2022 ᠤᠨ10 ᠰᠠᠷ᠎ᠠ8 ᠤ ᠡᠳᠦᠷ ᠤᠨ ᠦᠷᠯᠦᠭᠡᠨ ᠤ7 ᠴᠠᠭ ᠲᠤ᠂ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠪᠠᠳᠤᠬᠠᠭᠠᠯᠭ᠎ᠠ ᠪᠠᠯᠭᠠᠰᠤ᠂ ᠪᠠᠷᠠᠭᠤᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠪᠤᠯᠤᠨ | ᠰᠢᠪᠡᠷᠬᠦᠷᠢᠶ᠎ᠡ ᠪᠠᠯᠭᠠᠰᠤ᠂ ᠦᠬᠡᠷᠬᠤᠳᠳᠤᠭ ᠪᠠᠯᠭᠠᠰᠤ᠂ ᠰᠢ ᠾᠧ ᠰᠢᠶᠠᠩ ᠵᠡᠷᠭᠡ11 ᠰᠤᠮᠤ ᠰᠢᠶᠠᠩ ᠪᠠᠯᠭᠠᠰᠤᠨ | ᠳᠤ ᠬᠤᠶᠠᠳᠤᠬᠢ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠲᠤᠭᠳᠠᠭᠰᠠᠨ ᠴᠠᠭ ᠲᠠᠭᠠᠨ | ᠡᠬᠢᠯᠡᠵᠦ᠂10 ᠰᠠᠷ᠎ᠠ ᠶᠢᠨ7 ᠤ ᠡᠳᠦᠷ ᠠᠩᠬ᠎ᠠ ᠣᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠳᠤ | ᠴᠦᠮ ᠪᠢᠯᠢᠭ ᠴᠢᠨᠠᠷ ᠢᠯᠡᠷᠡᠭᠰᠡᠨ ᠪᠠᠶᠢᠨ᠎ᠠ᠃ | ᠦᠷᠯᠦᠭᠡ ᠡᠷᠳᠡ ᠪᠦᠬᠦ ᠬᠤᠰᠢᠭᠤᠨ ᠤ2600 ᠭᠠᠷᠤᠢ ᠨᠠᠮ ᠤᠨ ᠬᠡᠰᠢᠭᠦᠨ ᠺᠠᠳ᠋ᠷ᠂ ᠠᠵᠢᠯᠳᠠᠳ | ᠲᠤᠭᠳᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠬᠦᠷᠴᠦ᠂ ᠦᠳᠳᠦᠷ ᠲᠦᠷᠭᠡᠨ ᠢᠶᠠᠷ ᠠᠵᠢᠯ ᠢᠶᠠᠨ | ᠡᠬᠢᠯᠡᠬᠦᠯᠵᠦ᠂ ᠪᠤᠳᠠᠳᠦ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠤᠨ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠨ᠎ᠠ᠃ | | | | | | | ᠲᠤᠬᠠᠢ ᠶᠢᠨ ᠲᠠᠯᠠᠪᠠᠢ ᠳᠤ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠪᠦᠭᠡᠮ ᠬᠦᠴᠢᠯ ᠤᠨ | ᠪᠠᠶᠢᠴᠠᠭᠠᠯᠳᠠ ᠶᠢᠨ ᠠᠵᠢᠯ ᠢ ᠲᠡᠮᠵᠢᠵᠦ᠂ ᠪᠦᠬᠦ ᠶᠠᠪᠤᠴᠠ ᠳᠤ ᠤᠬᠠᠮᠰᠠᠷ ᠠᠴᠠ ᠪᠠᠨ ᠠᠮᠠᠪᠴᠢ ᠵᠡᠭᠦᠵᠦ᠂ ᠦᠭᠡ | ᠶᠠᠷᠢᠯᠴᠠᠬᠤ ᠦᠬᠡᠢ᠂ ᠴᠤᠭᠯᠠᠷᠠᠬᠤ ᠦᠭᠡᠢ᠂ ᠨᠢᠭᠡ ᠮᠧᠲᠷ ᠠᠴᠠ ᠲᠡᠭᠡᠭᠰᠢ ᠠᠮᠤᠷ ᠲᠦᠪᠰᠢᠨ ᠤ ᠵᠠᠢ ᠶᠢ ᠪᠠᠳᠤᠯᠠᠵᠦ᠂ | ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠺᠤᠳ᠋ ᠪᠠᠨ ᠭᠠᠷᠭᠠᠨ ᠦᠵᠡᠭᠦᠯᠵᠦ᠂ ᠪᠦᠭᠡᠮ ᠬᠦᠴᠢᠯ ᠤᠨ | ᠪᠠᠶᠢᠴᠭᠠᠠᠯᠳᠠ ᠶᠢ ᠡᠮᠬᠢ ᠲᠢᠭᠯᠢᠮ ᠲᠠᠢ ᠪᠡᠶᠡᠯᠡᠭᠦᠯᠵᠦ ᠪᠠᠶᠢᠯ᠎ᠠ᠃ | ᠡᠮᠴᠢ ᠰᠤᠪᠢᠯᠠᠭᠴᠢᠳ ᠪᠤᠯᠤᠨ ᠲᠤᠬᠠᠢ ᠶᠢᠨ ᠲᠠᠯᠠᠪᠤᠷ ᠤᠨ ᠠᠵᠢᠯᠳᠠᠳ ᠠᠵᠢᠯ ᠤᠨ ᠬᠤᠪᠢᠶᠠᠷᠢᠯᠠᠯ | ᠲᠤᠳᠤᠷᠬᠠᠢ᠂ ᠦᠨᠳᠦᠷ ᠦᠷ᠎ᠡ ᠪᠦᠳᠦᠮᠵᠢ ᠪᠠᠷ ᠠᠵᠢᠯ ᠢᠶᠠᠨ ᠦᠷᠨᠢᠭᠦᠯᠦᠨ᠂ ᠤᠷᠳᠦ ᠬᠤᠭᠤᠴᠭᠠᠠᠨ ᠤ ᠦᠨᠳᠦᠷ | ᠬᠦᠴᠦᠯᠡᠴᠡ ᠲᠠᠢ ᠪᠦᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠤᠨ ᠡᠮᠦᠨ᠎ᠡ ᠡᠭᠦᠷᠭᠡ ᠬᠠᠷᠢᠭᠤᠴᠠᠯᠭ᠎ᠠ ᠪᠠᠨ | ᠪᠠᠳᠦ ᠴᠡᠭᠡᠵᠢᠯᠡᠵᠦ᠂ ᠰᠢᠯᠭᠠᠷᠠᠭᠰᠠᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠲᠡᠭᠡᠳᠦ ᠬᠡᠮᠵᠢᠶᠡᠨ ᠤ | ᠬᠠᠷᠢᠭᠤᠴᠠᠯᠭᠠᠳᠤ ᠰᠡᠳᠬᠢᠯᠬᠡ ᠪᠠᠷ ᠢᠶᠠᠨ ᠴᠠᠭ ᠮᠦᠴᠡ ᠶᠢ ᠠᠯᠳᠠᠯ ᠦᠭᠡᠢ ᠪᠠᠷ ᠲᠤᠬᠠᠶᠢᠯᠠᠭᠰᠠᠨ ᠠᠵᠢᠯ ᠢᠶᠠᠨ | ᠪᠡᠶᠡᠯᠡᠬᠦᠯᠵᠦ ᠪᠠᠶᠢᠯ᠎ᠠ᠃ ᠲᠡᠳᠡ ᠬᠠᠯᠠᠭᠤᠮᠰᠤᠭ ᠬᠦᠯᠢᠴᠡᠩᠭᠦᠢ ᠰᠡᠳᠬᠢᠯᠭᠡ ᠪᠠᠷ ᠲᠤᠬᠠᠢ ᠶᠢᠨ ᠲᠠᠯᠠᠪᠠᠢ ᠶᠢᠨ ᠡᠮᠬᠢ | ᠵᠢᠷᠤᠮ ᠢ ᠪᠠᠳᠤᠯᠠᠵᠦ᠂ ᠠᠭᠠᠷ ᠤᠨ ᠲᠤᠯᠠᠭᠠᠨ ᠮᠠᠰᠢ ᠲᠤᠤᠷ᠎ᠠ ᠪᠠᠶᠢᠭᠰᠠᠨ ᠴᠦ ᠲᠡᠳᠡ ᠮᠦᠨ ᠤᠯᠠᠨ ᠲᠦᠮᠡᠨ ᠤ | ᠡᠷᠡᠭᠦᠯ ᠮᠡᠨᠳᠦ ᠠᠮᠤᠷ ᠲᠦᠪᠰᠢᠨ ᠤ ᠲᠦᠯᠦᠭᠡ ᠬᠠᠷᠠᠮ ᠦᠭᠡᠢ ᠵᠢᠳᠭᠦᠵᠦ ᠪᠠᠶᠢᠯ᠎ᠠ᠃ | | | | | | | | | | | | | | | | | | | |