ᠪᠦᠬᠦ ᠬᠤᠳᠠ ᠶᠢᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠴᠢᠶᠡᠯ ᠡᠬᠢᠯᠡᠬᠦ ᠴᠠᠭ ᠲᠤ ᠲᠤᠬᠢᠷᠠᠭᠤᠯᠤᠯᠳᠠ ᠬᠢᠭᠰᠡᠨ ᠮᠡᠳᠡᠭᠳᠡᠯ
ᠨᠡᠶᠢᠲᠡᠯᠡᠭᠰᠡᠨ ᠴᠠᠭ᠄
2022/10/6
      ᠤᠳᠤᠬᠠᠨ ᠤ ᠮᠠᠨ ᠤ ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠪᠤᠳᠤᠯᠢᠶᠠᠨᠳᠡᠢ ᠪᠦᠭᠡᠳ ᠬᠦᠨᠳᠦ ᠨᠤᠴᠢᠳᠠᠢ᠂ ᠭᠠᠳᠠᠨ᠎ᠠ ᠠᠴᠠ ᠤᠷᠤᠵᠦ ᠢᠷᠡᠬᠦ ᠪᠡ ᠲᠤᠳᠤᠭᠠᠳᠦ ᠳᠤ ᠲᠠᠷᠬᠠᠬᠤ ᠶᠢ ᠰᠡᠷᠭᠡᠶᠢᠯᠡᠬᠦ ᠴᠢᠬᠤᠯᠠ ᠴᠠᠭ ᠲᠤ᠂ ᠬᠢᠵᠢᠭ ᠰᠤᠷᠭᠠᠭᠤᠯᠢ ᠶᠢᠨ ᠬᠦᠷᠢᠶᠡᠨ ᠳᠤ ᠲᠠᠷᠬᠠᠨ ᠲᠡᠯᠭᠡᠷᠡᠬᠦ ᠶᠢ ᠰᠡᠷᠭᠡᠶᠢᠯᠡᠬᠦ ᠶᠢᠨ ᠲᠦᠯᠦᠭᠡ᠂ ᠪᠤᠭᠤᠳᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠦᠪᠰᠢᠶᠡᠷᠡᠯ ᠢᠶᠠᠷ᠂ ᠪᠦᠬᠦ ᠬᠤᠳᠠ ᠶᠢᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠴᠢᠶᠡᠯ ᠡᠬᠢᠯᠡᠬᠦ ᠴᠠᠭ ᠲᠤ ᠲᠤᠬᠢᠷᠠᠭᠤᠯᠤᠯᠳᠠ ᠬᠢᠪᠡ᠃ ᠨᠠᠷᠢᠨ ᠪᠠᠶᠢᠳᠠᠯ ᠨᠢ ᠲᠤᠤᠷᠠᠬᠢ ᠮᠡᠳᠦ᠄      1. ᠪᠦᠬᠦ ᠬᠤᠳᠠ ᠶᠢᠨ ᠴᠡᠴᠡᠷᠯᠢᠭ10 ᠰᠠᠷ᠎ᠠ ᠶᠢᠨ8 ᠤ ᠡᠳᠦᠷ ᠠᠴᠠ10 ᠰᠠᠷ᠎ᠠ ᠶᠢᠨ9 ᠤ ᠡᠳᠦᠷ ᠪᠤᠯᠳᠠᠯ᠎ᠠ ᠲᠦᠷ ᠰᠤᠷᠭᠠᠭᠤᠯᠢ ᠡᠬᠢᠯᠡᠬᠦ ᠦᠭᠡᠢ᠂10 ᠰᠠᠷ᠎ᠠ ᠶᠢᠨ10 ᠤ ᠡᠳᠦᠷ ︵ᠭᠠᠷᠠᠭ ᠤᠨ ᠨᠢᠭᠡᠨ︶ ᠠᠴᠠ ᠬᠡᠥᠬᠡᠳ ᠤᠳ ᠴᠡᠴᠡᠷᠯᠢᠭ ᠲᠤ ᠪᠠᠨ ᠪᠤᠴᠠᠨ᠎ᠠ᠃      2. ᠪᠦᠬᠦ ᠬᠤᠳᠠ ᠶᠢᠨ ᠲᠤᠮᠳᠠᠳᠦ ᠪᠠᠭ᠎ᠠ ᠰᠤᠷᠭᠠᠭᠤᠯᠢ10 ᠰᠠᠷ᠎ᠠ ᠶᠢᠨ8 ᠤ ᠡᠳᠦᠷ ᠠᠴᠠ10 ᠰᠠᠷ᠎ᠠ ᠶᠢᠨ9  ᠤ ᠡᠳᠦᠷ ᠪᠤᠯᠳᠠᠯ᠎ᠠ ᠰᠦᠯᠵᠢᠶᠡᠨ ᠬᠢᠴᠢᠶᠡᠯᠡᠯᠭᠡ ︵ᠪᠠᠭ᠎ᠠ ᠰᠤᠷᠭᠠᠭᠤᠯᠢ ᠶᠢᠨ1 —3 ᠤᠨ ᠤᠩᠰᠢᠯᠭ᠎ᠠ ᠪᠠᠷ ᠭᠤᠤᠯ ᠪᠤᠯᠭᠠᠨ᠎ᠠ︶ ᠬᠢᠵᠦ᠂10 ᠰᠠᠷ᠎ᠠ ᠶᠢᠨ10 ᠤ ᠡᠳᠦᠷ ᠰᠤᠷᠭᠠᠭᠤᠯᠢ ᠳᠤ ᠪᠠᠨ ᠪᠤᠴᠠᠵᠦ᠂ ᠬᠢᠴᠢᠶᠡᠯ ᠢᠶᠠᠨ ᠰᠡᠷᠭᠦᠭᠡᠬᠦ  ᠪᠠᠷ ᠲᠦᠯᠦᠪᠯᠡᠵᠦ ᠪᠤᠢ᠃ ᠨᠢᠭᠡᠨᠳᠡ ᠪᠢᠳᠡᠭᠦᠮᠵᠢᠯᠡᠨ ᠬᠠᠮᠢᠶᠠᠷᠴᠦ ᠪᠠᠶᠢᠭ᠎ᠠ ᠰᠤᠷᠭᠠᠭᠤᠯᠢ ᠳᠤ ᠪᠢᠳᠡᠭᠦᠮᠵᠢᠯᠡᠭᠰᠡᠨ ᠮᠢᠶ᠋ᠢᠭ ᠤᠨ ᠬᠠᠮᠢᠶᠠᠷᠤᠯᠳᠠ ᠶᠢ ᠦᠷᠭᠦᠯᠵᠢᠯᠡᠨ ᠬᠡᠷᠡᠭᠵᠢᠭᠦᠯᠵᠦ᠂10 ᠰᠠᠷ᠎ᠠ ᠶᠢᠨ8 ᠤ ᠡᠳᠦᠷ ᠠᠴᠠ10 ᠰᠠᠷ᠎ᠠ  ᠶᠢᠨ9 ᠤ ᠡᠳᠦᠷ ᠪᠤᠯᠳᠠᠯ᠎ᠠ ᠰᠤᠷᠭᠠᠭᠤᠯᠢ ᠠᠴᠠ ᠰᠤᠷᠤᠭᠴᠢᠳ ᠤᠨ ᠰᠤᠷᠤᠯᠭ᠎ᠠ ᠠᠮᠢᠳᠤᠷᠠᠯ ᠢ ᠵᠤᠬᠢᠰᠳᠡᠢ ᠲᠤᠬᠢᠷᠠᠭᠤᠯᠤᠨ᠎ᠠ᠃      3. ᠪᠦᠬᠦ ᠬᠤᠳᠠ ᠶᠢᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠡᠭᠡᠳᠦ ᠰᠤᠷᠭᠠᠭᠤᠯᠢ ᠦᠷᠭᠦᠯᠵᠢᠯᠡᠨ ᠪᠢᠳᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃10 ᠰᠠᠷ᠎ᠠ ᠶᠢᠨ8 ᠤ ᠡᠳᠦᠷ  ᠠᠴᠠ10 ᠰᠠᠷ᠎ᠠ ᠶᠢᠨ9 ᠤ ᠡᠳᠦᠷ ᠪᠤᠯᠳᠠᠯ᠎ᠠ ᠰᠤᠷᠭᠠᠭᠤᠯᠢ ᠠᠴᠠ ᠰᠤᠷᠤᠭᠴᠢᠳ ᠤᠨ ᠰᠤᠷᠤᠯᠭ᠎ᠠ ᠠᠮᠢᠳᠤᠷᠠᠯ ᠢ ᠵᠤᠬᠢᠰᠳᠡᠢ ᠲᠤᠬᠢᠷᠠᠭᠤᠯᠤᠨ᠎ᠠ᠃                           ᠪᠤᠭᠤᠳᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ              ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ              ᠰᠤᠷᠭᠠᠨ ᠬᠦᠮᠦᠵᠢᠯ ᠤᠨ ᠠᠵᠢᠯ ᠤᠨ ᠲᠤᠭᠤᠶᠢᠯᠠᠩ                             2022 ᠤᠨ ᠤ10 ᠰᠠᠷ᠎ᠠ ᠶᠢᠨ6 ᠤ ᠡᠳᠦᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号