠦᠵᠦ᠂ ᠠᠷᠢᠭᠤᠳᠬᠠᠬᠤ ᠰᠢᠩᠭᠡᠨ᠂ ᠠᠷᠢᠭᠤᠳᠬᠠᠯ ᠤᠨ ᠨᠤᠶᠢᠳᠠᠨ ᠴᠠᠭᠠᠰᠤ᠂ ᠠᠮᠠᠪᠴᠢ᠂ ᠴᠠᠭᠠᠰᠤ᠂ ᠴᠤᠮᠤ᠂ ᠭᠡᠷᠡᠴᠢ ᠲᠡᠮᠳᠡᠭ᠂ ᠬᠤᠭ ᠤᠨ ᠤᠭᠤᠳᠠ᠂ ᠭᠠᠭᠴᠠ ᠤᠳᠠᠭ᠎ᠠ ᠬᠡᠷᠡᠭᠯᠡᠬᠦ ᠴᠢᠨᠠᠷᠳᠠᠢ ᠪᠡᠭᠡᠯᠡᠢ ᠪᠡᠯᠡᠳᠭᠡᠬᠦ ᠬᠡᠷᠡᠭᠳᠡᠢ᠃ᠨᠤᠳᠤᠭ ᠲᠠᠭᠠᠨ ᠪᠤᠴᠠᠬᠤ ᠶᠠᠪᠤᠴᠠ ᠳᠤ᠄ ᠤᠶᠢᠷ᠎ᠠ ᠵᠠᠮ. ᠪᠦᠬᠦ ᠶᠠᠪᠤᠴᠠ ᠳᠤ ᠠᠮᠠᠪᠴᠢ ᠵᠡᠭᠦᠵᠦ᠂ ᠪᠤᠰᠤᠳ ᠲᠠᠢ ᠴᠦᠬᠡᠨ ᠬᠠᠷᠢᠯᠴᠠᠵᠦ᠂ ᠬᠠᠷᠢᠯᠴᠠᠨ ᠶᠠᠷᠢᠴᠠᠬᠤ ᠦᠭᠡᠢ᠂ ᠭᠠᠷ ᠤᠨ ᠠᠷᠢᠭᠤᠨ ᠴᠡᠪᠡᠷ ᠢᠶᠠᠨ ᠰᠠᠶᠢᠳᠤᠷ ᠬᠢᠵᠦ᠂ ᠬᠠᠨᠢᠶᠠᠬᠤ᠂ ᠨᠠᠶᠢᠳᠠᠭᠠᠬᠤ ᠶᠤᠰᠤ ᠵᠢᠷᠤᠮ ᠢ ᠰᠠᠶᠢᠳᠤᠷ ᠪᠠᠷᠢᠮᠳᠠᠯᠠᠬᠤ ᠬᠡᠷᠡᠭᠳᠡᠢ᠃ᠬᠤᠯᠠ ᠵᠠᠮ. ᠪᠦᠬᠦ ᠶᠠᠪᠤᠴᠠ ᠳᠤ ᠠᠮᠠᠪᠴᠢ ᠵᠡᠭᠦᠵᠦ᠂ ᠪᠤᠰᠤᠳ ᠲᠠᠢ ᠴᠦᠬᠡᠨ ᠬᠠᠷᠢᠯᠴᠠᠵᠦ᠂ ᠬᠠᠷᠢᠯᠴᠠᠨ ᠶᠠᠷᠢᠯᠴᠠᠬᠤ ᠦᠭᠡᠢ᠂ ᠭᠠᠷ ᠤᠨ ᠠᠷᠢᠭᠤᠨ ᠴᠡᠪᠡᠷ ᠢᠶᠠᠨ ᠰᠠᠶᠢᠳᠤᠷ ᠬᠢᠵᠦ᠂ ᠬᠠᠨᠢᠶᠠᠬᠤ᠂ ᠨᠠᠶᠢᠳᠠᠭᠠᠬᠤ ᠶᠤᠰᠤ ᠵᠢᠷᠤᠮ ᠢ ᠰᠠᠶᠢᠳᠤᠷ ᠪᠠᠷᠢᠮᠳᠠᠯᠠᠬᠤ ᠬᠡᠷᠡᠭᠳᠡᠢ᠃. ᠵᠠᠮ ᠲᠤᠮᠳᠠ ᠲᠡᠷᠭᠡᠨ ᠠᠴᠠ ᠪᠠᠭᠤᠬᠤ ᠳᠠᠭᠠᠨ ᠠᠮᠠᠪᠴᠢ ᠪᠠᠨ ᠰᠠᠶᠢᠳᠤᠷ ᠵᠡᠭᠦᠵᠦ᠂ ᠠᠮᠤᠷ ᠲᠦᠪᠰᠢᠨ ᠤ ᠵᠠᠢ ᠶᠢ ᠪᠠᠳᠤᠯᠠᠨ᠂ ᠲᠡᠷᠭᠡᠨ ᠳᠤ ᠭᠠᠷᠬᠤ ᠠᠴᠠ ᠪᠠᠨ ᠡᠮᠦᠨ᠎ᠡ ᠭᠠᠷ ᠤᠨ ᠠᠷᠢᠭᠤᠨ ᠴᠡᠪᠡᠷ ᠢᠶᠠᠨ ᠡᠷᠬᠢᠮᠯᠡᠵᠦ᠂ ᠬᠦᠢᠳᠡᠨ ᠢᠳᠡᠭᠡᠨ ᠢᠳᠡᠵᠦ ᠪᠤᠯᠬᠤ ᠦᠭᠡᠢ᠃ ᠨᠤᠳᠤᠭ ᠲᠠᠭᠠᠨ ᠬᠠᠷᠢᠭᠰᠠᠨ ᠤ ᠲᠠᠷᠠᠭ᠎ᠠ᠄. ᠬᠠᠷᠢᠶ᠎ᠠ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠬᠡᠷᠡᠭᠳᠡᠢ᠃. ᠠᠶᠢᠯᠴᠢᠯᠠᠨ ᠲᠤᠭᠤᠷᠢᠵᠦ ᠪᠤᠯᠬᠤ ᠦᠭᠡᠢ᠂ ᠭᠠᠳᠠᠭᠰᠢ ᠭᠠᠷᠬᠤ ᠳᠠᠭᠠᠨ ᠠᠮᠠᠪᠴᠢ ᠵᠡᠭᠦᠵᠦ᠂ ᠠᠮᠤᠷ ᠲᠦᠪᠰᠢᠨ ᠤ ᠵᠡᠢ ᠶᠢ ᠪᠠᠷᠢᠮᠳᠠᠯᠠᠬᠤ ᠬᠡᠷᠡᠭᠳᠡᠢ᠃. ᠴᠤᠩᠬᠤ ᠪᠠᠨ ᠨᠡᠭᠡᠭᠡᠵᠦ ᠰᠠᠯᠬᠢ ᠨᠡᠪᠳᠡᠷᠡᠭᠦᠯᠦᠨ᠎ᠡ᠃. ᠭᠡᠷ ᠤᠨ ᠠᠷᠢᠭᠤᠨ ᠴᠡᠪᠡᠷ᠂ ᠭᠠᠷ ᠤᠨ ᠠᠷᠢᠭᠤᠨ ᠴᠡᠪᠡᠷ ᠢᠶᠠᠨ ᠰᠠᠶᠢᠳᠤᠷ ᠬᠢᠨ᠎ᠡ᠃. ᠭᠡᠷ ᠤᠨ ᠬᠦᠮᠦᠰ ᠲᠠᠢ ᠪᠠᠨ ᠬᠠᠮᠳᠤᠪᠠᠷ ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠳᠤᠷ ᠬᠢᠬᠦ ᠬᠡᠷᠡᠭᠳᠡᠢ᠃. ᠰᠡᠳᠬᠢᠯ ᠰᠠᠨᠠᠭ᠎ᠠ ᠪᠠᠨ ᠠᠭᠤᠵᠢᠭᠤ ᠲᠠᠶᠢᠪᠤᠩ ᠪᠠᠶᠢᠯᠠᠭᠠᠵᠦ᠂ ᠠᠵᠢᠯᠯᠠᠵᠦ ᠠᠮᠠᠷᠠᠬᠤ᠂ ᠢᠳᠡᠵᠦ ᠤᠤᠭᠤᠬᠤ ᠪᠠᠨ ᠵᠦᠢ ᠵᠤᠬᠢᠰᠳᠡᠢ ᠲᠤᠬᠢᠷᠠᠭᠤᠯᠵᠦ᠂ ᠪᠡᠶ᠎ᠡ ᠪᠠᠨ ᠪᠤᠯᠪᠠᠰᠤᠷᠠᠭᠤᠯᠬᠤ ᠶᠢ ᠪᠠᠷᠢᠮᠳᠠᠯᠠᠵᠦ᠂ ᠰᠠᠶᠢᠳᠤᠷ ᠰᠤᠷᠤᠯᠴᠠᠬᠤ ᠬᠡᠷᠡᠭᠳᠡᠢ᠃. ᠤᠨᠴᠠᠭᠠᠢ ᠪᠠᠶᠢᠳᠠᠯ ᠲᠠᠢ ᠪᠤᠯ ᠴᠠᠭ ᠲᠤᠬᠠᠢ ᠳᠤᠨᠢ ᠰᠤᠷᠭᠠᠭᠤᠯᠢ ᠳᠤ ᠪᠠᠨ ᠮᠡᠳᠡᠭᠦᠯᠦᠨ ᠲᠠᠩᠰᠠᠯᠠᠭᠤᠯᠬᠤ ᠬᠡᠷᠡᠭᠳᠡᠢ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号