ᠨᠠᠮᠤᠷ ᠡᠪᠦᠯ ᠤᠨ ᠤᠯᠠᠷᠢᠯ ᠳᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠢ ᠴᠢᠩᠭᠠᠳᠬᠠᠭᠬᠤ ᠭᠤᠤᠯᠳᠠᠯᠭ᠎ᠠ
ᠨᠡᠶᠢᠲᠡᠯᠡᠭᠰᠡᠨ ᠴᠠᠭ᠄
2022/11/15
      ᠤᠳᠤᠬᠠᠨ ᠪᠤᠯ ᠶᠠᠭ ᠨᠠᠮᠤᠷ ᠡᠪᠦᠯ ᠤᠨ ᠤᠯᠠᠷᠢᠯ ᠰᠤᠯᠢᠭᠳᠠᠵᠦ᠂ ᠴᠠᠭ ᠠᠭᠠᠷ ᠠᠭᠠᠵᠢᠮ ᠢᠶᠠᠷ ᠬᠦᠢᠳᠡᠷᠡᠵᠦ᠂ ᠡᠳᠦᠷ ᠰᠦᠨᠢ ᠶᠢᠨ ᠲᠤᠯᠠᠭᠠᠨ ᠤ ᠵᠦᠷᠢᠶ᠎ᠡ ᠶᠡᠬᠡᠰᠴᠦ᠂ ᠠᠭᠠᠷ ᠤᠨ ᠴᠢᠬᠢᠭᠳᠦᠴᠡ ᠪᠠᠭᠠᠰᠴᠦ᠂ ᠨᠠᠷᠠᠨ ᠤ ᠲᠤᠰᠤᠯᠳᠠ  ᠶᠢᠨ ᠴᠠᠭ ᠪᠤᠭᠤᠨᠢᠰᠴᠦ᠂ ᠤᠷᠴᠢᠨ ᠲᠤᠭᠤᠷᠢᠨ ᠳᠠᠬᠢ ᠡᠪᠡᠳᠴᠢᠨ ᠡᠭᠦᠰᠭᠡᠭᠴᠢ ᠮᠢᠺᠷᠤᠪ ᠨᠡᠩ ᠠᠮᠠᠷᠬᠠᠨ ᠢᠳᠡᠪᠬᠢᠵᠢᠳᠡᠭ ᠴᠠᠭ ᠪᠤᠯᠤᠨ᠎ᠠ᠃ ᠡᠨᠡ ᠵᠢᠯ ᠤᠨ ᠠᠭᠤᠷ ᠠᠮᠢᠰᠬᠤᠯ ᠬᠡᠪ ᠤᠨ ᠪᠤᠰᠤ ᠪᠠᠶᠢᠭ᠎ᠠ ᠪᠠᠶᠢᠳᠠᠯ᠂ ᠪᠦᠬᠦ ᠬᠤᠰᠢᠭᠤᠨ ᠤ ᠮᠠᠯ ᠵᠢᠭᠦᠷᠳᠡᠨ ᠢ ᠲᠡᠵᠢᠭᠡᠨ ᠦᠷᠡᠵᠢᠭᠦᠯᠬᠦ ᠬᠡᠮᠵᠢᠶ᠎ᠡ ᠶᠡᠭᠡ ᠪᠠᠶᠢᠭ᠎ᠠ ᠪᠠᠶᠢᠳᠠᠯ ᠪᠤᠯᠤᠨ ᠮᠠᠯ ᠵᠢᠭᠦᠷᠳᠡᠨ  ᠢ ᠠᠷᠠᠯᠵᠢᠶᠠᠯᠠᠬᠤ᠂ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠪᠠᠶᠢᠳᠠᠯ ᠳᠤ ᠴᠢᠭᠯᠡᠭᠦᠯᠦᠨ᠂ ᠮᠦᠨᠴᠦ ᠲᠡᠵᠢᠭᠡᠨ ᠦᠷᠡᠵᠢᠭᠦᠯᠬᠦ ᠤᠷᠴᠢᠨ ᠲᠤᠭᠤᠷᠢᠨ ᠤ ᠲᠤᠬᠢᠷᠠᠭᠤᠯᠤᠯ ᠡᠵᠡᠮᠳᠡᠯ ᠵᠤᠬᠢᠰ ᠦᠭᠡᠢ᠂ ᠲᠡᠵᠢᠭᠡᠨ ᠠᠷᠠᠴᠢᠯᠠᠬᠤ ᠬᠠᠮᠢᠶᠠᠷᠤᠯᠳᠠ ᠮᠠᠭᠤ ᠪᠠ ᠠᠮᠢᠳᠤ ᠪᠤᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠪᠠᠷᠢᠮᠵᠢᠶ᠎ᠡ ᠳᠤ ᠬᠦᠷᠬᠦ ᠦᠭᠡᠢ ᠪᠠᠶᠢᠭ᠎ᠠ ᠵᠡᠷᠭᠡ ᠠᠴᠠ ᠰᠯᠳᠠᠭᠠᠯᠠᠨ᠂ ᠰᠢᠯᠦᠭᠡᠢ ᠡᠪᠡᠳᠴᠢᠨ᠂ ᠪᠷᠦ᠋ᠼᠧᠯ ᠡᠪᠡᠳᠴᠢᠨ᠂ ᠠᠹᠷᠢᠺᠡ ᠲᠢᠪ ᠤᠨ ᠭᠠᠭ᠋ᠠᠢ  ᠶᠢᠨ ᠬᠢᠵᠢᠭ ᠵᠡᠷᠭᠡ ᠡᠪᠡᠳᠴᠢᠨ ᠠᠮᠠᠷᠬᠠᠨ ᠡᠭᠦᠰᠬᠦ ᠬᠤᠭᠤᠴᠠᠭᠠᠨ ᠳᠤ ᠤᠷᠤᠭᠰᠠᠨ ᠪᠤᠯᠬᠤᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠲᠤᠤᠷᠠᠬᠢ ᠮᠡᠳᠦ ᠵᠠᠩᠭᠢᠯᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠪᠠᠯ ᠵᠤᠬᠢᠨ᠎ᠠ᠄      ᠨᠢᠭᠡ᠂ ᠡᠮᠴᠢᠯᠡᠭᠡᠨ ᠤ ᠲᠤᠭᠤᠷᠢᠨ ᠪᠠᠶᠢᠴᠠᠭᠠᠯᠳᠠ ᠶᠢ ᠴᠢᠩᠭᠠᠳᠬᠠᠨ᠎ᠠ᠃ ᠡᠮᠴᠢᠯᠡᠭᠡᠨ ᠤ ᠲᠤᠭᠤᠷᠢᠨ ᠪᠠᠶᠢᠴᠠᠭᠠᠬᠤ ᠲᠤᠭ᠎ᠠ ᠶᠢ ᠨᠡᠮᠡᠭᠳᠡᠭᠦᠯᠵᠦ᠂ ᠭᠤᠤᠯᠳᠠᠭᠤ ᠮᠠᠯ ᠤᠨᠤᠭ᠎ᠠ ᠶᠢᠨ ᠢᠳᠡᠰᠢᠯᠡᠬᠦ᠂ ᠤᠰᠤ ᠤᠮᠳᠠ ᠶᠢᠨ ᠨᠡᠮᠡᠭᠳᠡᠭᠰᠡᠨ ᠪᠠᠭᠠᠰᠤᠭᠰᠠᠨ ᠡᠰᠡᠬᠦ ᠶᠢ ᠠᠵᠢᠭᠯᠠᠨ᠎ᠠ᠃ ᠠᠮᠢᠰᠬᠤᠯ ᠤᠨ ᠲᠠᠪᠳᠠᠮᠵᠢ᠂ ᠠᠮᠢᠰᠬᠤᠯ ᠤᠨ ᠬᠡᠯᠪᠡᠷᠢ ᠨᠢ ᠬᠤᠪᠢᠷᠠᠯᠳᠠ ᠭᠠᠷᠤᠭᠰᠠᠨ ᠡᠰᠡᠬᠦ᠂ ᠬᠠᠨᠢᠶᠠᠬᠤ᠂ ᠢᠳᠡᠭᠡᠳᠦ ᠰᠢᠩᠭᠡᠨ ᠪᠠᠶᠢᠬᠤ ᠡᠰᠡᠬᠦ᠂ ᠴᠢᠬᠢ᠂ ᠲᠦᠷᠪᠡᠨ ᠮᠦᠴᠢ  ᠶᠢᠨ ᠠᠷᠠᠰᠦ ᠨᠢ ᠦᠩᠭᠡ ᠶᠢᠨ ᠬᠤᠪᠢᠷᠠᠯᠳᠠ ᠲᠠᠢ ᠡᠰᠡᠬᠦ᠂ ᠬᠠᠪᠤᠳᠠᠷ ᠲᠠᠢ ᠡᠰᠡᠬᠦ ᠵᠢᠴᠢ ᠪᠠᠭᠠᠬᠤ᠂ ᠰᠢᠭᠡᠬᠦ ᠬᠡᠪ ᠤᠨ ᠪᠤᠰᠤ ᠪᠠᠶᠢᠳᠠᠯ ᠲᠠᠢ ᠡᠰᠡᠬᠦ ᠶᠢ ᠠᠵᠢᠭᠯᠠᠨ᠎ᠠ᠃ ᠡᠪᠡᠳᠴᠢᠨ ᠲᠠᠢ ᠮᠠᠯ ᠢ ᠲᠠᠷᠤᠶᠢᠬᠠᠨ ᠲᠤᠰᠭᠠᠷᠯᠠᠬᠤ ᠬᠠᠰᠢᠶᠠᠨ ᠳᠤ ᠰᠢᠯᠵᠢᠭᠦᠯᠦᠨ ᠤᠷᠤᠭᠤᠯᠵᠦ᠂ ᠲᠤᠰᠭᠠᠷ ᠨᠢ ᠲᠡᠵᠢᠭᠡᠨ ᠠᠷᠠᠴᠢᠯᠠᠬᠤ ᠬᠡᠷᠡᠭᠳᠡᠢ᠃      ᠬᠤᠶᠠᠷ᠂ ᠨᠠᠷᠢᠯᠢᠭ ᠤᠨᠤᠴᠢᠳᠠᠢ ᠪᠠᠷ ᠰᠡᠷᠭᠡᠶᠢᠯᠡᠨ ᠵᠠᠰᠠᠬᠤ ᠶᠢ ᠬᠡᠷᠡᠭᠵᠢᠭᠦᠯᠦᠨ᠎ᠡ᠃ ᠪᠷᠦᠼᠧᠯ ᠡᠪᠡᠳᠴᠢᠨ᠂ ᠰᠢᠯᠦᠭᠡᠢ ᠡᠪᠡᠳᠴᠢᠨ᠂ ᠠᠹᠷᠢᠺᠡ ᠲᠢᠪ ᠤᠨ ᠭᠠᠭ᠋ᠠᠢ ᠶᠢᠨ ᠬᠢᠵᠢᠭ ᠵᠡᠷᠭᠡ ᠤᠯᠠᠨ ᠵᠦᠢᠯ ᠤᠨ ᠬᠢᠵᠢᠭ ᠡᠪᠡᠳᠴᠢᠨ ᠨᠠᠮᠤᠷ ᠠᠪᠦᠯ ᠤᠨ ᠤᠯᠠᠷᠢᠯ ᠳᠤ ᠠᠮᠠᠷᠬᠠᠨ ᠡᠭᠦᠰᠴᠦ ᠲᠡᠯᠭᠡᠷᠡᠳᠡᠭ᠃ ᠬᠢᠵᠢᠭ ᠡᠪᠡᠳᠴᠢᠨ ᠤ ᠤᠨᠴᠠᠯᠢᠭ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠡᠢ᠂ ᠸᠠᠺᠼᠢᠨ ᠤ ᠲᠠᠷᠬᠠᠯᠠᠭ᠎ᠠ ᠪᠤᠯ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠬᠢᠮᠳᠠ ᠠᠷᠭ᠎ᠠ ᠬᠡᠮᠵᠢᠶ᠎ᠡ ᠠᠪᠬᠤ ᠮᠦᠨ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠦᠨᠳᠦᠰᠦᠨ ᠱᠠᠳᠤᠨ ᠤ ᠬᠢᠵᠢᠭ ᠢ ᠰᠡᠷᠭᠡᠶᠢᠯᠡᠬᠦ ᠠᠵᠢᠯᠳᠠᠨ ᠲᠠᠢ ᠬᠠᠮᠵᠢᠯᠴᠠᠨ ᠨᠠᠮᠤᠷ ᠤᠨ ᠤᠯᠠᠷᠢᠯ ᠤᠨ ᠰᠢᠯᠦᠭᠡᠢ ᠡᠪᠡᠳᠴᠢᠨ᠂ ᠪᠷᠦ᠋ᠼᠢᠯ ᠡᠪᠡᠳᠴᠢᠨ ᠵᠡᠷᠭᠡ ᠸᠠᠺᠼᠢᠨ ᠤ ᠲᠠᠷᠬᠠᠯᠠᠭ᠎ᠠ ᠶᠢᠨ ᠠᠵᠢᠯ ᠢ ᠰᠠᠶᠢᠳᠤᠷ ᠬᠢᠵᠦ᠂ ᠲᠠᠷᠬᠠᠯᠠᠭ᠎ᠠ ᠶᠢᠨ ᠪᠦᠳᠦᠮᠵᠢᠳᠡᠢ ᠪᠤᠳᠠᠳᠠᠶᠢᠵᠢᠬᠤ ᠶᠢ ᠦᠨᠡᠨᠬᠦ ᠪᠠᠳᠤᠯᠠᠬᠤ ᠬᠡᠷᠡᠭᠳᠡᠢ᠃      ᠭᠤᠷᠪᠠ᠂ ᠠᠹᠷᠢᠺᠡ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ᠃ ᠠᠹᠷᠢᠺᠡ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠪᠤᠯ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠬᠦᠢᠴᠡᠳᠭᠡᠪᠡᠰᠦ ᠵᠤᠬᠢᠬᠤ ᠡᠭᠦᠷᠭᠡ ᠬᠠᠷᠢᠭᠤᠴᠠᠯᠭ᠎ᠠ ᠮᠦᠨ᠃ ᠤᠬᠢᠶᠠᠳᠠᠰᠤ ᠪᠠᠷ ᠭᠠᠭ᠋ᠠᠢ ᠲᠡᠵᠢᠭᠡᠬᠦ ᠶᠢ ᠴᠢᠩᠭ᠎ᠠ ᠴᠠᠭᠠᠵᠠᠯᠠᠨ᠎ᠠ᠂ ᠬᠤᠭᠤᠯᠠᠨ ᠭᠡᠷ ᠤᠨ ᠤᠬᠢᠶᠠᠳᠠᠰᠤ ᠪᠤᠯᠤᠨ ᠦᠪᠡᠷ ᠤᠨ ᠭᠡᠷ ᠤᠨ ᠢᠶᠠᠨ ᠤᠬᠢᠶᠠᠳᠠᠰᠤ ᠪᠠᠷ ᠭᠠᠭ᠋ᠠᠢ ᠲᠡᠵᠢᠭᠡᠵᠦ ᠪᠤᠯᠬᠤ ᠦᠭᠡᠢ᠃ ᠵᠦᠪᠰᠢᠶᠡᠷᠡᠯ ᠦᠭᠡᠢ ᠪᠠᠷ ᠭᠠᠳᠠᠷ ᠮᠤᠵᠢ ᠠᠴᠠ ᠠᠵᠢᠷᠭᠠᠨ ᠭᠠᠭ᠋ᠠᠢ ᠪᠠ ᠭᠠᠭ᠋ᠠᠢ  ᠶᠢᠨ ᠲᠤᠷᠤᠢ ᠰᠢᠯᠵᠢᠭᠦᠯᠦᠨ ᠤᠷᠤᠭᠤᠯᠬᠤ ᠶᠢ ᠴᠠᠭᠠᠵᠠᠯᠠᠨ᠎ᠠ᠃ ︽ᠸᠢᠴᠠᠲ᠂ ᠲᠤᠤ ᠪᠤᠤ︾ ᠵᠡᠷᠭᠡ ᠰᠦᠯᠵᠢᠶᠡᠨ ᠤ ᠲᠠᠪᠴᠠᠩ ᠢᠶᠠᠷ ᠲᠠᠮᠵᠢᠨ ᠢᠷᠡᠯᠳᠡ ᠨᠢ ᠲᠤᠳᠤᠷᠬᠠᠢ ᠦᠭᠡᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠦᠭᠡᠢ᠂ ᠠᠹᠷᠢᠺᠡ ᠲᠢᠪ ᠤᠨ ᠭᠠᠭ᠋ᠠᠢ ᠶᠢᠨ ᠬᠢᠵᠢᠭ ᠤᠨ ᠪᠠᠶᠢᠴᠠᠭᠠᠯᠳᠠ ᠶᠢᠨ ᠮᠡᠳᠡᠭᠦᠯᠦᠯᠳᠡ ᠦᠭᠡᠢ᠂ ᠴᠢᠬᠢᠨ ᠲᠡᠮᠳᠡᠭ ᠦᠭᠡᠢ ᠭᠠᠭ᠋ᠠᠢ ᠶᠢ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠨ᠎ᠠ᠃ ᠲᠠᠩᠰᠠᠯᠠᠭᠤᠯᠠᠭ᠎ᠠ ᠦᠭᠡᠢ ᠲᠡᠷᠭᠡ ᠬᠦᠰᠭᠡ ᠪᠠᠷ ᠭᠠᠭ᠋ᠠᠢ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠨ᠎ᠠ᠃ ᠬᠠᠰᠢᠶᠠᠯᠠᠭ᠎ᠠ ᠳᠤ ᠨᠦᠬᠦᠪᠦᠷᠢᠯᠡᠬᠦ ᠭᠠᠭ᠋ᠠᠢ  ᠳᠤ ᠡᠷᠬᠡᠪᠰᠢ ︽ᠠᠮᠢᠳᠠᠨ ᠤ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ︾ ᠶᠢ ᠪᠦᠷᠢᠳᠦᠭᠦᠯᠵᠦ᠂ ᠴᠢᠬᠢᠨ ᠤ ᠲᠡᠮᠳᠡᠭ ᠵᠡᠭᠦᠭᠦ ᠬᠡᠷᠡᠭᠳᠡᠢ ᠪᠦᠭᠡᠳ ᠭᠠᠭ᠋ᠠᠢ ᠶᠢᠨ ᠲᠤᠭ᠎ᠠ ᠬᠡᠮᠵᠢᠶ᠎ᠡ᠂ ᠴᠢᠬᠢᠨ ᠤ ᠲᠡᠮᠳᠡᠭ ᠤᠨ ᠨᠤᠮᠧᠷ᠂ ᠵᠤᠷᠢᠭᠰᠠᠨ ᠭᠠᠵᠠᠷ ᠨᠢ ᠬᠢᠵᠢᠭ ᠤᠨ ᠪᠠᠶᠢᠴᠠᠭᠠᠯᠳᠠ ᠶᠢᠨ ᠭᠡᠷᠡᠴᠢ ᠲᠠᠢ ᠨᠢᠭᠡᠳᠦᠯᠳᠡᠢ ᠪᠠᠶᠢᠬᠤ ᠬᠡᠷᠡᠭᠳᠡᠢ᠃ ᠭᠠᠭ᠋ᠠᠢ ᠶᠢ ᠬᠦᠷᠭᠡᠭᠰᠡᠨ ᠤ ᠲᠠᠷᠠᠭ᠎ᠠ ᠲᠤᠬᠠᠢ ᠶᠢᠨ ᠭᠠᠵᠠᠷ ᠲᠤᠨᠢ ᠲᠡᠵᠢᠭᠡᠨ ᠠᠷᠠᠴᠢᠯᠠᠵᠦ᠂ ᠲᠠᠯᠠᠪᠠᠢ ᠰᠢᠯᠵᠢᠭᠦᠯᠬᠦ ᠦᠭᠡᠢ᠂ ᠰᠦᠷᠦᠭ ᠬᠤᠪᠢᠶᠠᠬᠤ ᠦᠭᠡᠢ᠂ ᠬᠡᠪ ᠤᠨ ᠪᠤᠰᠤ ᠪᠠᠶᠢᠳᠠᠯ ᠢ ᠤᠯᠵᠦ ᠮᠡᠳᠡᠪᠡᠯ ᠴᠠᠭ ᠲᠤᠬᠠᠢ ᠳᠤᠨᠢ ᠰᠦᠯᠵᠢᠶᠡᠨ ᠤ ᠠᠵᠢᠯᠳᠠᠨ ᠪᠠ ᠲᠤᠬᠠᠢ ᠶᠢᠨ ᠭᠠᠵᠠᠷ ᠤᠨ ᠮᠠᠯ ᠠᠵᠦ ᠠᠬᠤᠢ ᠮᠠᠯ ᠡᠮᠨᠡᠯᠭᠡ ᠶᠢᠨ ᠦᠷᠳᠡᠭᠡ ᠳᠤ ᠮᠡᠳᠡᠭᠦᠯᠵᠦ᠂ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃      ᠲᠦᠷᠪᠡ᠂ ᠬᠦᠢᠳᠡᠨ ᠢ ᠰᠡᠷᠭᠡᠶᠢᠯᠡᠨ ᠲᠤᠯᠠᠭᠠᠯᠠᠬᠤ ᠶᠢ ᠪᠠᠳᠤᠯᠠᠬᠤ ᠬᠡᠷᠡᠭᠳᠡᠢ᠃ ᠬᠦᠢᠳᠡᠨ ᠢ ᠰᠡᠷᠭᠡᠶᠢᠯᠡᠨ ᠲᠤᠯᠠᠭᠠᠯᠠᠬᠤ ᠠᠷᠭ᠎ᠠ ᠬᠡᠮᠵᠢᠶ᠎ᠡ ᠠᠪᠴᠦ᠂ ᠮᠠᠯ ᠤᠨ ᠬᠠᠰᠢᠶ᠎ᠠ ᠶᠢᠨ ᠲᠤᠯᠠᠭᠠᠨ ᠤ ᠬᠡᠮᠵᠢᠶ᠎ᠡ ᠠᠪᠴᠦ᠂ ᠮᠠᠯ ᠤᠨ ᠬᠠᠰᠢᠶ᠎ᠠ ᠶᠢᠨ ᠲᠤᠯᠠᠭᠠᠨ ᠤ ᠬᠡᠮᠵᠢᠶ᠎ᠡ ᠶᠢ ᠲᠤᠬᠢᠷᠠᠮᠵᠢᠳᠡᠢ ᠪᠠᠶᠢᠯᠭᠠᠬᠤ ᠮᠦᠷᠳᠡᠭᠡᠨ ᠦᠨᠳᠦᠰᠦᠨ ᠳᠡᠭᠡᠨ ᠲᠤᠭᠳᠠᠪᠤᠷᠢᠳᠠᠢ ᠪᠠᠶᠢᠯᠭᠠᠬᠤ ᠶᠢ ᠪᠠᠳᠤᠯᠠᠨ᠎ᠠ᠃ ᠡᠪᠦᠯ ᠪᠤᠯᠬᠤ ᠠᠴᠠ ᠡᠮᠦᠨ᠎ᠡ᠂ ᠡᠭᠦᠳᠡ ᠴᠤᠩᠬᠤ ᠪᠠᠨ ᠪᠠᠶᠢᠴᠠᠭᠠᠨ ᠵᠠᠰᠠᠵᠦ᠂ ᠲᠤᠯᠠᠭᠠᠯᠠᠭ᠎ᠠ ᠶᠢᠨ ᠲᠦᠭᠦᠭᠡᠷᠦᠮᠵᠢ ᠶᠢ ᠰᠢᠯᠭᠠᠨ ᠪᠠᠶᠢᠴᠠᠭᠠᠨ᠎ᠠ᠃ ᠮᠠᠯ ᠤᠨ ᠬᠠᠰᠢᠶ᠎ᠠ ᠶᠢ ᠬᠤᠶᠠᠷ ᠲᠠᠪᠬᠤᠷᠭ᠎ᠠ ᠰᠦᠯᠢᠶᠤᠤ ᠪᠦᠷᠬᠦᠪᠴᠢ ᠪᠠᠷ ᠪᠦᠷᠬᠦᠵᠦ᠂ ᠴᠤᠩᠬᠤ ᠪᠤᠶᠤ ᠢᠯᠡᠭᠦᠴᠡ ᠰᠠᠯᠬᠢ ᠨᠡᠪᠳᠡᠷᠡᠬᠦ ᠠᠮᠠᠰᠠᠷ ᠢ ᠪᠢᠳᠡᠭᠦᠯᠡᠬᠦ ᠬᠡᠷᠡᠭᠳᠡᠢ᠃ ᠨᠠᠭᠦᠷᠡᠰᠦᠨ ᠵᠤᠤᠬ᠎ᠠ ᠬᠡᠷᠡᠭᠯᠡᠵᠦ ᠪᠠᠶᠢᠭ᠎ᠠ ᠲᠡᠵᠢᠭᠡᠨ ᠦᠷᠡᠵᠢᠭᠦᠯᠬᠦ ᠬᠠᠰᠢᠶ᠎ᠠ ᠶᠢ ᠲᠤᠭᠳᠠᠮᠠᠯ ᠬᠤᠭᠤᠴᠠᠭ᠎ᠠ ᠲᠠᠢ ᠪᠠᠷ ᠤᠳᠤᠭᠠᠨ ᠤ ᠵᠠᠮ ᠢ ᠪᠠᠶᠢᠴᠠᠭᠠᠨ ᠵᠠᠰᠠᠵᠦ᠂ ᠨᠡᠭᠦᠷᠡᠰᠦᠳᠦ᠋ᠷᠦᠭᠴᠢ ᠶᠢᠨ ᠲᠠᠩ ᠢᠰᠦᠯ ᠳᠤ ᠬᠤᠤᠷᠳᠠᠭᠳᠠᠬᠤ ᠠᠴᠠ ᠵᠠᠶᠢᠯᠠᠰᠬᠢᠵᠦ᠂ ᠮᠠᠯ ᠤᠨ ᠬᠠᠰᠢᠶ᠎ᠠ ᠶᠢᠨ ᠲᠤᠳᠤᠷ᠎ᠠ ᠲᠡᠪᠢᠰᠬᠦ ᠮᠠᠲ᠋ᠧᠷᠢᠶᠠᠯ ᠢ ᠵᠤᠬᠢᠬᠤ ᠬᠡᠮᠵᠢᠶ᠎ᠡ  ᠪᠠᠷ ᠨᠡᠮᠡᠵᠦ ᠪᠤᠯᠤᠨ᠎ᠠ᠃ ᠬᠦᠢᠳᠡᠨ ᠢ ᠰᠡᠷᠭᠡᠶᠢᠯᠡᠵᠦ ᠲᠤᠯᠠᠭᠠᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢᠨ ᠬᠠᠮᠳᠦ ᠰᠠᠯᠬᠢ ᠵᠢᠪᠡᠷ ᠨᠡᠪᠳᠡᠷᠡᠭᠦᠯᠬᠦ ᠶᠢ ᠴᠢᠬᠤᠯᠠᠴᠢᠯᠠᠵᠦ᠂ ᠮᠠᠯ ᠤᠨ ᠬᠠᠰᠢᠶ᠎ᠠ ᠶᠢᠨ ᠲᠣᠳᠣᠷᠠᠬᠢ ᠴᠡᠪᠡᠷ ᠠᠭᠠᠷ ᠢ ᠪᠠᠳᠤᠯᠠᠬᠤ ᠬᠡᠷᠡᠭᠳᠡᠢ᠃ ᠴᠤᠩᠬᠤ ᠪᠠᠷ ᠰᠠᠯᠬᠢ ᠨᠡᠪᠳᠡᠷᠡᠭᠦᠯᠬᠦ ᠦᠶ᠎ᠡ ᠳᠤ᠂ ᠬᠤᠶᠠᠷ ᠲᠠᠯ᠎ᠠ ᠶᠢᠨ ᠴᠤᠩᠬᠤ ᠶᠢ ᠬᠠᠮᠳᠦ ᠳᠤᠨᠢ ᠨᠡᠭᠡᠭᠡᠵᠦ ᠪᠤᠯᠬᠤ ᠦᠭᠡᠢ᠂ ᠰᠤᠯᠢᠭ ᠤᠷᠤᠰᠬᠠᠯ ᠡᠭᠦᠰᠬᠦ ᠠᠴᠠ ᠵᠠᠶᠢᠯᠠᠰᠬᠢᠵᠦ᠂ ᠰᠠᠯᠬᠢᠨ ᠤ ᠬᠤᠷᠳᠤᠴᠠ ᠬᠡᠳᠦᠷᠬᠡᠢ ᠶᠡᠭᠡ ᠪᠤᠯᠬᠤᠷ᠂ ᠤᠷᠤᠢ ᠳᠠᠭᠠᠨ ᠴᠤᠩᠬᠤ ᠪᠠᠨ ᠬᠠᠭᠠᠬᠤ ᠬᠡᠷᠡᠭᠳᠡᠢ᠃ ᠰᠠᠯᠬᠢ ᠨᠡᠪᠳᠡᠷᠡᠭᠦᠯᠬᠦ ᠳᠤ ᠡᠩ ᠲᠡᠷᠢᠬᠦᠨ ᠳᠤ ᠡᠳᠦᠷ ᠪᠦᠷᠢ ᠶᠢᠨ ᠭᠤᠤᠯ ᠦᠳᠡ ᠶᠢᠨ ᠦᠨᠳᠦᠷ ᠬᠠᠯᠠᠭᠤᠨ ᠤ ᠬᠤᠭᠤᠴᠠᠭ᠎ᠠ ᠶᠢ ᠲᠠᠭᠠᠷᠠᠭᠤᠯᠤᠨ ᠨᠡᠪᠳᠡᠷᠡᠭᠦᠯᠵᠦ᠂ ᠲᠠᠷᠠᠭ᠎ᠠ ᠨᠢ ᠲᠡᠵᠢᠭᠡᠨ ᠪᠤᠷᠳᠤᠬᠤ ᠬᠤᠭᠤᠴᠠᠭ᠎ᠠ ᠶᠢ ᠲᠠᠭᠠᠷᠠᠭᠤᠯᠤᠨ ᠰᠠᠯᠬᠢ ᠨᠡᠪᠳᠡᠷᠡᠭᠦᠯᠦᠨ᠎ᠡ᠃      ᠲᠠᠪᠤ᠂ ᠲᠡᠵᠢᠭᠡᠨ ᠠᠷᠠᠴᠢᠯᠠᠬᠤ ᠬᠠᠮᠢᠶᠠᠷᠤᠯᠳᠠ ᠶᠢ ᠴᠢᠩᠭᠠᠷᠠᠭᠤᠯᠬᠤ ᠬᠡᠷᠡᠭᠳᠡᠢ᠃ ᠲᠡᠵᠢᠭᠡᠯ ᠪᠤᠷᠳᠤᠭᠠᠨ ᠤ ᠨᠠᠶᠢᠷᠠᠯᠭ᠎ᠠ ᠳᠤ ᠡᠨᠧᠷᠬᠢ ᠶᠢᠨ ᠲᠡᠵᠢᠭᠡᠯ ᠪᠤᠷᠳᠤᠭ᠎ᠠ ᠶᠢ ᠨᠡᠮᠡᠵᠦ᠂ ᠨᠡᠶᠢᠯᠡᠮᠡᠯ ᠸᠢᠲ᠋ᠠᠮᠢᠨ᠂ ᠰᠢᠪᠳᠤᠷᠳᠦ ᠬᠦᠴᠢᠯ᠂ ᠨᠡᠶᠢᠯᠡᠮᠡᠯ ᠢᠰᠭᠡᠭᠦᠷ ᠵᠡᠷᠭᠡ ᠪᠤᠳᠠᠰ ᠢ ᠵᠤᠬᠢᠬᠤ ᠬᠡᠮᠵᠢᠶ᠎ᠡ ᠪᠠᠷ ᠨᠡᠮᠡᠨ᠎ᠡ᠃ ᠡᠪᠦᠯ ᠤᠨ ᠤᠯᠠᠷᠢᠯ ᠳᠤ ᠰᠦᠨᠢ ᠳᠡᠭᠡᠨ ᠨᠢᠭᠡ ᠤᠳᠠᠭ᠎ᠠ ᠲᠡᠵᠢᠭᠡᠯ ᠪᠤᠷᠳᠤᠭ᠎ᠠ ᠨᠡᠮᠡᠵᠦ᠂ ᠴᠡᠪᠡᠷ ᠤᠰᠤ ᠬᠠᠩᠭᠠᠵᠦ᠂ ᠨᠦᠬᠦᠴᠡᠯ ᠲᠠᠢ ᠪᠤᠯ ᠴᠡᠪᠡᠷ ᠪᠦᠯᠢᠶᠡᠨ ᠤᠰᠤ ᠬᠠᠩᠭᠠᠬᠤ ᠬᠡᠷᠡᠭᠳᠡᠢ᠃ ᠲᠦᠯ ᠮᠠᠯ ᠢᠶᠠᠨ ᠲᠡᠵᠢᠭᠡᠬᠦ ᠶᠢ ᠠᠩᠬᠠᠷᠴᠦ᠂ ᠤᠭᠤᠷᠠᠭ ᠰᠦ ᠰᠠᠶᠢᠨ ᠢᠳᠡᠭᠦᠯᠵᠦ᠂ ᠰᠦ ᠵᠤᠰᠤᠬᠤ ᠠᠴᠠ ᠡᠮᠦᠨ᠎ᠡ ᠤᠷᠢᠳᠴᠢᠯᠠᠨ ᠪᠤᠷᠳᠤᠭ᠎ᠠ ᠨᠦᠬᠦᠪᠦᠷᠢᠯᠡᠵᠦ᠂ ᠲᠡᠵᠢᠭᠡᠯ ᠪᠤᠷᠳᠤᠭ᠎ᠠ ᠶᠢᠨ ᠬᠡᠮᠵᠢᠶ᠎ᠡ ᠶᠢ ᠠᠭᠠᠵᠢᠮ ᠢᠶᠠᠷ ᠨᠡᠮᠡᠭᠳᠡᠭᠦᠯᠬᠦ ᠶᠢ ᠠᠩᠬᠠᠷᠤᠨ᠎ᠠ᠃ ᠰᠦ ᠵᠤᠭᠰᠤᠭᠰᠠᠨ ᠤ ᠲᠠᠷᠠᠭ᠎ᠠ ᠲᠡᠵᠢᠭᠡᠯ ᠪᠤᠷᠳᠤᠭ᠎ᠠ ᠪᠠᠨ ᠭᠡᠨᠡᠳᠳᠡ ᠪᠠᠷ ᠪᠠᠷ ᠰᠤᠯᠢᠵᠦ ᠪᠤᠯᠬᠤ ᠦᠭᠡᠢ᠂ ᠦᠨᠳᠦᠷ ᠤᠭᠤᠷᠠᠭ᠂ ᠦᠨᠳᠦᠷ ᠨᠡᠭᠦᠷᠡᠰᠦ ᠤᠰᠤᠨ ᠤ ᠨᠢᠭᠡᠳᠪᠦᠷᠢ  ᠲᠠᠢ ᠲᠡᠵᠢᠭᠡᠯ ᠪᠤᠷᠳᠤᠭ᠎ᠠ ᠲᠡᠵᠢᠭᠡᠬᠦ ᠶᠢ ᠬᠢᠵᠠᠭᠠᠷᠯᠠᠵᠦ᠂ ᠬᠤᠨᠤᠭ ᠤᠨ ᠲᠡᠵᠢᠭᠡᠯ ᠲᠤᠳᠤᠷᠠᠬᠢ ᠰᠢᠷᠬᠡᠭᠯᠢᠭ ᠡᠳ᠋ ᠤᠨ ᠠᠭᠤᠯᠤᠭᠳᠠᠴᠠ ᠶᠢ ᠨᠡᠮᠡᠭᠳᠡᠭᠦᠯᠦᠨ᠎ᠡ᠃      ᠵᠢᠷᠭᠤᠭ᠎ᠠ᠂ ᠲᠤᠭᠳᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ ᠭᠠᠷᠠᠭ ᠪᠦᠷᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠬᠢᠨ ᠲᠤᠭᠤᠷᠢᠨ ᠤ ᠵᠠᠮ᠂ ᠤᠷᠴᠢᠨ ᠲᠤᠭᠤᠷᠢᠨ ᠢ2 ᠠᠴᠠ3 ᠣᠳᠠᠭ᠎ᠠ ᠠᠷᠢᠭᠤᠳᠬᠠᠨ᠎ᠠ᠃ ᠤᠰᠤ ᠠᠷᠢᠭᠤᠳᠬᠠᠬᠤ ᠲᠤᠬᠦᠭᠡᠷᠦᠮᠵᠢ ᠤᠭᠰᠠᠷᠠᠭᠰᠠᠨ ᠦᠭᠡᠢ ᠲᠡᠵᠢᠭᠡᠨ ᠦᠷᠡᠵᠢᠭᠦᠯᠵᠦ ᠲᠠᠯᠠᠪᠠᠢ  ᠨᠢ ᠤᠤᠭᠤᠬᠤ ᠤᠰᠤᠨ ᠳᠠᠭᠠᠨ ᠴᠠᠶᠢᠷᠠᠭᠤᠯᠬᠤ ᠨᠤᠨᠳᠠᠭ ᠪᠤᠶᠤ ᠲᠡᠳ᠋ ᠡᠾᠯᠤᠷ ᠬᠦᠴᠢᠯ ᠤᠨ ᠨᠠᠲᠷᠢ ᠵᠡᠷᠭᠡ ᠠᠷᠢᠭᠤᠳᠬᠠᠭᠴᠢ ᠡᠳ᠋ ᠨᠡᠮᠡᠵᠦ ᠠᠷᠢᠭᠤᠳᠬᠠᠨ᠂ ᠲᠤᠭᠳᠠᠮᠠᠯ ᠬᠤᠭᠤᠴᠠᠭ᠎ᠠ ᠲᠠᠢ ᠪᠠᠷ ᠤᠰᠤ ᠤᠤᠭᠤᠬᠤ ᠰᠠᠪᠠ ᠪᠤᠶᠤ ᠤᠰᠤᠨ ᠤ ᠰᠠᠪᠠ ᠶᠢ ᠠᠷᠢᠭᠤᠳᠬᠠᠨ᠎ᠠ᠃ ᠡᠪᠡᠳᠴᠢᠨ ᠢᠶᠠᠷ ᠦᠬᠦᠭᠰᠡᠨ ᠮᠠᠯ ᠢ ᠴᠤᠭᠯᠠᠭᠤᠯᠬᠤ᠂ ᠵᠦᠭᠡᠭᠡᠪᠦᠷᠢᠯᠡᠬᠦ᠂ ᠰᠢᠢᠳᠪᠦᠷᠢᠯᠡᠬᠦ ᠪᠠᠭᠠᠵᠢ ᠬᠡᠷᠡᠭᠰᠡᠯ ᠢ ᠴᠠᠭ ᠲᠤᠬᠠᠢ ᠳᠤᠨᠢ ᠤᠬᠢᠶᠠᠨ ᠴᠡᠪᠡᠷᠯᠡᠵᠦ᠂ ᠠᠷᠢᠭᠤᠳᠬᠠᠨ᠎ᠠ᠃ ᠠᠷᠢᠭᠤᠳᠬᠠᠬᠤ ᠠᠴᠠ ᠡᠮᠦᠨ᠎ᠡ ᠠᠷᠢᠭᠤᠨ ᠴᠡᠪᠡᠷ ᠤᠨ ᠠᠵᠢᠯ ᠢ ᠰᠠᠶᠢᠳᠤᠷ ᠬᠢᠵᠦ᠂ ᠭᠬᠢᠷ ᠪᠤᠷᠳᠠᠭ ᠢ ᠠᠷᠢᠯᠭᠠᠨ᠂ ᠠᠷᠢᠭᠤᠳᠬᠠᠯ ᠤᠨ ᠦᠷ᠎ᠡ ᠳ᠋ᠦᠩ ᠢ ᠨᠦᠯᠦᠭᠡᠯᠡᠬᠦ ᠠᠴᠠ ᠰᠡᠷᠭᠡᠶᠢᠯᠡᠬᠦ ᠬᠡᠷᠡᠭᠳᠡᠢ᠃ ᠲᠤᠯᠠᠭᠠᠨ ᠤ ᠬᠡᠮᠵᠢᠶ᠎ᠡ ᠲᠤᠤᠷ᠎ᠠ ᠦᠶ᠎ᠡ ᠳᠤ ᠠᠷᠢᠭᠤᠳᠬᠠᠬᠤ ᠴᠠᠭ ᠢ ᠤᠷᠳᠤᠳᠬᠠᠬᠤ ᠦᠳᠭᠡᠴᠡ ᠪᠠ ᠲᠠᠪᠳᠠᠮᠵᠢ ᠶᠢ ᠨᠡᠮᠡᠭᠳᠡᠭᠦᠯᠬᠦ᠂ ᠲᠤᠤᠷ᠎ᠠ ᠲᠤᠯᠠᠭᠠᠨ ᠳᠤ ᠠᠷᠢᠭᠤᠳᠬᠠᠬᠤ ᠡᠳ᠋ᠬᠡᠷᠡᠭᠯᠡᠬᠦ ᠵᠡᠷᠭᠡ ᠠᠷᠭ᠎ᠠ ᠪᠠᠷ ᠠᠷᠢᠭᠤᠳᠬᠠᠬᠤ ᠦᠷ᠎ᠡ ᠳ᠋ᠦᠩ ᠢ ᠪᠠᠳᠤᠯᠠᠨ᠎ᠠ᠃      