ᠮᠢᠩᠭᠠᠨ ᠪᠠᠯᠭᠠᠰᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠢ ᠴᠢᠬᠤᠯᠠᠴᠢᠯᠠᠨ ᠰᠤᠷᠤᠯᠴᠠᠵᠦ ᠪᠠᠶᠢᠨ᠎ᠠ
ᠨᠡᠶᠢᠲᠡᠯᠡᠭᠰᠡᠨ ᠴᠠᠭ᠄
2022/11/2
      ᠨᠠᠮ ᠤᠨ ᠬᠤᠷᠢᠳᠤᠭᠠᠷ ᠶᠡᠭᠡ ᠬᠤᠷᠠᠯ ᠪᠤᠯ ᠪᠦᠬᠦ ᠤᠯᠤᠰ ᠤᠨ ᠦᠨᠳᠦᠰᠦᠳᠡᠨ ᠨᠦᠬᠦᠳ ᠤᠨ ᠠᠷᠠᠳ ᠲᠦᠮᠡᠨ ᠨᠠᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠤᠷᠳᠠᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠰᠢ ᠤᠷᠤᠭᠰᠢᠯᠠᠬᠤ ᠵᠠᠩᠭᠢᠯᠭ᠎ᠠ ᠶᠢᠨ ᠴᠠᠭ ᠮᠦᠴᠡ ᠳᠤ ᠬᠤᠷᠠᠯᠳᠤᠭᠰᠠᠨ ᠲᠤᠶᠢᠯ ᠤᠨ ᠴᠢᠬᠤᠯᠠ ᠬᠤᠷᠠᠯ ᠪᠤᠯᠤᠨ᠎ᠠ᠃ ᠮᠢᠩᠭᠠᠨ ᠪᠠᠯᠭᠠᠰᠤᠨ ᠤ ᠬᠢᠨ ᠨᠠᠮ  ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠲᠤᠩ ᠴᠢᠬᠤᠯᠠᠴᠢᠯᠠᠨ ᠦᠵᠡᠵᠦ᠂ ᠪᠦᠬᠦ ᠺᠠᠳ᠋ᠷ ᠠᠵᠢᠯᠳᠠᠨ ᠠᠵᠢᠯᠴᠢᠳ ᠨᠠᠮ ᠤᠨ ᠬᠡᠰᠢᠭᠦᠳ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠤᠳᠤᠬᠠᠨ ᠤ ᠬᠠᠮᠤᠭ ᠴᠢᠬᠤᠯᠠ ᠤᠯᠤᠰ ᠲᠦᠷᠦ  ᠶᠢᠨ ᠡᠭᠦᠷᠭᠡ ᠪᠤᠯᠭᠠᠵᠦ ᠪᠠᠶᠢᠨ᠎ᠠ᠃
微信图片_20221111154229.jpg
      11 ᠰᠠᠷ᠎ᠠ ᠶᠢᠨ1 ᠤ ᠡᠳᠦᠷ ᠤᠨ ᠦᠳᠡ ᠶᠢᠨ ᠬᠤᠶᠢᠨ᠎ᠠ᠂ ᠮᠢᠩᠭᠠᠨ ᠪᠠᠯᠭᠠᠰᠤᠨ ᠤ ᠪᠠᠶᠠᠠᠬᠠᠠᠩᠭᠠᠢ ᠭᠠᠴᠠᠭᠠᠨ ᠤ ᠬᠤᠶᠠᠷ ᠵᠦᠪᠯᠡᠯ᠂ ᠬᠤᠯᠪᠤᠭᠠᠯᠠᠨ ᠲᠠᠭᠠᠭᠠᠴᠢᠯᠠᠭᠰᠠᠨ ᠤᠳᠤᠷᠢᠳᠤᠯᠭ᠎ᠠ ᠬᠠᠮᠳᠤᠪᠠᠷ ᠭᠠᠴᠠᠭᠠᠨ ᠤ ᠪᠠᠨ ᠮᠠᠯᠴᠢᠨ ᠨᠠᠮ ᠤᠨ ᠬᠡᠰᠢᠭᠦᠳ ᠢ ᠵᠤᠬᠢᠶᠠᠨ ᠪᠠᠶᠢᠭᠤᠯᠤᠨ ᠲᠤᠮᠳᠠᠳᠦ ᠤᠯᠤᠰ ᠤᠨ ᠡᠪᠡ ᠬᠠᠮᠳᠦ ᠨᠠᠮ ᠤᠨ ᠬᠤᠷᠢᠳᠤᠭᠠᠷ ᠣᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠲᠠᠬᠢ ᠢᠯᠡᠳᠬᠡᠯ ᠤᠨ ᠨᠠᠷᠢᠨ ᠠᠭᠤᠯᠭ᠎ᠠ ᠶᠢ ᠬᠤᠤᠰ ᠬᠡᠯᠡ ᠪᠠᠷ ᠰᠤᠷᠤᠯᠴᠠᠨ ᠤᠬᠠᠭᠤᠯᠵᠦ᠂ ᠬᠤᠷᠠᠯ ᠤᠨ ᠵᠤᠷᠢᠭ ᠰᠠᠨᠠᠭ᠎ᠠ ᠶᠢ ᠨᠠᠮ ᠤᠨ ᠬᠡᠰᠢᠭᠦᠳ  ᠲᠤ ᠤᠯᠠᠮ ᠨᠢᠭᠡ ᠠᠯᠬᠤᠮ ᠰᠤᠷᠤᠯᠴᠠᠨ ᠤᠶᠢᠯᠠᠭᠠᠭᠤᠯᠬᠤ ᠶᠢᠨ ᠬᠠᠮᠳᠦ ᠬᠤᠶᠢᠰᠢᠳᠠ ᠶᠢᠨ ᠠᠮᠢᠳᠤᠷᠠᠯ ᠦᠢᠯᠡᠳᠪᠦᠷᠢᠯᠡᠯ ᠤᠨ ᠲᠦᠯᠦᠪᠵᠢᠭᠦᠯᠬᠡ ᠳᠤ ᠪᠠᠨ ᠨᠠᠷᠢᠨ ᠪᠤᠳᠠᠳᠠᠢ ᠤᠨᠤᠯ ᠤᠨ ᠵᠢᠯᠤᠭᠤᠳᠤᠯᠭ᠎ᠠ ᠪᠤᠯᠭᠠᠵᠦ᠂ ᠮᠠᠯᠴᠢᠳ ᠢᠶᠠᠨ ᠲᠠᠶᠢᠴᠢᠯᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠦ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号