︽ᠲᠠᠭᠠᠷᠠᠭᠰᠠᠨ ᠦᠶ᠎ᠡ ᠳᠤ ᠲᠠᠬᠤ ᠨᠡᠮᠡᠷᠢᠯᠡᠭᠰᠡᠨ︾ ᠬᠠᠯᠠᠭᠤᠨ ᠬᠠᠨᠳᠢᠪ
ᠨᠡᠶᠢᠲᠡᠯᠡᠭᠰᠡᠨ ᠴᠠᠭ᠄
2022/11/11
      11 ᠰᠠᠷ᠎ᠠ ᠶᠢᠨ3 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ︽ᠦᠷᠭᠡᠨ ᠮᠠᠯᠵᠢᠯ ᠤᠨ ᠲᠠᠯᠠᠪᠠᠢ︾ ᠶᠢᠨ ᠡᠵᠡᠭᠳᠡᠢ ᠨᠠᠷᠠᠨᠴᠢᠮᠡᠭ ᠪᠠ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠪᠠᠭᠰᠢ ᠬᠤᠸᠠᠷ ᠬᠤᠶᠠᠭᠤᠯᠠ ᠬᠠᠮᠳᠤᠷᠠᠵᠦ᠂ ᠮᠠᠨ ᠤ ᠬᠤᠰᠢᠭᠤᠨ ᠤ ᠦᠬᠡᠷᠬᠤᠳᠳᠤᠭ ᠪᠠᠯᠭᠠᠰᠤᠨ ᠤ ᠲᠤᠤ ᠮᠠ ᠭᠸᠦ ᠲᠤᠰᠬᠤᠨ ᠤ ᠦᠵᠡᠮᠵᠢ ᠶᠢᠨ ᠤᠷᠤᠨ ᠳᠤ ᠠᠨᠠᠭᠠᠬᠤ ᠤᠬᠠᠭᠠᠨ ᠤ ᠠᠵᠢᠭᠯᠠᠯᠳᠠ ᠬᠢᠵᠦ ᠪᠠᠶᠢᠭ᠎ᠠ ᠦᠪᠦᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠤᠷᠤᠭᠴᠢᠳ  ᠲᠤ16000 ᠲᠦᠭᠦᠷᠢᠭ ᠪᠦᠬᠦᠢ400 ᠵᠢᠩ ᠤᠨ ᠬᠤᠨᠢᠨ ᠮᠢᠬ᠎ᠠ ᠬᠠᠨᠳᠢᠪᠯᠠᠵᠦ᠂ ᠬᠦᠮᠦᠰ ᠢ ᠲᠤᠭᠳᠤᠯᠤᠭᠤᠯᠵᠦ ᠪᠢᠯᠡ᠃
微信图片_20221111152144.png
      ᠬᠢᠵᠢᠭ ᠲᠠᠬᠤᠯ ᠤᠨ ᠴᠠᠭ ᠲᠤ ᠭᠠᠷ ᠢᠶᠠᠨ ᠨᠤᠬᠤᠯᠠᠨ ᠭᠠᠴᠢᠭᠳᠠᠭᠰᠠᠨ ᠰᠤᠷᠤᠭᠴᠢᠳ ᠲᠤ ᠲᠠᠷᠬᠠᠨ ᠮᠤᠤᠮᠢᠩᠭᠠᠨ ᠤ ᠪᠠᠨ ᠤᠨᠴᠠ ᠭᠠᠷᠤᠯᠳᠠ ᠪᠤᠯᠬᠤ ᠲᠠᠯ᠎ᠠ ᠨᠤᠳᠤᠭ ᠤᠨ ᠬᠤᠨᠢᠨ ᠮᠢᠬ᠎ᠠ ᠶᠢ ᠬᠠᠨᠳᠢᠪᠯᠠᠭᠰᠠᠨ ᠨᠢ ᠴᠤᠬᠤᠮ ᠴᠦ ︽ᠲᠠᠭᠠᠷᠠᠭᠰᠠᠨ ᠦᠶ᠎ᠡ ᠳᠤ ᠲᠠᠬᠤ ᠨᠡᠮᠡᠷᠢᠯᠡᠭᠰᠡᠨ︾ ᠪᠤᠶᠠᠨᠰᠠᠭ ᠶᠠᠪᠤᠳᠠᠯ ᠪᠤᠯᠤᠭᠰᠠᠨ ᠢᠶᠠᠷ ᠪᠠᠷᠠᠬᠤ ᠦᠭᠡᠢ ᠨᠠᠷᠠᠨᠴᠢᠮᠡᠭ ᠪᠠ ᠬᠤᠸᠠᠷ ᠬᠤᠶᠠᠡ ᠤᠨ ᠨᠢᠭᠡᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠪᠤᠳᠠᠳᠦ ᠦᠢᠯᠡ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠦᠭᠰᠡᠨ ᠶᠠᠪᠤᠳᠠᠯ ᠪᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号