11 ᠰᠠᠷ᠎ᠠ ᠶᠢᠨ14 ᠤ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠮᠢᠩᠭᠠᠨ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠬᠡᠰᠢᠭᠦᠨ ᠲᠤᠷᠤᠨ᠎ᠠ ᠠᠴᠠ ᠨᠠᠮ ᠤᠨ ᠬᠦᠭᠵᠢᠯᠳᠡ ᠶᠢᠨ ᠶᠠᠪᠤᠴᠠ᠂ ᠨᠠᠮ ᠤᠨ ᠰᠢᠨ᠎ᠡ | ᠡᠭᠦᠳᠦᠯᠳᠡ ᠶᠢᠨ ᠤᠨᠤᠯ ᠤᠨ ᠲᠤᠭᠤᠷᠢᠨ ᠳᠤ ᠦᠨᠳᠦᠰᠦᠨ ᠱᠠᠳᠤᠨ ᠤ ᠠᠵᠢᠯ ᠤᠨ ᠪᠤᠳᠠᠳᠦ ᠪᠠᠶᠢᠳᠠᠯ ᠲᠠᠢ | ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ | ᠂ ᠭᠦᠨᠵᠡᠭᠡᠢ ᠪᠦᠭᠡᠳ ᠤᠶᠢᠯᠠᠭᠠᠮᠵᠢᠳᠠᠢ ᠲᠠᠶᠢᠯᠪᠤᠷᠢᠯᠠᠭᠰᠠᠨ ᠪᠠᠶᠢᠨ᠎ᠠ᠃ | | | ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ | ᠲᠤᠭᠤᠰᠢᠯᠠᠭᠤᠯᠬᠤ ᠶᠠᠪᠤᠴᠠ ᠳᠤ ᠲᠦᠷᠦᠭᠦᠯᠡᠬᠦ ᠶᠢ ᠦᠨᠡᠨ ᠬᠦ ᠪᠠᠳᠤᠯᠠᠵᠦ᠂ ᠰᠤᠷᠤᠯᠴᠠᠬᠤ ᠪᠠᠷ ᠬᠡᠷᠡᠭᠯᠡᠬᠦ ᠶᠢ | ᠠᠬᠢᠭᠤᠯᠵᠦ᠂ ᠮᠡᠳᠡᠯᠭᠡ ᠪᠠᠷ ᠬᠡᠷᠡᠭᠵᠢᠭᠦᠯᠬᠦ ᠶᠢ ᠠᠬᠢᠭᠤᠯᠵᠦ᠂ ᠨᠠᠶᠢᠳᠠᠪᠤᠷᠢᠵᠢᠭᠤᠯᠤᠯᠳᠠ ᠶᠢᠨ ᠬᠤᠰᠢᠭᠤᠴᠢ ᠪᠤᠯᠬᠤ | ᠪᠠᠷ ᠴᠢᠷᠮᠠᠶᠢᠵᠦ᠂ ᠰᠤᠷᠤᠯᠴᠠᠭᠰᠠᠨ ᠦᠷ᠎ᠡ ᠪᠦᠳᠦᠭᠡᠯ ᠢᠶᠠᠨ ᠦᠢᠯᠡᠳᠦᠯᠭᠡ ᠶᠢ ᠵᠢᠯᠤᠭᠤᠳᠬᠤ ᠲᠡᠭᠡᠷ᠎ᠡ ᠦᠨᠡᠨ ᠬᠦ | ᠬᠡᠷᠡᠭᠯᠡᠵᠦ᠂ ᠪᠤᠳᠠᠳᠦ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠤᠨ᠎ᠠ ᠭᠡᠵᠦ ᠢᠯᠡᠷᠭᠡᠶᠢᠯᠡᠭᠰᠡᠨ ᠪᠠᠶᠢᠨ᠎ᠠ᠃ | ᠤᠬᠠᠭᠤᠯᠤᠨ ᠲᠠᠶᠢᠯᠪᠤᠷᠢᠯᠠᠯᠳᠠ ᠲᠠᠭᠤᠰᠤᠭᠰᠠᠨ ᠤ ᠲᠠᠷᠠᠭ᠎ᠠ ᠮᠢᠩᠭᠠᠨ ᠪᠠᠯᠭᠠᠰᠤ ︽ᠪᠤᠭᠤᠳᠦ ᠪᠠᠨ | ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢᠨ ᠠᠮᠠᠯᠠᠯᠳᠠ | ᠶᠢᠨ ᠭᠠᠷ ᠤᠨ ᠦᠰᠦᠭ ᠵᠢᠷᠤᠬᠤ ᠶᠤᠰᠤᠯᠠᠯ ᠦᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠣᠬᠠᠭᠤᠯᠤᠨ ᠲᠤᠭᠤᠰᠢᠯᠠᠭᠤᠯᠵᠦ᠂ ︽ᠪᠤᠭᠤᠳᠦ | ᠪᠠᠨ ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠭᠡᠢ | ᠦᠷᠨᠢᠭᠦᠯᠬᠦ ᠲᠤᠬᠠᠢ ᠬᠠᠮᠢᠶ᠎ᠠ ᠪᠦᠬᠦᠢ ᠽᠠᠭᠠᠷᠳᠠᠯᠭᠠ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠪᠠᠶᠢᠨ᠎ᠠ᠃ | | | | | ᠲᠤᠰ ᠤᠳᠠᠭᠠᠨ ᠤ ᠭᠠᠷ ᠤᠨ ᠦᠰᠦᠭ ᠵᠢᠷᠤᠬᠤ ᠶᠤᠰᠤᠯᠠᠯ ᠪᠤᠯ ᠮᠢᠩᠭᠠᠨ ᠪᠠᠯᠭᠠᠰᠤᠨ ᠤ ︽ᠪᠤᠭᠤᠳᠦ ᠪᠠᠨ | ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢ ᠰᠠᠶᠢᠳᠤᠷ | ᠨᠠᠶᠢᠳᠠᠪᠤᠷᠢᠵᠢᠭᠤᠯᠬᠤ ᠶᠢᠨ ᠨᠢᠭᠡ ᠶᠡᠭᠡ ᠬᠢᠯᠠᠰ ᠴᠡᠭ ᠪᠠᠶᠢᠵᠦ᠂ ᠰᠠᠨᠠᠭᠠᠴᠢᠯᠠᠭ᠎ᠠ ᠠᠴᠠ ᠪᠠᠨ ᠲᠦᠷᠢ ᠲᠦᠷᠬᠦ ᠪᠠᠨ | ᠲᠡᠯᠭᠡᠨ ᠦᠵᠡᠭᠦᠯᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠮᠢᠩᠭᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠪᠠᠯᠭᠠᠰᠤᠨ ᠤ ᠢᠷᠡᠭᠡᠳᠦᠢ ᠶᠢᠨ ᠬᠦᠭᠵᠢᠯᠳᠡ ᠳᠤ ᠬᠦᠴᠦᠨ ᠴᠢᠳᠠᠯ ᠢᠶᠠᠨ ᠡᠷᠭᠦᠭᠦ ᠤᠪᠤᠷ ᠪᠠ ᠵᠤᠷᠢᠭ | ᠢ ᠢᠯᠡᠳᠭᠡᠵᠦ᠂ ᠪᠦᠬᠦ ᠪᠠᠯᠭᠠᠰᠣᠨ ᠤ ᠺᠠᠳ᠋ᠷᠴᠤᠳ ᠤᠨ ᠠᠵᠢᠯ ᠢᠶᠠᠨ ᠰᠠᠶᠢᠳᠤᠷ ᠬᠢᠬᠦ ᠢᠳᠡᠪᠬᠢᠵᠢᠯ ᠢ ᠨᠢ | ᠲᠠᠶᠢᠴᠢᠯᠠᠵᠦ᠂ ᠮᠢᠩᠭᠠᠨ ᠪᠠᠯᠭᠠᠰᠤᠨ ᠤ ᠪᠦᠳᠦᠭᠡᠨ ᠪᠠᠶᠢᠭᠤᠯᠬᠤ ᠡᠭᠦᠷᠭᠡᠳᠦ ᠰᠡᠳᠭᠢᠯᠬᠡ᠂ ᠬᠠᠷᠢᠭᠤᠴᠠᠯᠭᠠᠳᠤ | ᠰᠡᠳᠬᠢᠯᠭᠡ ᠶᠢ ᠴᠢᠩᠭᠠᠳᠬᠠᠵᠦ᠂ ᠢᠷᠡᠭᠡᠳᠦᠢ ᠶᠢᠨ ᠬᠦᠭᠵᠢᠯᠳᠡ ᠳᠤ ᠰᠠᠭᠤᠷᠢ ᠲᠠᠯᠪᠢᠵᠦ ᠦᠭᠴᠠᠢ᠃ | | | | | | | | |