ᠲᠤᠯᠤᠭ᠎ᠠ᠂ ᠮᠠᠯᠴᠢᠨ ᠲᠠᠷᠢᠶᠠᠴᠢᠳ ᠡᠪᠡᠰᠦ ᠪᠤᠷᠳᠤᠭ᠎ᠠ ᠶᠢᠨ ᠨᠦᠬᠡᠴᠡᠯᠡᠯᠳᠡ ᠶᠢ ᠡᠷᠳᠡᠬᠡᠨ ᠰᠠᠶᠢᠳᠤᠷ ᠬᠢᠬᠦ ᠬᠡᠷᠡᠭᠳᠡᠢ᠃ ᠦᠬᠡᠷ ᠬᠤᠨᠢᠨ ᠤ ᠲᠡᠵᠢᠭᠡᠵᠦ ᠪᠠᠶᠢᠭ᠎ᠠ ᠬᠡᠮᠵᠢᠶ᠎ᠡ᠂ ᠠᠷᠠᠴᠢᠯᠠᠨ ᠲᠠᠵᠢᠭᠡᠬᠦ ᠦᠶᠡᠯᠡᠯ ᠤᠨ ᠬᠤᠭᠤᠴᠠᠭ᠎ᠠ ᠵᠢᠴᠢ ᠡᠳᠦᠷ ᠤᠨ ᠢᠳᠡᠰᠢᠯᠡᠬᠦ ᠬᠡᠮᠵᠢᠶ᠎ᠡ ᠶᠢᠨ ᠪᠠᠶᠢᠳᠠᠯ ᠢ ᠦᠨᠳᠦᠰᠦᠯᠡᠨ᠂ ᠲᠠᠷᠠᠭᠠᠴᠢ ᠶᠢᠨ ᠱᠠᠳᠤ ᠦᠶ᠎ᠡ ᠵᠢᠴᠢ ᠡᠪᠦᠯ ᠤᠨ ᠤᠯᠠᠷᠢᠯ ᠤᠨ ᠲᠠᠷᠤᠰᠢᠭᠤᠯᠤᠭᠰᠠᠨ ᠲᠡᠵᠢᠭᠡᠯ ᠪᠤᠷᠳᠤᠭ᠎ᠠ᠂ ᠡᠰᠢ ᠰᠦᠷᠡᠯ ᠤᠨ ᠲᠡᠵᠢᠭᠡᠯ ᠪᠤᠷᠳᠤᠭ᠎ᠠ᠂ ᠫᠢᠸᠤ᠋ ᠡᠳ᠋ᠰᠢᠭᠦᠯᠦᠭᠰᠡᠨ ᠰᠢᠭᠠᠷ ᠵᠡᠷᠭᠡ ᠲᠡᠵᠢᠭᠡᠯ ᠡᠪᠡᠰᠦ ᠪᠤᠷᠳᠤᠭ᠎ᠠ ᠶᠢ ᠬᠤᠳᠠᠯᠳᠤᠨ ᠤᠷᠤᠭᠤᠯᠬᠤ ᠵᠢᠴᠢ ᠨᠦᠬᠡᠴᠡᠯᠡᠬᠦ ᠠᠵᠢᠯ ᠢ ᠡᠷᠳᠡᠬᠡᠨ ᠰᠠᠶᠢᠳᠤᠷ ᠬᠢᠵᠦ᠂ ᠭᠠᠩ ᠬᠠᠭᠤᠷᠠᠢ ᠲᠡᠵᠢᠭᠡᠯ ᠡᠪᠡᠰᠦᠨ ᠤ ᠭᠠᠷᠤᠯᠳᠠ ᠬᠦᠷᠦᠯᠴᠡᠬᠦ ᠦᠭᠡᠢ ᠪᠠᠶᠢᠬᠤ ᠪᠠ ᠨᠠᠮᠤᠷ ᠡᠪᠦᠯ ᠤᠨ ᠬᠦᠢᠳᠡᠨ ᠰᠡᠷᠢᠭᠦᠨ ᠠᠭᠤᠷ ᠠᠮᠢᠰᠬᠤᠯ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠵᠠᠮ ᠬᠠᠷᠢᠯᠴᠠᠭᠠᠨ ᠤ ᠬᠠᠮᠢᠶᠠᠷᠤᠯᠳᠠ ᠡᠵᠡᠮᠳᠡᠯ ᠠᠴᠠ ᠪᠤᠯᠤᠭᠰᠠᠨ ᠲᠡᠵᠢᠭᠡᠯ ᠡᠪᠡᠰᠦ ᠲᠤᠳᠠᠭᠳᠠᠬᠤ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠬᠡᠷᠡᠭᠳᠡᠢ᠃                                   ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠢᠶᠠᠯᠠᠩ             ᠮᠠᠯ ᠠᠵᠦ ᠠᠬᠤᠢ ᠶᠢᠨ ᠲᠤᠪᠴᠢᠶ᠎ᠠ ᠲᠠᠷᠤᠮᠯᠯᠠᠪᠠ                   2022 ᠤᠨ ᠤ10 ᠰᠠᠷ᠎ᠠ ᠶᠢᠨ28 ᠤ ᠡᠳᠦᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号