ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠳᠤᠯᠠᠭ᠎ᠠ ᠶᠢᠨ ᠲᠤᠪᠴᠢᠶᠠᠨ ᠤ 2022 ᠣᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠵᠢᠯ ᠤᠨ ᠲᠥᠯᠥᠪᠯᠡᠭᠡ
ᠨᠡᠶᠢᠲᠡᠯᠡᠭᠰᠡᠨ ᠴᠠᠭ᠄
2022/12/29
     
微信图片_20221229153959.png
      ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ   ᠯᠢᠦ ᠶᠢᠩ ᠮᠧᠶ      ᠰᠤᠷᠪᠤᠯᠵᠢᠯᠠᠭᠰᠠᠨ ᠴᠠᠭ᠄ 2022 ᠣᠨ ᠤ 12 ᠰᠠᠷ᠎ᠠ ᠶᠢᠨ 5 ᠤ ᠡᠳᠦᠷᠬᠥᠲᠥᠯᠥᠭᠴᠢ᠄      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2022 ᠣᠨ ᠳᠤ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖      ᠵᠣᠴᠢᠨ᠄ 2022 ᠣᠨ᠂ ᠮᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠬᠤᠰᠢᠭᠤᠨ ᠤ ᠨᠠᠮ ᠤᠨ ᠬᠤᠷᠢᠶᠠᠨ ᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠤᠨ ᠭᠤᠣᠯ ᠱᠤᠭᠤᠮ ᠢ ᠳᠤᠪᠤᠶᠢᠯᠭᠠᠵᠤ᠂ ᠠᠵᠢᠯ ᠣᠯᠬᠤ ᠪᠠ ᠦᠢᠯᠡᠰ ᠪᠣᠰᠬᠠᠬᠤ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠡᠩᠨᠡᠭᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠨᠡᠶᠢᠭᠡᠮ ᠤᠨ ᠪᠠᠲᠤᠯᠠᠪᠤᠷᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠡᠳᠦᠷ ᠢᠷᠡᠬᠦᠶ᠎ᠡ ᠡᠶ᠎ᠡ ᠵᠣᠬᠢᠴᠠᠩᠭᠤᠢ ᠪᠠᠷ ᠬᠥᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠨᠢᠭᠡ᠂ ᠠᠵᠢᠯ ᠣᠯᠭᠤᠬᠤ ᠪᠠ ᠦᠢᠯᠡᠰ ᠪᠤᠰᠬᠠᠬᠤ ᠶᠢ ᠵᠡᠷᠭᠡ ᠪᠠᠷ ᠴᠢᠬᠤᠯᠠᠴᠢᠯᠠᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃      ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠪᠡ᠃ ᠮᠠᠯᠴᠢᠨ ᠲᠠᠷᠢᠶᠠᠴᠢᠨ ᠤ ᠬᠥᠳᠡᠯᠮᠦᠷᠢ ᠬᠦᠴᠦᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠣᠲᠣ ᠪᠣᠯᠲᠠᠯ᠎ᠠ᠂ ᠠᠵᠢᠯ ᠡᠷᠢᠬᠦ ᠬᠦᠰᠡᠯ ᠲᠠᠢ ᠬᠥᠳᠡᠯᠮᠦᠷᠢ ᠬᠦᠴᠦᠨ ᠤ 641 ᠬᠥᠮᠥᠨ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ 313 ᠬᠥᠮᠥᠨ ᠢ ᠳᠡᠩᠰᠡᠯᠡᠵᠦ᠂ ᠡᠭᠦᠨ ᠳᠤ ᠭᠠᠳᠠᠭᠰᠢ ᠭᠠᠷᠴᠤ ᠬᠥᠳᠡᠯᠮᠦᠷᠢ ᠬᠦᠴᠦ ᠶᠠᠪᠤᠭᠰᠠᠳ 138 ᠬᠥᠮᠥᠨ᠂ ᠣᠶᠢᠷ᠎ᠠ ᠬᠠᠪᠢ ᠳᠠᠭᠠᠨ ᠠᠵᠢᠯ ᠣᠯᠣᠭᠰᠠᠳ 175 ᠬᠥᠮᠥᠨ ᠪᠠᠶᠢᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ︔ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠠᠵᠢᠯ ᠣᠯᠬᠤ ᠬᠦᠰᠡᠯ ᠲᠠᠢ ᠪᠣᠯᠪᠠᠴᠤ ᠭᠠᠳᠠᠭᠰᠢ ᠭᠠᠷᠴᠤ ᠠᠵᠢᠯ ᠬᠢᠬᠦ ᠠᠷᠭ᠎ᠠ ᠦᠭᠡᠢ ᠶᠠᠳᠠᠭᠤ ᠠᠴᠠ ᠠᠩᠭᠢᠵᠢᠷᠠᠭᠰᠠᠨ 71 ᠬᠦᠮᠦᠨ ᠳᠤ ᠠᠵᠢᠯ ᠳᠤᠬᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ 10 ᠣᠶᠤᠲᠠᠨ ᠳᠤ ᠠᠵᠢᠯ ᠳᠤᠬᠢᠷᠠᠭᠤᠯᠪᠠ᠃ ᠰᠢᠨ᠎ᠡ ᠪᠠᠷ ᠪᠠᠶᠢᠭᠤᠯᠤᠭᠰᠠᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠲᠦᠰᠢᠭᠯᠡᠨ᠂ ᠨᠡᠶᠢᠲᠡ 18 ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠰᠦᠯᠵᠢᠶᠡᠨ ᠳᠡᠭᠡᠷ᠎ᠡ 93 ᠬᠤᠭᠤᠴᠠᠭᠠᠨ ᠤ ᠠᠵᠢᠯᠲᠠᠨ ᠡᠯᠰᠡᠬᠦ ᠮᠡᠳᠡᠭᠡ ᠵᠠᠩᠭᠢ ᠶᠢ ᠬᠦᠷᠭᠡᠨ ᠥᠭᠴᠦ᠂ 18 ᠳᠦᠷᠰᠦ ᠰᠢᠩᠭᠡᠭᠡᠯᠲᠡ ᠶᠢ ᠨᠡᠶᠢᠲᠡᠯᠡᠪᠡ︔ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠯᠠᠭ᠎ᠠ ᠶᠢ ᠨᠡᠶᠢᠲᠡ 2 ᠤᠳᠠᠭ᠎ᠠ ᠥᠷᠨᠢᠭᠦᠯᠵᠦ᠂ 12 ᠠᠵᠤ ᠠᠬᠤᠶᠢᠯᠠᠯ ᠳᠤ 244 ᠠᠵᠢᠯ ᠤᠨ ᠪᠠᠶᠢᠷᠢ ᠬᠠᠩᠭᠠᠵᠤ᠂ ᠰᠢᠭᠤᠳ ᠨᠡᠪᠲᠡᠷᠡᠭᠦᠯᠬᠦ ᠦᠶ᠎ᠡ ᠳᠤ ᠰᠦᠯᠵᠢᠶᠡᠨ ᠳᠡᠭᠡᠷᠡᠬᠢ ᠬᠥᠮᠥᠨ ᠤ ᠲᠤᠭ᠎ᠠ 4 ᠲᠦᠮᠡᠨ ᠬᠥᠮᠥᠨ ᠤᠳᠠᠭ᠎ᠠ ᠶᠢ ᠳᠠᠪᠠᠭᠰᠠᠨ ᠪᠠᠶᠢᠨ᠎ᠠ︔ ᠰᠤᠷᠭᠠᠭᠤᠯᠢ ᠠᠴᠠ ᠪᠠᠨ ᠭᠠᠷᠤᠭᠠᠳ ᠠᠵᠢᠯ ᠣᠯᠣᠭᠠᠳᠤᠢ 275 ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ 3 ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠭᠠᠵᠠᠷ ᠲᠤ ᠠᠵᠢᠯ ᠣᠯᠭᠤᠯᠲᠠ ᠶᠢᠨ ᠳᠠᠳᠤᠯᠭ᠎ᠠ ᠶᠢᠨ 32 ᠬᠥᠮᠥᠨ ᠢ ᠡᠯᠰᠡᠨ ᠠᠪᠴᠠᠢ᠃ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠠᠵᠢᠯᠯᠠᠭ᠎ᠠ ᠶᠢ ᠬᠡᠷᠡᠭᠵᠢᠭᠦᠯᠪᠠ᠃ ᠨᠢᠭᠡᠨᠲᠡ ᠪᠠᠶᠢᠭᠤᠯᠤᠭᠰᠠᠨ 4 ᠦᠢᠯᠡᠰ ᠪᠤᠰᠬᠠᠬᠤ ᠬᠦᠷᠢᠶᠡᠯᠡᠩ ᠤᠨ ᠰᠠᠭᠤᠷᠢᠨ ᠭᠠᠵᠠᠷ ᠲᠤ 131 ᠠᠵᠤ ᠠᠬᠤᠶᠢᠯᠠᠯ ᠢ ᠤᠷᠤᠭᠤᠯᠵᠤ᠂ 550 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ︔ 73 ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠ 9 ᠵᠢᠵᠢᠭ ᠠᠵᠤ ᠠᠬᠤᠶᠢᠯᠠᠯ ᠳᠤ 2699 ᠲᠦᠮᠡᠨ ᠲᠥᠭᠦᠷᠢᠭ ᠤᠨ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ︽ᠠᠷᠠᠳ ᠤᠨ ᠳᠤᠮᠳᠠᠬᠢ ᠪᠣᠳᠠᠰ ᠤᠨ ᠪᠤᠰᠤ ᠰᠣᠶᠣᠯ ᠤᠨ ᠥᠪ ᠤᠨ — ᠬᠠᠭᠠᠷᠢᠮᠠᠯ ᠵᠢᠷᠤᠭ᠂ ᠨᠣᠭᠤᠭᠠᠷᠠᠭᠤᠯᠤᠯᠲᠠ ᠶᠢᠨ ᠡᠬᠢ ᠶᠢᠨ ᠡᠭᠦᠯᠳᠡᠷ ᠤᠨ ᠲᠡᠵᠢᠭᠡᠨ ᠦᠷᠡᠵᠢᠭᠦᠯᠬᠦ᠂ ᠤᠷᠠᠯᠢᠭ + ᠰᠢᠨᠵᠢᠯᠡᠬᠦ ᠤᠬᠠᠭᠠᠨ ᠮᠡᠷᠭᠡᠵᠢᠯ ︱ ᠡᠰᠢ ᠰᠦᠷᠡᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠪᠦᠲᠦᠭᠡᠯ ᠲᠠᠢ 5 ᠬᠦᠮᠦᠨ ᠢ ᠵᠣᠬᠢᠶᠠᠨ ᠪᠠᠶᠢᠭᠤᠯᠵᠤ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠵᠢᠭᠦᠷ︾ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ ᠤ ᠪᠤᠭᠤᠲᠤ ᠶᠢᠨ ᠠᠩᠬᠠᠨ ᠤ ᠤᠷᠤᠯᠳᠤᠭᠠᠨ ᠳᠤ ᠣᠷᠣᠯᠴᠠᠭᠤᠯᠪᠠ᠃ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠪᠡ᠃ ᠬᠤᠰᠢᠭᠤᠨ ᠳᠣᠲᠣᠷᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠳᠣᠲᠣᠷᠠᠬᠢ ᠪᠤᠭᠤᠳᠤ ᠶᠢᠨ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠵᠢᠢ ᠳ᠋ᠦᠩ ᠱᠦᠢᠨᠢ ᠵᠡᠷᠭᠡ 362 ᠭᠤᠣᠯᠳᠠᠯᠭ᠎ᠠ ᠲᠠᠢ ᠠᠵᠤ ᠠᠬᠤᠶᠢᠯᠠᠯ ᠳᠤ 25990 ᠠᠵᠢᠯ ᠤᠨ ᠪᠠᠶᠢᠷᠢ ᠬᠠᠩᠭᠠᠵᠤ᠂ 34 ᠠᠵᠢᠯ ᠤᠯᠬᠤ ᠰᠠᠨᠠᠯ ᠲᠠᠢ ᠬᠦᠮᠦᠰ ᠠᠴᠠ 12 ᠬᠥᠮᠥᠨ ᠳᠤ ᠨᠢ ᠠᠵᠢᠯ ᠣᠯᠭᠤᠪᠡ︔ 200 ᠠᠵᠤ ᠠᠬᠤᠶᠢᠯᠠᠯ ᠳᠤ ᠠᠵᠢᠯ ᠦᠯᠡᠳᠡᠭᠡᠬᠦ ᠪᠤᠯᠪᠠᠰᠤᠷᠠᠯ ᠤᠨ ᠨᠥᠬᠦᠪᠦᠷᠢ ᠨᠢᠭᠡ ᠯᠡ ᠳᠡᠭᠡᠷ᠎ᠡ 165.6 ᠲᠦᠮᠡᠨ ᠲᠥᠭᠦᠷᠢᠭ ᠣᠯᠭᠤᠵᠤ᠂ 3312 ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ 138 ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ 174.1 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠪᠤᠴᠠᠭᠠᠨ ᠥᠭᠴᠦ᠂ 2903 ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ 1 ᠠᠵᠤ ᠠᠬᠤᠶᠢᠯᠠᠯ ᠳᠤ 0.15 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢᠨ ᠪᠡᠯᠡ ᠮᠥᠩᠭᠦ ᠶᠢ ᠨᠢᠭᠡ ᠯᠡ ᠳᠡᠭᠡᠷ᠎ᠡ ᠲᠠᠷᠬᠠᠭᠠᠵᠤ᠂ 1 ᠠᠵᠤ ᠠᠬᠤᠶᠢᠯᠠᠯ ᠳᠤ 3.28 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠬᠤᠶᠢᠰᠢᠯᠠᠭᠤᠯᠤᠨ ᠲᠤᠰᠢᠶᠠᠵᠠᠢ᠃       ᠬᠤᠶᠠᠷ᠂ ᠨᠡᠶᠢᠭᠡᠮ ᠤᠨ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠠᠵᠢᠯ ᠠᠴᠠ ᠪᠠᠨ ᠠᠮᠠᠷᠠᠭᠰᠠᠳ ᠤᠨ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠪᠠ᠃ ᠪᠥᠬᠦ ᠬᠤᠰᠢᠭᠤᠨ ᠤ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠥᠨ 8810 ᠪᠠᠶᠢᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮᠴᠢᠯᠡᠨ ᠲᠠᠷᠬᠠᠭᠠᠭᠰᠠᠨ ᠨᠣᠷᠮ᠎ᠠ ᠨᠢ 100% ᠬᠦᠷᠪᠠ᠃ ᠭᠠᠷ ᠤᠲᠠᠰᠤᠨ ᠤ APP ᠶᠢᠨ ᠰᠦᠯᠵᠢᠶᠡᠨ ᠳᠡᠭᠡᠷ᠎ᠡ ᠭᠡᠷᠡᠴᠢᠯᠡᠭᠡ ᠬᠢᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠥᠷᠳᠡᠬᠦ ᠬᠢᠷᠢ ᠬᠡᠮ ᠤᠨ ᠭᠡᠷᠡᠴᠢᠯᠡᠭᠡ ᠬᠢᠬᠦ ᠨᠣᠷᠮ᠎ᠠ ᠶᠢ 95% ᠪᠣᠯᠲᠠᠯ᠎ᠠ ᠳᠡᠭᠡᠭᠰᠢᠯᠡᠭᠦᠯᠪᠡ᠃ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠢᠭᠡᠨᠲᠡ ᠠᠷᠪᠠᠨ ᠨᠠᠢᠮᠠᠨ ᠵᠢᠯ ᠳᠠᠷᠠᠭᠠᠯᠠᠨ ᠲᠣᠬᠢᠷᠠᠭᠤᠯᠵᠤ᠂ ᠬᠥᠮᠥᠨ ᠳᠤᠮᠳᠠᠴᠢ ᠶᠢᠨ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2542.07 ᠲᠥᠭᠦᠷᠢᠭ ᠪᠣᠯᠭᠠᠨ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠨᠠᠰᠤᠵᠢᠯ ᠤᠨ ᠠᠰᠠᠷᠠᠮᠵᠢ  ᠶᠢᠨ ᠮᠥᠩᠬᠦ ᠶᠢ 251 ᠲᠦᠭᠦᠷᠢᠭ ᠪᠤᠯᠭᠠᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ 234 ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠬᠤ ᠪᠠ ᠬᠠᠷᠠᠭᠠᠯᠵᠠᠯ ᠣᠯᠭᠤᠬᠤ ᠠᠵᠢᠯ ᠢ ᠪᠡᠶᠡᠯᠡᠭᠦᠯᠵᠦ᠂ ᠠᠵᠢᠯ ᠮᠡᠷᠭᠡᠵᠢᠯ ᠤᠨ ᠣᠨ ᠤ ᠮᠥᠩᠭᠦ ᠶᠢ ᠪᠦᠬᠦᠨ ᠢ ᠳᠡᠭᠡᠭᠰᠢ ᠬᠤᠪᠢᠶᠠᠷᠢᠯᠠᠨ ᠠᠵᠢᠯᠯᠠᠭᠤᠯᠬᠤ ᠶᠢ ᠪᠡᠶᠡᠯᠡᠭᠦᠯᠪᠡ᠃ ᠣᠷᠣᠯᠠᠨ ᠲᠤᠰᠢᠶᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠡ᠃ ᠬᠦᠨᠳᠦ ᠵᠡᠮᠳᠡᠭ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠦᠴᠢᠷᠳᠡᠯ ᠲᠠᠢ ᠭᠡᠷ ᠪᠦᠯᠢ ᠂ ᠳᠤᠤᠷ᠎ᠠ ᠪᠠᠲᠤᠯᠠᠭ᠎ᠠ ᠪᠠ ᠲᠠᠪᠤᠨ ᠪᠠᠲᠤᠯᠠᠭ᠎ᠠ ᠵᠡᠷᠭᠡ ᠬᠦᠴᠢᠷᠳᠡᠯ ᠲᠠᠢ 2453 ᠬᠥᠮᠥᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠰᠠᠭ ᠤᠨ ᠣᠷᠳᠣᠨ ᠤ ᠣᠷᠣᠯᠠᠨ ᠲᠤᠰᠢᠶᠠᠬᠤ ᠠᠵᠢᠯ ᠢ ᠪᠡᠶᠡᠯᠡᠭᠦᠯᠵᠦ᠂ ᠣᠷᠣᠯᠠᠨ ᠲᠤᠰᠢᠶᠠᠭᠰᠠᠨ ᠵᠣᠭᠤᠰ ᠤᠨ ᠲᠤᠭ᠎ᠠ ᠨᠢ ᠨᠡᠶᠢᠲᠡ 35.27 ᠲᠦᠮᠡᠨ ᠲᠥᠭᠦᠷᠢᠭ ᠲᠤ ᠬᠥᠷᠪᠡ᠃      ᠭᠤᠷᠪᠠ᠂ ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃      ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠴᠢᠳᠠᠪᠤᠷᠢᠲᠠᠨ ᠢ ᠬᠥᠮᠥᠵᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠡᠷᠴᠢᠮ ᠢ ᠴᠢᠩᠭᠠᠷᠠᠭᠤᠯᠵᠤ᠂ 2021 ᠣᠨ ᠳᠤ 114 ᠠᠵᠢᠯ ᠦᠢᠯᠡᠰ ᠤᠨ ᠠᠵᠢᠯᠲᠠᠨ ᠡᠯᠰᠡᠬᠦ ᠪᠠᠷ ᠲᠥᠯᠥᠪᠯᠡᠵᠦ᠂ ᠣᠳᠣᠬᠠᠨ ᠳᠤ ᠤᠯᠠᠭᠠᠨᠮᠥ᠋ᠴᠢᠷ ᠤᠨ 5 ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠯᠲᠠ ᠶᠢ ᠨᠢᠭᠡᠨᠲᠡ ᠳᠠᠭᠤᠰᠬᠠᠵᠤ᠂ ᠪᠤᠰᠤᠳ ᠠᠵᠢᠯ ᠦᠢᠯᠡᠰ ᠤᠨ ᠨᠢᠭᠡᠴᠢ ᠶᠢᠨ 88 ᠠᠵᠢᠯ ᠤᠨ ᠪᠠᠶᠢᠷᠢ ᠶᠢ ᠨᠢᠭᠡᠨᠲᠡ ᠪᠦᠬᠦᠨ ᠢ ᠳᠤᠬᠢᠷᠠᠭᠤᠯᠪᠠ᠃ 2022 ᠣᠨ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠡᠯᠰᠡᠭᠰᠡᠨ 