ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠦᠭᠰᠢᠭᠦᠷᠢᠳᠦ ᠤᠷᠤᠨ ᠪᠦᠰᠡ ᠶᠢ ᠵᠠᠭᠠᠭᠯᠠᠨ ᠲᠤᠭᠳᠠᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/30
      ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠲᠤᠭᠳᠠᠴᠠ ᠶᠢᠨ ᠶᠡᠷᠦᠩᠭᠡᠶᠢᠯᠡᠭᠰᠡᠨ ᠲᠤᠭᠤᠶᠢᠯᠠᠩ ᠤᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠰᠠᠶᠢᠳᠤᠷ ᠬᠢᠬᠦ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠤᠭᠳᠠᠭᠠᠭᠰᠠᠨ  ᠢᠶᠠᠷ᠂2022 ᠤᠨ ᠤ12 ᠰᠠᠷ᠎ᠠ ᠶᠢᠨ1 ᠤ ᠡᠳᠦᠷ ᠤᠨ0 ᠄00 ᠴᠠᠭ ᠠᠴᠠ ᠡᠬᠢᠯᠡᠨ᠂ ᠪᠠᠳᠤᠬᠠᠭᠠᠯᠭ᠎ᠠ ᠪᠠᠯᠭᠠᠰᠤ  ᠶᠢᠨ ᠰᠢᠨ ᠶᠤᠸᠠᠨ ᠬᠤᠸᠠ ᠲᠢᠩ ᠰᠠᠭᠤᠭᠠᠯᠢ ᠲᠤᠭᠤᠷᠢᠭ᠂ ᠳ᠋ᠠᠩ ᠳ᠋ᠠᠢ ᠬᠤᠤ ᠲᠢᠩ ᠰᠠᠭᠤᠭᠠᠯᠢ ᠲᠤᠭᠤᠷᠢᠭ᠂ ᠪᠸᠢ ᠬᠤᠸᠠᠨ ᠰᠠᠭᠤᠭᠠᠯᠢ ᠲᠤᠭᠤᠷᠢᠭ ᠤᠨ8 ᠳ᠋ᠤᠭᠠᠷ ᠠᠰᠠᠷ᠂ ᠲᠤᠯᠠᠭᠠᠨ ᠭᠡᠷ ᠰᠠᠭᠤᠭᠠᠯᠢ ᠲᠤᠭᠤᠷᠢᠭ ᠤᠨ40 ᠳ᠋ᠦ᠋ᠭᠡᠷ ᠠᠰᠠᠷ᠂ ᠵᠢᠢ ᠰᠢᠶᠠᠩ ᠸᠠᠨ ᠰᠠᠭᠤᠭᠠᠯᠢ ᠲᠤᠭᠤᠷᠢᠭ ᠤᠨ10 ᠳ᠋ᠤᠭᠠᠷ ᠠᠰᠠᠷ᠂ ᠪᠠᠶᠢᠯᠡ ᠰᠠᠭᠤᠭᠠᠯᠢ ᠲᠤᠭᠤᠷᠢᠭ ᠤᠨ3 ᠳ᠋ᠤᠭᠠᠷ᠂ ᠶᠢᠨ ᠰᠠᠨ ᠵᠢᠶᠤᠤ ᠰᠠᠭᠤᠭᠠᠯᠢ ᠲᠤᠭᠤᠷᠢᠭ ᠤᠨ21 ᠳ᠋ᠦ᠋ᠭᠡᠷ ᠠᠰᠠᠷ᠂ ᠬᠤᠩᠭᠤᠷᠳᠠᠯ᠎ᠠ ᠮᠠᠯᠵᠢᠯ ᠤᠨ ᠲᠠᠯᠠᠪᠠᠢ  ᠶᠢ ᠦᠨᠳᠦᠷ ᠲᠦᠭᠰᠢᠭᠦᠷᠢᠳᠦ ᠤᠷᠤᠨ ᠪᠤᠯᠭᠠᠨ ᠵᠠᠭᠠᠭᠯᠠᠨ ᠲᠤᠭᠳᠠᠭᠠᠪᠠ᠃      ᠵᠠᠭᠠᠭᠯᠠᠨ ᠲᠤᠭᠳᠠᠭᠠᠭᠰᠠᠨ ᠤ ᠲᠠᠷᠠᠭ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠦᠨᠳᠦᠷ ᠲᠦᠭᠰᠢᠭᠦᠷᠢᠳᠦ ᠤᠷᠤᠨ ᠨᠡᠶᠢᠳᠡ8 ᠪᠠᠶᠢᠵᠦ᠂ ᠦᠨᠳᠦᠷ ᠤᠷᠤᠨ ᠠᠴᠠ ᠭᠠᠳᠠᠨᠠᠬᠢ ᠤᠷᠤᠨ ᠪᠦᠰᠡ ᠶᠢ ᠲᠤᠤᠷ᠎ᠠ ᠲᠦᠭᠰᠢᠭᠦᠷᠢᠳᠦ ᠤᠷᠤᠨ ᠪᠤᠯᠭᠠᠵᠡᠢ᠃ ᠦᠨᠳᠦᠷ ᠲᠦᠭᠰᠢᠭᠦᠷᠢᠳᠦ ᠤᠷᠤᠨ ᠠᠴᠠ ᠭᠠᠳᠠᠨᠠᠬᠢ ᠤᠷᠤᠨ ᠪᠦᠰᠡ ᠶᠢ ᠲᠤᠤᠷ᠎ᠠ ᠲᠦᠭᠰᠢᠭᠦᠷᠢᠳᠦ ᠤᠷᠤᠨ ᠪᠤᠯᠭᠠᠵᠠᠢ᠃ ᠦᠨᠳᠦᠷ ᠲᠦᠭᠰᠢᠭᠦᠷᠢᠳᠦ ᠤᠷᠤᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ ᠦᠢᠯᠡᠴᠢᠯᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠤᠤᠷ᠎ᠠ ᠲᠦᠭᠰᠢᠭᠦᠷᠢᠳᠦ ᠤᠷᠤᠨ ᠳᠤ ︽ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠵᠦ᠂ ᠴᠤᠭᠯᠠᠷᠠᠬᠤ ᠠᠴᠠ ᠵᠠᠶᠢᠯᠠᠰᠬᠢᠬᠤ︾ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠦᠷᠭᠡᠨ ᠤᠯᠠᠨ ᠰᠠᠭᠤᠭᠠᠯᠢ ᠠᠷᠠᠳ ᠬᠠᠮᠢᠶᠠᠷᠤᠨ ᠡᠵᠡᠮᠳᠡᠬᠦ ᠬᠤᠭᠤᠴᠠᠭᠠᠨ ᠳᠤ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ  ᠤᠨ ᠬᠠᠯᠳᠠᠪᠤᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠶᠢᠨ ᠶᠤᠰᠤᠭᠠᠷ ᠠᠷᠠᠳ ᠢᠷᠭᠡᠳ ᠤᠨ ᠬᠠᠥᠯᠢ  ᠪᠠᠷ ᠲᠤᠭᠳᠠᠭᠠᠭᠰᠠᠨ ᠡᠭᠦᠷᠭᠡ ᠶᠢ ᠭᠦᠢᠴᠡᠳᠭᠡᠵᠦ᠂ ᠨᠡᠶᠢᠭᠡᠮ ᠲᠤᠭᠤᠷᠢᠭ ᠤᠨ ᠠᠵᠢᠯᠳᠠᠨ ᠤ ᠨᠢᠭᠡᠳᠦᠯᠳᠡᠢ ᠲᠤᠬᠢᠷᠠᠭᠤᠯᠤᠯᠳᠠ ᠶᠢ ᠲᠠᠭᠠᠬᠤ ᠬᠡᠷᠡᠭᠳᠡᠢ᠃ ᠠᠯᠪᠠᠨ ᠤ ᠲᠠᠯ᠎ᠠ ᠶᠢᠨ ᠨᠡᠶᠢᠳᠡᠯᠡᠭᠰᠡᠨ ᠮᠡᠳᠡᠭᠡ ᠵᠠᠩᠭᠢ ᠶᠢ ᠨᠢᠠᠠᠳᠠ ᠠᠩᠬᠠᠷᠴᠦ᠂ ᠠᠶᠤᠵᠦ ᠰᠠᠨᠳᠤᠷᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠦᠨᠦᠷᠯᠡᠬᠦ ᠪᠠ ᠠᠮᠳᠠᠯᠠᠬᠤ ᠰᠠᠷᠡᠯ ᠮᠠᠭᠤᠳᠠᠬᠤ᠂ ᠬᠠᠮᠠᠷ ᠪᠦᠭᠯᠡᠷᠡᠬᠦ᠂ ᠨᠢᠰᠦ ᠭᠤᠭᠤᠵᠢᠬᠤ᠂ ᠬᠤᠭᠤᠯᠠᠢ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠴᠠᠭ ᠲᠤᠬᠠᠢ ᠳᠤᠨᠢ ᠨᠡᠶᠢᠭᠡᠮ ᠲᠤᠭᠤᠷᠢᠭ ︵ᠭᠠᠴᠠᠭ᠎ᠠ ᠲᠤᠰᠬᠤᠨ ᠤ ᠵᠦᠪᠯᠡᠯ︶ ᠲᠤ ᠮᠡᠳᠡᠭᠦᠯᠬᠦ ᠬᠡᠷᠡᠭᠳᠡᠢ᠃      ᠬᠠᠮᠢᠶᠠᠷᠤᠨ ᠡᠵᠡᠮᠳᠡᠬᠦ ᠤᠷᠤᠨ ᠪᠦᠰᠡ ᠶᠢᠨ ᠬᠡᠪᠴᠢᠶ᠎ᠡ ᠪᠠ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠨ ᠴᠠᠭ ᠲᠤᠬᠠᠢ ᠳᠤᠨᠢ ᠲᠤᠬᠢᠷᠠᠭᠤᠯᠤᠯᠳᠠ ᠬᠢᠨ᠎ᠡ᠃        ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ            2022 ᠤᠨ ᠤ11 ᠰᠠᠷ᠎ᠠ ᠶᠢᠨ30 ᠤ ᠡᠳᠦᠷᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠷ ᠲᠦᠭᠰᠢᠭᠦᠷᠢᠳᠦ ᠤᠷᠤᠨ ᠢ ᠵᠠᠭᠠᠭᠯᠠᠨ ᠲᠤᠭᠳᠠᠭᠠᠭᠰᠠᠨ ᠪᠠᠶᠢᠳᠠᠯ    1. ᠪᠠᠳᠤᠬᠠᠭᠠᠯᠭ᠎ᠠ ᠪᠠᠯᠭᠠᠰᠤᠨ ᠤ ᠰᠢᠨ ᠶᠤᠸᠠᠨ ᠬᠤᠸᠠ ᠲᠢᠩ ᠰᠠᠭᠤᠭᠠᠯᠢ ᠲᠤᠭᠤᠷᠢᠭ    2. ᠪᠠᠳᠤᠬᠠᠭᠠᠯᠭ᠎ᠠ ᠪᠠᠯᠭᠠᠰᠤᠨ ᠤ ᠳ᠋ᠠᠩ ᠳ᠋ᠠᠢ ᠬᠤᠤ ᠲᠢᠩ ᠰᠠᠭᠤᠭᠠᠯᠢ ᠲᠤᠭᠤᠷᠢᠭ    3. ᠪᠠᠳᠤᠬᠠᠭᠠᠯᠭ᠎ᠠ ᠪᠠᠯᠭᠠᠰᠤᠨ ᠤ ᠪᠸᠢ ᠬᠤᠸᠠᠨ ᠰᠠᠭᠤᠭᠠᠯᠢ ᠲᠤᠭᠤᠷᠢᠭ ᠤᠨ8 ᠳ᠋ᠤᠭᠠᠷ ᠠᠰᠠᠷ    4. ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠰᠠᠭᠤᠭᠠᠯᠢ ᠲᠤᠭᠤᠷᠢᠭ ᠤᠨ40 ᠳ᠋ᠦ᠋ᠭᠡᠷ ᠠᠰᠠᠷ    5. ᠪᠠᠳᠤᠬᠠᠭᠠᠯᠭ᠎ᠠ ᠪᠠᠯᠭᠠᠰᠤᠨ ᠤ ᠵᠢᠢ ᠰᠢᠶᠠᠩ ᠸᠠᠨ ᠰᠠᠭᠤᠭᠠᠯᠢ ᠲᠤᠭᠤᠷᠢᠭ ᠤᠨ10 ᠳ᠋ᠤᠭᠠᠷ ᠠᠰᠠᠷ    6. ᠪᠠᠳᠤᠬᠠᠭᠠᠯᠭ᠎ᠠ ᠪᠠᠯᠭᠠᠰᠤᠨ ᠤ ᠶᠢᠨ ᠰᠠᠨ ᠵᠢᠶᠤᠤ ᠰᠠᠭᠤᠭᠠᠯᠢ ᠲᠤᠭᠤᠷᠢᠭ ᠤᠨ21 ᠳ᠋ᠦ᠋ᠭᠡᠷ ᠠᠰᠠᠷ    7. ᠪᠠᠳᠤᠬᠠᠭᠠᠯᠭ᠎ᠠ ᠪᠠᠯᠭᠠᠰᠤᠨ ᠤ ᠪᠡᠶᠢᠯᠡ ᠰᠠᠭᠤᠭᠠᠯᠢ ᠲᠤᠭᠤᠷᠢᠭ ᠤᠨ3 ᠳ᠋ᠤᠭᠠᠷ ᠠᠰᠠᠷ    8. ᠪᠠᠳᠤᠬᠠᠭᠠᠯᠭ᠎ᠠ ᠪᠠᠯᠭᠠᠰᠤᠨ ᠤ ᠬᠤᠩᠭᠤᠷᠳᠠᠯ᠎ᠠ ᠮᠠᠯᠵᠢᠯ ᠤᠨ ᠲᠠᠯᠠᠪᠠᠢ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号