ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠵᠢᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠦᠵᠡᠭᠦᠯᠦᠯᠭᠡ ᠶᠢᠨ ᠰᠤᠯᠢᠯᠴᠠᠭᠠᠨ ᠤ ᠬᠦᠳᠡᠯᠭᠡᠭᠡᠨ ᠡᠷᠬᠢᠯᠡᠪᠡ
ᠨᠡᠶᠢᠲᠡᠯᠡᠭᠰᠡᠨ ᠴᠠᠭ᠄
2022/11/3
      11 ᠰᠠᠷ᠎ᠠ ᠶᠢᠨ3 ᠤ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠢᠯᠡᠴᠢᠯᠡᠭᠡᠨ ᠤ ᠲᠦᠪ ᠠᠴᠠ ᠲᠠᠭᠠᠭᠠᠴᠢᠯᠠᠨ ᠡᠷᠬᠢᠯᠡᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠨ ᠲᠤᠭᠤᠰᠢᠯᠠᠭᠤᠯᠵᠦ᠂ ᠪᠤᠯᠪᠠᠰᠤᠨ ᠰᠢᠨ᠎ᠡ ᠲᠠᠷᠬᠠᠨ ᠮᠤᠤᠮᠢᠩᠭᠠᠨ ᠢ ᠬᠠᠮᠳᠦ ᠪᠠᠷ ᠪᠠᠶᠢᠭᠤᠯᠬᠤ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠰᠠᠶᠢᠨ ᠲᠤᠷ᠎ᠠ ᠶᠢᠨ ᠦᠢᠯᠡᠴᠢᠯᠡᠬᠡᠨ ᠤ ᠲᠦᠷᠦᠯ ᠵᠦᠢᠯ ᠤᠨ ᠤᠷᠤᠯᠳᠤᠭᠠᠨ ᠵᠢᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠦᠵᠡᠭᠦᠯᠦᠯᠬᠡ ᠶᠢᠨ ᠰᠤᠯᠢᠯᠴᠠᠭᠠᠨ ᠤ ᠬᠦᠳᠡᠯᠬᠡᠬᠡᠨ ᠬᠠᠮ ᠵᠢᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠦᠪ ᠲᠤ ᠶᠠᠪᠤᠭᠳᠠᠵᠦ᠂ ᠰᠤᠮᠤ ᠰᠢᠶᠠᠩ ᠪᠠᠯᠭᠠᠰᠦ᠂ ᠪᠠᠶᠢᠭᠤᠯᠭ᠎ᠠ ᠨᠢᠭᠡᠴᠡ᠂ ᠨᠡᠶᠢᠭᠡᠮ ᠲᠤᠭᠤᠷᠢᠭ ᠤᠨ11 ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠤᠷᠤᠯᠳᠤᠭᠠᠨ  ᠳᠤ ᠤᠷᠤᠯᠴᠠᠵᠠᠢ᠃
微信图片_20221111152941.jpg
      ᠤᠷᠤᠯᠳᠤᠭᠠᠨ ᠳᠤ᠂ ᠡᠯ᠎ᠡ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠢᠨ ᠲᠦᠯᠦᠭᠡᠯᠡᠭᠴᠢ ᠠᠴᠠ ᠦᠢᠯᠡᠴᠢᠯᠡᠬᠦ ᠡᠳᠡᠭᠡᠳ᠂ ᠦᠢᠯᠡᠴᠢᠯᠡᠬᠦ ᠠᠭᠤᠯᠭ᠎ᠠ᠂ ᠭᠤᠤᠯ ᠠᠷᠭ᠎ᠠ ᠪᠠᠷᠢᠯ᠂ ᠲᠦᠷᠦᠯ ᠵᠦᠢᠯ ᠤᠨ ᠦᠷ᠎ᠡ ᠪᠦᠳᠦᠮᠵᠢ ᠵᠡᠷᠭᠡ ᠶᠢᠨ ᠲᠤᠭᠤᠷᠢᠨ ᠳᠤ ᠲᠤᠬᠠᠢ ᠶᠢᠨ ᠲᠠᠯᠠᠪᠤᠷ ᠤᠨ ᠲᠠᠶᠢᠯᠪᠤᠷᠢᠯᠠᠯᠳᠠ᠂ ᠵᠢᠷᠤᠭ ᠪᠢᠴᠢᠭ ᠤᠨ ᠦᠵᠡᠭᠦᠯᠦᠯᠭᠡ ᠵᠡᠷᠭᠡ ᠪᠠᠷ ᠲᠠᠮᠵᠢᠭᠤᠯᠤᠨ ᠲᠤᠰ ᠲᠤᠰ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ  ᠢ ᠬᠡᠷᠡᠭᠵᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠵᠦ᠂ ᠲᠤᠷᠰᠢᠯᠭ᠎ᠠ ᠪᠠ ᠠᠷᠭ᠎ᠠ ᠪᠠᠷᠢᠯ ᠢᠶᠠᠨ ᠬᠤᠪᠢᠶᠠᠯᠴᠠᠭᠰᠠᠨ ᠪᠠᠶᠢᠨ᠎ᠠ᠃      ᠰᠠᠶᠢᠨ ᠲᠤᠷ᠎ᠠ ᠶᠢᠨ ᠦᠢᠯᠡᠴᠢᠯᠡᠭᠡ ᠪᠤᠯ ᠬᠤᠳᠠ ᠶᠢᠨ ᠪᠤᠯᠪᠠᠰᠤᠨ ᠬᠡᠪ ᠰᠤᠷᠳᠠᠯ ᠤᠨ ᠰᠢᠨ᠎ᠡ ᠪᠡᠯᠭᠡ ᠲᠡᠮᠳᠡᠭ ᠂ ᠰᠠᠶᠢᠨ ᠲᠣᠷ᠎ᠠ ᠶᠢᠨ ᠦᠢᠯᠡᠴᠢᠯᠡᠭᠴᠢ ᠪᠤᠯ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠬᠦᠴᠦᠨ᠂ ᠰᠠᠶᠢᠨ ᠲᠤᠷ᠎ᠠ ᠶᠢᠨ ᠲᠦᠷᠦᠯ ᠵᠦᠢᠯ ᠪᠤᠯ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢ ᠠᠬᠢᠭᠤᠯᠬᠤ ᠪᠦᠳᠦᠮᠵᠢᠳᠡᠢ ᠠᠴᠢᠶᠠᠯᠠᠪᠤᠷᠢ ᠪᠠ ᠬᠦᠴᠦᠳᠡᠢ ᠭᠠᠷᠳᠠᠴᠠ ᠪᠤᠯᠤᠨ᠎ᠠ᠃ ᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠤᠯᠭᠠᠵᠦ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠲᠤᠪᠤᠶᠢᠯᠭᠠᠵᠦ᠂ ᠤᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠦᠷᠭᠡᠨ ᠢᠶᠠᠷ ᠤᠷᠤᠯᠴᠠᠬᠤ ᠶᠢ ᠲᠠᠶᠢᠴᠢᠯᠠᠨ᠂ ᠢᠯᠡ ᠲᠤᠳᠤ ᠤᠨᠴᠠᠯᠢᠭ ᠪᠦᠬᠦᠢ ᠪᠤᠯᠪᠠᠰᠤᠨ ᠦᠢᠯᠡᠳᠦᠯᠭᠡ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠵᠦᠢᠯᠡᠰ ᠢ ᠨᠠᠷᠢᠯᠢᠭ ᠤᠨᠤᠪᠴᠢᠳᠠᠢ ᠪᠠᠷ ᠲᠦᠯᠦᠪᠯᠡᠨ ᠬᠡᠷᠡᠭᠵᠢᠭᠦᠯᠵᠦ᠂ ᠤᠯᠠᠨ ᠲᠦᠮᠡᠨ ᠳᠤ ᠨᠡᠶᠢᠭᠡᠮ ᠨᠡᠶᠢᠳᠡ ᠶᠢᠨ ᠬᠠᠯᠠᠭᠤᠨ ᠲᠤᠯᠠᠭᠠᠨ ᠲᠡᠷᠭᠡᠳᠡ ᠨᠢ ᠪᠠᠶᠢᠬᠤ᠂ ᠰᠠᠶᠢᠨ ᠰᠠᠶᠢᠬᠠᠨ ᠠᠮᠢᠳᠤᠷᠠᠯ ᠲᠡᠷᠭᠡᠳᠡ ᠨᠢ ᠪᠠᠶᠢᠬᠤ ᠶᠢ ᠮᠡᠳᠡᠷᠡᠭᠦᠯᠬᠦᠠᠵᠢᠯᠯᠠᠭ᠎ᠠ ᠪᠤᠯᠤᠨ᠎ᠠ᠃      ᠤᠷᠤᠯᠳᠤᠭᠠᠨ ᠤ ᠡᠴᠦᠰ ᠲᠤ᠂ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠨᠢᠭᠡᠳᠦᠭᠡᠷ ᠲᠡᠰ ᠤᠨ ᠱᠠᠩᠨᠠᠯ ᠨᠢᠭᠡ ᠨᠡᠷᠡᠰ᠂ ᠬᠤᠶᠠᠳᠤᠭᠠᠷ ᠲᠡᠰ ᠤᠨ ᠱᠠᠩᠨᠠᠯ ᠬᠤᠶᠠᠷ ᠨᠡᠷᠡᠰ᠂ ᠭᠤᠷᠪᠠᠳᠤᠭᠠᠷ ᠲᠡᠰ ᠤᠨ ᠱᠠᠩᠨᠠᠯ ᠭᠤᠷᠪᠠᠨ ᠨᠡᠷᠰ᠂ ᠰᠢᠯᠢᠳᠡᠭ ᠱᠩᠨᠠᠯ ᠲᠠᠪᠤᠨ ᠨᠡᠷᠡᠰ ᠢ ᠱᠠᠩᠨᠠᠨ ᠬᠦᠬᠢᠭᠦᠯᠦᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号