ᠪᠠᠳᠤᠬᠠᠭᠠᠯᠭ᠎ᠠ ᠶᠢᠨ ᠰᠦᠮ᠎ᠡ
ᠨᠡᠶᠢᠲᠡᠯᠡᠭᠰᠡᠨ ᠴᠠᠭ᠄
2022/12/13
     ᠪᠠᠳᠤᠬᠠᠭᠠᠯᠭ᠎ᠠ ᠶᠢᠨ ᠰᠦᠮ᠎ᠡ  ᠪᠤᠭᠤᠳᠤ ᠬᠤᠲᠠ ᠶᠢᠨ ᠲᠠᠷᠬᠠᠨ ᠮᠣᠣᠮᠢᠩᠭᠠᠨ ᠬᠤᠯᠪᠤᠭᠠᠳᠤ ᠬᠤᠰᠢᠭᠤᠨ ᠤ  ᠵᠠᠰᠠᠭ ᠤᠨ ᠣᠷᠳᠤᠨ ᠪᠠᠶᠢᠭ᠎ᠠ ᠪᠠᠳᠤᠬᠠᠭᠠᠯᠭ᠎ᠠ ᠪᠠᠯᠭᠠᠰᠤᠨ ᠳᠤ ᠪᠠᠶᠢᠷᠢᠰᠢᠵᠤ ᠪᠣᠢ᠃ ᠡᠩᠬᠡ ᠠᠮᠤᠭᠤᠯᠠᠩ ᠬᠠᠭᠠᠨ ᠤ  ᠲᠦᠴᠢᠨ ᠬᠤᠶᠠᠳᠤᠭᠠᠷ` ᠣᠨ ᠳᠤ ᠪᠠᠶᠢᠭᠤᠯᠤᠭᠳᠠᠭᠰᠠᠨ ᠪᠦᠭᠡᠳ ᠡᠩᠬᠡ ᠠᠮᠤᠭᠤᠯᠠᠩ ᠬᠠᠭᠠᠨ ᠠᠴᠠ ᠰᠣᠶᠣᠷᠬᠠᠭᠰᠠᠨ  ᠱᠠᠰᠢᠨ ᠤ ᠨᠠᠷ᠎ᠡ   ᠨᠢ   ︽ ᠪᠤᠶᠠᠨ ᠢ ᠪᠠᠳᠠᠷᠠᠭᠤᠯᠤᠭᠴᠢ ᠰᠦᠮ᠎ᠡ︾ ᠭᠡᠳᠡᠭ᠃1936 ᠣᠨ ᠤ ᠶ᠋᠊2 ᠳ᠋ᠤᠭᠠᠷ  ᠰᠠᠷ᠎ᠠ ᠶᠢᠨ 21 ᠤ ᠡᠳᠦᠢ᠂ ᠲᠠᠷᠬᠠᠨ ᠤ ᠲᠠᠯ᠎ᠠ   ᠨᠤᠲᠤᠭ ᠲᠤ ᠲᠡᠭᠷᠢ ᠭᠠᠵᠠᠷ ᠢ ᠲᠣᠩᠰᠤᠯᠭᠠᠭᠰᠠᠨ  ᠪᠠᠳᠤᠬᠠᠭᠠᠯᠭ᠎ᠠ ᠶᠢᠨ ᠪᠣᠰᠤᠯᠭ᠎ᠠ  ᠭᠠᠷᠤᠭᠰᠠᠨ ᠪᠠᠶᠢᠨ᠎ᠠ᠂ ᠡᠨᠡᠬᠦ ᠪᠣᠰᠤᠯᠭ᠎ᠠ ᠨᠢ ᠦᠪᠦᠷ  ᠮᠣᠩᠭᠤᠯᠴᠣᠳ ᠤᠨ  ᠶᠠᠫᠣᠨ ᠢ ᠡᠰᠡᠷᠭᠦᠴᠡᠬᠦ ᠲᠡᠷᠢᠭᠦᠨ  ᠫᠤᠤ ᠶᠢ  ᠲᠣᠣᠭᠠᠷᠭᠠᠵᠤ᠂ ᠶᠠᠫᠣᠨ ᠤ ᠲᠦᠷᠢᠮᠭᠡᠶᠢᠯᠡᠯ ᠳᠤ ᠬᠦᠨᠳᠤ ᠴᠣᠬᠢᠯᠲᠠ  ᠦᠭᠭᠦᠭᠰᠡᠨ ᠢᠶᠠᠷ ᠪᠠᠷᠠᠬᠤ ᠦᠭᠡᠢ᠂ ᠦᠪᠦᠷ ᠮᠣᠩᠭᠤᠯᠴᠣᠳ ᠤᠨ ᠶᠠᠫᠣᠨ ᠢ ᠡᠰᠡᠷᠭᠦᠴᠡᠵᠤ ᠡᠷᠬᠡ ᠴᠢᠯᠦᠭᠡ ᠪᠠᠨ  ᠣᠯᠬᠤ ᠪᠠᠷ ᠲᠡᠮᠡᠴᠡᠭᠰᠡᠨ ᠦᠨᠡᠨ ᠪᠣᠳᠠᠳᠤ ᠪᠠᠶᠢᠳᠠᠯ ᠢ ᠬᠠᠷᠠᠭᠤᠯᠤᠭᠰᠠᠨ ᠭᠦᠨ ᠭᠦᠨᠵᠡᠭᠡᠢ ᠤᠳᠬ᠎ᠠ ᠠᠭᠤᠯᠭ᠎ᠠ ᠲᠠᠢ  ᠶᠤᠮ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号