ᠯᠢ ᠺᠧ ᠴᠢᠶᠠᠩ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2022/11/10
微信图片_20221110170108.png
      ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠡᠳᠦᠷ ᠤᠨ ᠣᠷᠣᠢ᠂ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠶᠢᠯᠴᠠᠵᠠᠢ᠃ ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ᠃ ᠲᠤᠬᠠᠢ ᠶᠢᠨ ᠭᠠᠵᠠᠷ ᠤᠨ ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ ᠰᠣᠷᠭᠤᠭ ᠴᠡᠴᠡᠭ ᠬᠦᠷᠭᠡᠪᠡ᠃      ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃       ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ᠂ ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ  ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠬᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠠᠭᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠬᠦᠰᠡᠨ ᠡᠷᠡᠮᠡᠯᠵᠡᠵᠦ ᠪᠠᠶᠢᠨ᠎ᠠ ᠭᠡᠵᠡᠢ᠃       ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠪᠠ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠡᠢ᠃       ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ ᠬᠤᠭᠤᠴᠠᠭᠠᠨ ᠳᠤ᠂ ᠯᠢ ᠺᠧ ᠴᠢᠶᠠᠩ 25 ᠳ᠋ᠤᠭᠠᠷ ᠤᠳᠠᠭ᠎ᠠ ᠶᠢᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ︵10 + 1︶ ᠤᠳᠤᠷᠢᠳᠬᠤ ᠬᠥᠮᠥᠰ ᠤᠨ ᠬᠤᠷᠠᠯ᠂ 25 ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵10 + 3︶ ᠤᠳᠤᠷᠢᠳᠬᠤ ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠣᠨ᠎ᠠ᠃       ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ᠂ ᠯᠢ ᠺᠧ ᠴᠢᠶᠠᠩ ᠤᠯᠤᠰ ᠤᠨ ᠸᠠᠩ ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ ᠾᠦᠨᠰᠧᠨ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ᠂ ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ᠂ ᠳᠤᠮᠳᠠᠳᠤ ᠤᠯᠤᠰ ᠤᠨ ᠺᠠᠮᠪᠤᠵᠠ ᠶᠢ ᠲᠤᠰᠠᠯᠠᠭᠰᠠᠨ ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号