10 ᠬᠥᠮᠥᠨ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠤ᠂ ᠰᠤᠷᠭᠠᠨ ᠬᠥᠮᠦᠵᠢᠯ ᠤᠨ ᠰᠢᠰᠲ᠋ᠧᠮ ᠤᠨ ᠪᠤᠰᠤ ᠠᠵᠢᠯ ᠦᠢᠯᠡᠰ ᠤᠨ ᠨᠢᠭᠡᠴᠢ 58 ᠬᠥᠮᠥᠨ ᠡᠯᠰᠡᠬᠦ ᠪᠠᠷ ᠲᠥᠯᠥᠪᠯᠡᠵᠦ ᠪᠣᠶ᠂ ᠡᠯᠰᠡᠬᠦ ᠲᠥᠰᠥᠯ ᠤᠨ ᠶᠣᠰᠣᠭᠠᠷ᠂ ︽ᠰᠦᠯᠵᠢᠶᠡᠨ ᠪᠢᠷ ᠤᠨ ᠰᠢᠯᠭᠠᠯᠲᠠ︾ ᠶᠢᠨ ᠠᠷᠭ᠎ᠠ ᠮᠠᠶ᠋ᠢᠭ ᠢᠶᠠᠷ 2100 ᠨᠡᠷ᠎ᠡ ᠮᠡᠳᠡᠭᠦᠯᠦᠭᠰᠡᠳ ᠲᠤ ᠪᠢᠷ ᠤᠨ ᠰᠢᠯᠭᠠᠯᠲᠠ ᠶᠢᠨ ᠠᠵᠢᠯ ᠬᠢᠵᠦ ᠳᠠᠭᠤᠰᠬᠠᠪᠠ᠃ ︽ᠭᠤᠷᠪᠠ ᠶᠢ ᠲᠡᠮᠵᠢᠵᠦ ᠨᠢᠭᠡ ᠶᠢ ᠲᠡᠳᠬᠦᠬᠦ︾ 27 ᠴᠢᠳᠠᠪᠤᠷᠢᠳᠠᠨ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠲᠠᠯ᠎ᠠ ᠪᠠᠷ ᠬᠢ 38 ᠬᠥᠮᠥᠨ ᠢ ᠰᠢᠨ᠎ᠡ ᠪᠠᠷ ᠡᠯᠰᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠴᠢᠳᠠᠪᠤᠷᠢᠲᠠᠨ ᠢ ᠦᠯᠡᠳᠡᠭᠡᠬᠦ ᠳᠤ ᠠᠩᠬᠠᠷᠤᠯ ᠢᠶᠠᠨ ᠲᠥᠪᠯᠡᠷᠡᠭᠦᠯᠪᠡ᠃ ᠡᠯᠰᠡᠨ ᠠᠪᠴᠢᠷᠠᠭᠰᠠᠨ ᠴᠢᠳᠠᠪᠤᠷᠢᠳᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ 19 ᠰᠢᠨ᠎ᠡ ᠪᠠᠷ ᠡᠯᠰᠡᠨ ᠠᠪᠴᠢᠷᠠᠭᠰᠠᠨ ᠴᠢᠳᠠᠪᠤᠷᠢᠲᠠᠨ ᠳᠤ ᠨᠡᠶᠢᠲᠡ ᠶᠢᠨ ᠪᠠᠶᠢᠷᠢ ᠬᠠᠩᠭᠠᠪᠠ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠦᠢᠯᠡᠴᠢᠯᠡᠵᠦ ᠪᠠᠶᠢᠭ᠎ᠠ ︽211 ᠳᠡᠭᠡᠳᠦ ᠰᠤᠷᠭᠠᠭᠤᠯᠢ︾ ᠶᠢᠨ ᠰᠢᠯᠢᠳᠡᠭ ᠲᠡᠭᠦᠰᠦᠭᠰᠡᠳ ᠲᠤ ᠣᠷᠣᠨ ᠰᠠᠭᠤᠴᠠ ᠶᠢᠨ ᠨᠥᠬᠦᠪᠦᠷᠢ ᠤᠯᠭᠤᠪᠠ ᠃ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠶᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠨᠡᠶᠢᠭᠡᠮᠴᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠨᠡᠶᠢᠲᠡ 136 ᠬᠥᠮᠥᠨ ᠮᠡᠳᠡᠭᠦᠯᠪᠡ᠃ 1611 ᠨᠡᠷᠡᠰ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠦᠯᠵᠢᠶᠡᠨ ᠤ ᠪᠤᠯᠪᠠᠰᠤᠷᠠᠯ ᠢ ᠥᠷᠨᠢᠭᠦᠯᠵᠦ᠂ ᠦᠨᠳᠦᠰᠦᠨ ᠱᠠᠲᠤᠨ ᠤ 2 ᠨᠡᠷᠡᠰ ᠰᠢᠯᠢᠳᠡᠭ ᠴᠢᠳᠠᠪᠤᠷᠢᠲᠠᠨ ᠢ ᠰᠣᠩᠭᠤᠨ ᠲᠠᠨᠢᠯᠴᠠᠭᠤᠯᠵᠤ ