ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠪᠠᠯᠢ ᠠᠷᠠᠯ ᠳᠤ ᠠᠭᠤᠯᠵᠠᠪᠠ
ᠨᠡᠶᠢᠲᠡᠯᠡᠭᠰᠡᠨ ᠴᠠᠭ᠄
2022/11/21
微信图片_20221121161309.jpg
      ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ᠃       ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯᠲᠡ ᠪᠠᠨ ᠴᠢᠩ ᠦᠨᠡᠨᠴᠢ ᠪᠠᠷ ᠭᠦᠨᠵᠡᠭᠡᠢ ᠰᠣᠯᠢᠯᠴᠠᠪᠠ᠃       ᠰᠢ ᠶᠢᠨ ᠫᠢᠩ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ ᠪᠥᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ᠃ ᠳᠤᠮᠳᠠᠳᠤ ᠠᠮᠧᠷᠢᠺᠠ ᠬᠤᠶᠠᠷ ᠲᠠᠯ᠎ᠠ ᠪᠠᠷ ᠢᠶᠠᠨ ᠲᠡᠦᠬᠡ᠂ ᠳᠡᠯᠡᠬᠡᠢ ᠶᠢᠷᠲᠢᠨᠴᠦ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠵᠥᠪ ᠴᠢᠭᠯᠡᠯ ᠢ ᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ᠂ ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ᠃       ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ᠂ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠢᠯᠡ ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ᠂ ᠢᠮᠠᠭᠲᠠ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ ᠪᠠ ᠣᠪᠣᠷ ᠢᠶᠠᠨ ᠲᠣᠭᠲᠠᠭᠠᠵᠤ᠂ ᠶᠠᠷᠢᠯᠴᠠᠭ᠎ᠠ ᠬᠢᠵᠦ ᠵᠥᠪᠳᠡᠯᠴᠡᠬᠦ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ ᠪᠣᠯᠵᠤ᠂ ᠡᠯ᠎ᠡ ᠤᠯᠤᠰ ᠲᠠᠢ ᠬᠠᠮᠲᠤ ᠪᠠᠷ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃       ᠰᠢ ᠶᠢᠨ ᠫᠢᠩ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ᠃       ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠰᠢᠢᠳᠪᠦᠷᠢᠯᠡᠬᠦ ᠬᠡᠷᠡᠭᠲᠡᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ᠂ ᠴᠢ ᠮᠠᠨᠳᠤᠪᠠᠯ ᠪᠢ ᠳᠣᠷᠦ᠋ᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ᠂ ᠳᠤᠮᠳᠠᠳᠤ ᠠᠮᠧᠷᠢᠺᠠ ᠲᠤᠰ ᠲᠤᠰ ᠲᠠᠭᠠᠨ ᠠᠮᠵᠢᠯᠲᠠ ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ᠃ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ᠂ ᠬᠠᠮᠲᠤ ᠶᠢᠨ ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ ᠨᠡᠶᠢᠯᠡᠪᠦᠷᠢ ᠶᠢᠨ ᠪᠤᠰᠤ ᠭᠦᠭ ᠠᠶᠠᠰ ᠢ ᠲᠣᠭᠲᠠᠭᠠᠪᠠᠯ ᠵᠣᠬᠢᠨ᠎ᠠ᠃ ᠪᠢ ᠶᠡᠷᠦᠩᠬᠡᠶᠢᠯᠡᠭᠴᠢ ᠠᠪᠤᠭᠠᠢ ᠶᠢᠨ ︽ᠳᠥᠷᠪᠡ ᠶᠢ ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠯᠤᠰ ᠶᠡᠷᠦ ᠠᠴᠠ ᠤᠳᠤ ᠶᠢᠨ ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ ᠣᠷᠣᠯᠠᠬᠤ ᠰᠠᠨᠠᠭ᠎ᠠ ᠦᠭᠡᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠥᠪ ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ᠂ ᠬᠡᠯᠪᠠᠶᠢᠬᠦ ᠦᠭᠡᠢ᠂ ᠬᠤᠷᠳᠤᠴᠠ ᠠᠯᠳᠠᠬᠤ ᠦᠭᠡᠢ᠂ ᠨᠡᠩ ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ᠂ ᠪᠠᠰᠠ ᠴᠤ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ ᠲᠦᠪᠰᠢᠨ ᠤ ᠲᠣᠣᠷ ᠮᠥᠨ ᠭᠡᠵᠦ ᠵᠢᠭᠠᠵᠤ ᠭᠠᠷᠭᠠᠪᠠ᠃       ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ ᠵᠣᠭᠰᠣᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠠᠪᠠᠵᠤ ᠪᠣᠯᠣᠰᠢ ᠦᠭᠡᠢ ᠨᠢᠭᠡᠳᠦᠭᠡᠷ ᠤᠯᠠᠭᠠᠨ ᠱᠤᠭᠤᠮ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ ᠥᠪᠡᠷ ᠤᠨ ᠶᠠᠪᠤᠳᠠᠯ ᠮᠥᠨ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ᠃ ᠡᠬᠡ ᠤᠯᠤᠰ ᠤᠨ ᠨᠢᠭᠡᠳᠦᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠶᠠᠮᠠᠷᠪᠠ ᠬᠥᠮᠥᠨ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ ᠵᠢᠷᠤᠮ ᠠᠴᠠ ᠲᠡᠷᠰᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ︕ ᠪᠢᠳᠡ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ ᠪᠥᠭᠡᠳ ᠢᠮᠠᠭᠲᠠ ᠪᠠᠲᠤᠯᠠᠬᠤ ᠪᠠᠷ ᠴᠢᠷᠮᠠᠶᠢᠵᠤ ᠪᠠᠶᠢᠨ᠎ᠠ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ ᠬᠢᠬᠦ ᠨᠢ ᠨᠢᠭᠡᠳᠦᠯᠲᠡᠢ ᠪᠠᠶᠢᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦ᠋ᠢᠯᠡᠨ ᠵᠢᠷᠤᠮᠯᠠᠬᠤ ᠶᠢ ᠬᠦᠰᠡᠵᠦ ᠪᠠᠶᠢᠨ᠎ᠠ᠃ ᠶᠡᠷᠦᠩᠬᠡᠶᠢᠯᠡᠭᠴᠢ ᠠᠪᠤᠭᠠᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ᠲᠠᠶᠢᠸᠠᠨ ᠢ ᠳᠤᠮᠳᠠᠳᠤ ᠤᠯᠤᠰ ᠲᠠᠢ ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠤᠯᠭᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ᠃ ᠠᠮᠧᠷᠢᠺᠠ ᠶᠢᠨ  ᠬᠢᠨ ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠡᠷᠬᠡ ᠴᠢᠯᠦᠭᠡ᠂ ᠠᠷᠠᠳᠴᠢᠯᠠᠯ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠥᠭᠡᠭᠡᠴᠡᠯᠳᠦᠯ ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ ᠮᠥᠨ᠃ ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ᠂ ᠳᠤᠮᠳᠠᠳᠤ ᠤᠯᠤᠰ ᠲᠤ ᠳᠤᠮᠳᠠᠳᠤ ᠤᠯᠤᠰ ᠤᠨ ᠮᠠᠶ᠋ᠢᠭ ᠤᠨ ᠠᠷᠠᠳᠴᠢᠯᠠᠯ ᠲᠠᠢ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ᠃ ᠳᠤᠮᠳᠠᠳᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ ᠰᠣᠶᠣᠯ ᠳᠤ ᠰᠠᠭᠤᠷᠢᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ ᠣᠮᠣᠭᠰᠢᠵᠤ ᠪᠠᠶᠢᠨ᠎ᠠ᠃ ᠶᠠᠮᠠᠷᠪᠠ ᠤᠯᠤᠰ ᠤᠨ ᠠᠷᠠᠳᠴᠢᠯᠠᠯ ᠤᠨ ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ ᠲᠡᠭᠦᠯᠳᠡᠷ ᠪᠠᠶᠢᠵᠤ ᠴᠢᠳᠠᠬᠤ ᠦᠭᠡᠢ ᠶᠤᠮ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ᠃ ᠬᠤᠶᠠᠷ ᠲᠠᠯ᠎ᠠ ᠶᠢᠨ  ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ ᠪᠣᠯᠣᠨ᠎ᠠ᠂ ᠡᠭᠦᠨ ᠤ ᠤᠷᠢᠲᠠᠯ ᠪᠣᠯ ᠡᠷᠬᠡ ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ᠃ ︽ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ ᠣᠨᠴᠠᠯᠢᠭ ᠪᠢᠰᠢ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ᠂ ᠳᠤᠮᠳᠠᠳᠤ ᠤᠯᠤᠰ ᠨᠡᠶᠢᠭᠡᠮ ᠵᠢᠷᠤᠮ ᠢ ᠬᠡᠷᠡᠭᠵᠢᠭᠦᠯᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ᠃ ᠡᠶᠢᠮᠦ ᠠᠳᠠᠯᠢ ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ᠂ ᠬᠤᠶᠢᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ 14 ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠥᠭᠵᠢᠯᠲᠡ ᠪᠠ ᠲᠣᠭᠲᠠᠭᠤᠨ ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ ᠪᠤᠰᠤ ᠶᠢ ᠮᠡᠳᠡᠷᠡᠵᠦ᠂ ᠡᠨᠡ ᠬᠦ ᠠᠳᠠᠯᠢ ᠪᠤᠰᠤ ᠶᠢ ᠭᠦᠨᠳᠦᠳᠭᠡᠵᠤ᠂ ᠬᠠᠷᠢᠨ ᠨᠢᠭᠡ ᠯᠡ ᠠᠳᠠᠯᠢ ᠪᠤᠯᠭᠠᠬᠤ ᠪᠠᠷ ᠠᠯᠪᠠᠳᠠᠵᠤ᠂ ᠴᠢᠨᠠᠭᠰᠢᠯᠠᠪᠠᠯ ᠨᠦᠭᠦᠭᠡ ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ᠃ ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠬᠠᠷᠢᠨ ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ ᠪᠤᠯᠬᠤ ᠦᠭᠡᠢ ᠶᠤᠮ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠵᠠᠮ ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ᠂ ᠬᠤᠶᠢᠰᠢᠳᠠ ᠪᠠᠰᠠ ᠪᠠᠶᠢᠬᠤ ᠶᠤᠮ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ ᠲᠠᠢ᠂ ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ᠂ ᠴᠢᠷᠮᠠᠶᠢᠨ ᠥᠷᠢᠰᠦᠯᠳᠦᠵᠦ᠂ ᠬᠠᠮᠲᠤ ᠪᠠᠷ ᠳᠠᠪᠰᠢᠬᠤ ᠠᠴᠠ ᠪᠢᠰᠢ᠂ ᠬᠠᠷᠢᠨ ᠴᠢ ᠢᠯᠠᠭᠳᠠᠪᠠᠯ ᠪᠢ ᠢᠯᠠᠵᠤ᠂ ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ ᠪᠠᠶᠢᠪᠠᠯ ᠵᠣᠬᠢᠨ᠎ᠠ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ ᠤᠯᠠᠮᠵᠢᠯᠠᠯ ᠲᠠᠢ᠂ ᠠᠯᠢᠪᠠ ᠳᠠᠷᠤᠯᠲᠠ ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ ᠬᠥᠭᠵᠢᠭᠡᠳᠡᠭ ᠶᠤᠮ᠃ ᠠᠷᠠᠯᠵᠢᠶᠠᠨ ᠤ ᠲᠠᠶᠢᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠶᠢᠨ ᠬᠢᠵᠦ᠂ ᠵᠣᠷᠢᠭᠤᠳᠠ ︽ᠬᠡᠷᠡᠮ ᠪᠣᠰᠬᠠᠨ ᠪᠠᠬᠢᠯᠡᠯᠲᠡ ᠪᠠᠶᠢᠭᠤᠯᠵᠤ︾᠂ ᠠᠯᠪᠠ ᠪᠠᠷ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ ᠵᠥᠷᠢᠴᠡᠵᠦ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠡᠪᠳᠡᠵᠦ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ᠃ ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠬᠦ᠂ ᠵᠡᠪᠰᠡᠭᠵᠢᠭᠦᠯᠬᠦ ᠶᠢ ᠡᠰᠡᠷᠭᠦᠴᠡᠨ᠎ᠡ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠠᠮᠧᠷᠢᠺᠠ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠳᠤᠮᠳᠠᠳᠤ ᠠᠮᠧᠷᠢᠺᠠ ᠮᠥᠷᠭᠦᠯᠳᠦᠬᠦ ᠦᠭᠡᠢ᠂ ᠡᠰᠡᠷᠭᠦᠴᠡᠯᠳᠦᠬᠦ ᠦᠭᠡᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ᠂ ᠰᠢᠨ᠎ᠡ ᠬᠥᠭᠵᠢᠯᠲᠡ ᠶᠢᠨ ᠡᠭᠦᠷᠭᠡ ᠳᠤ ᠲᠤᠯᠭᠠᠷᠠᠵᠤ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠭᠦᠷᠳᠡᠭᠦ ᠴᠢᠬᠤᠯᠠᠲᠠᠢ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ᠃ ᠪᠦᠭᠦ ᠪᠥᠮᠪᠥᠷᠴᠡᠭ ᠤᠨ ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠤᠯᠬᠤ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ᠂ ᠶᠡᠭᠡ ᠲᠠᠯ᠎ᠠ ᠶᠢ ᠪᠣᠳᠣᠯᠬᠢᠯᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃       ᠪᠠᠶᠢᠳᠧᠨ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ᠂ ᠪᠠᠶᠢᠩᠭᠤ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ ᠴᠢᠳᠠᠬᠤ ᠦᠭᠡᠢ ᠶᠤᠮ᠃ ᠲᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ᠃ ᠠᠮᠧᠷᠢᠺᠠ ᠳᠤᠮᠳᠠᠳᠤ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠵᠤ᠂ ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ᠃ ᠡᠨᠡ ᠨᠢ ᠠᠮᠧᠷᠢᠺᠠ ᠳᠤᠮᠳᠠᠳᠤ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠲᠦᠢᠯ ᠤᠨ ᠴᠢᠬᠤᠯᠠ ᠪᠥᠭᠡᠳ ᠪᠦᠭᠦ ᠳᠡᠯᠡᠬᠡᠢ ᠳᠤ ᠴᠦ ᠲᠦᠢᠯ ᠤᠨ ᠴᠢᠬᠤᠯᠠ ᠶᠤᠮ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠠᠮᠧᠷᠢᠺᠠ ᠳᠤᠮᠳᠠᠳᠤ ᠤᠯᠤᠰ ᠤᠨ ᠪᠠᠶᠢᠭᠤᠯᠤᠮᠵᠢ ᠶᠢ ᠭᠦᠨᠳᠦᠳᠭᠡᠵᠦ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ ︽ᠰᠢᠨ᠎ᠡ ᠬᠦᠢᠲᠡᠨ ᠲᠠᠶᠢᠨ︾ ᠢ ᠡᠷᠢᠯᠬᠢᠯᠡᠬᠦ ᠦᠭᠡᠢ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ︽ᠬᠤᠶᠠᠷ ᠳᠤᠮᠳᠠᠳᠤ ᠤᠯᠤᠰ︾᠂ ︽ᠨᠢᠭᠡ ᠳᠤᠮᠳᠠᠳᠤ ᠤᠯᠤᠰ ᠨᠢᠭᠡ ᠲᠠᠶᠢᠸᠠᠨ︾ ᠢ ᠴᠤ ᠳᠡᠮᠵᠢᠭᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ᠃ ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ ᠰᠠᠨᠠᠭ᠎ᠠ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ᠂ ᠳᠤᠮᠳᠠᠳᠤ ᠤᠯᠤᠰ ᠢ ᠪᠦᠰᠡᠯᠡᠵᠦ ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ᠃       ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ ᠲᠦᠢᠯ ᠤᠨ ᠴᠢᠬᠤᠯᠠ ᠶᠤᠮ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ ᠰᠢᠷᠦᠭᠦᠨ ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ ᠰᠡᠷᠭᠡᠶᠢᠯᠡᠵᠦ ᠴᠢᠳᠠᠬᠤ ᠶᠢ ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ ᠪᠠᠶᠢᠨ᠎ᠠ᠂ ᠬᠤᠶᠠᠷ ᠲᠠᠯ᠎ᠠ ᠶᠢᠨ ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ ᠶᠠᠷᠢᠯᠴᠠᠵᠤ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ ᠦᠭᠡᠢ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠣᠯᠵᠤ ᠬᠠᠷᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃       ᠬᠤᠶᠠᠷ ᠤᠯᠤᠰ ᠤᠨ ᠲᠡᠷᠢᠭᠦᠨ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ᠃ ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ ᠵᠥᠪᠰᠢᠶᠡᠷᠡᠪᠡ᠃ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠳᠣᠯᠣᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ᠃ ᠳᠤᠮᠳᠠᠳᠤ ᠠᠮᠧᠷᠢᠺᠠ ᠶᠢᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ᠂ ᠨᠡᠩ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ᠃ ᠳᠤᠮᠳᠠᠳᠤ ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠲᠦᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ ᠥᠷᠭᠡᠳᠬᠡᠬᠦ ᠶᠢ ᠵᠣᠷᠢᠭᠵᠢᠭᠤᠯᠪᠠ᠃       ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠬᠢᠮᠤᠷᠠᠯ ᠡᠭᠦᠰᠦᠭᠰᠡᠨ ᠤ ᠲᠠᠷᠠᠭ᠎ᠠ᠂ ᠪᠢ ︽ᠲᠦᠷᠪᠡᠨ ᠡᠷᠬᠡᠪᠰᠢ︾ ᠶᠢ ᠳᠤᠷᠠᠳᠤᠭᠰᠠᠨ ᠪᠥᠭᠡᠳ ᠲᠦᠷᠦᠭᠦᠬᠡᠨ ᠪᠠᠰᠠ ︽ᠲᠦᠷᠪᠡᠨ ᠬᠠᠮᠲᠤ ᠪᠠᠷ︾ ᠢ ᠳᠤᠷᠠᠳᠤᠭᠰᠠᠨ ᠶᠤᠮ᠃ ᠦᠺᠷᠠᠶᠢᠨ ᠤ ᠬᠢᠮᠤᠷᠠᠯ ᠮᠡᠲᠦ ᠶᠢᠨ ᠪᠦᠭᠦ ᠪᠥᠮᠪᠥᠷᠴᠡᠭ ᠤᠨ ᠴᠢᠨᠠᠷᠲᠠᠢ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ᠂ ᠡᠶᠢᠮᠦ ᠬᠡᠳᠦᠨ ᠵᠦᠢᠯ ᠢ ᠬᠢᠨᠠᠮᠠᠭᠠᠢ ᠪᠣᠳᠣᠯᠬᠢᠯᠠᠭᠤᠰᠢᠲᠠᠢ ᠪᠠᠶᠢᠨ᠎ᠠ᠄ ᠨᠢᠭᠡ ᠳᠤ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ ; ᠬᠤᠶᠠᠷ ᠲᠤ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; ᠭᠤᠷᠪᠠ ᠳᠤ᠂ ᠲᠣᠮᠣ ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ᠃ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠤᠨ ᠲᠠᠯ᠎ᠠ ᠳᠤ ᠵᠣᠭᠰᠣᠵᠤ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ᠂ ᠤᠷᠤᠰ ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ᠂ ᠤᠮᠠᠷᠠᠲᠤ ᠠᠳ᠋ᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ  ᠬᠢᠨ ᠤᠷᠤᠰ ᠯᠤᠭ᠎ᠠ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠬᠤᠶᠠᠷ ᠤᠯᠤᠰ ᠤᠨ ᠲᠡᠷᠢᠭᠦᠨ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠤᠮ ᠭᠡᠵᠦ ᠦᠵᠡᠵᠦ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ ᠠᠪᠴᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ ᠲᠠᠭᠢᠨ ᠪᠤᠴᠠᠬᠤ ᠶᠢ ᠠᠬᠢᠭᠤᠯᠬᠤ ᠪᠠᠷ ᠱᠠᠭᠠᠷᠳᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃       ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号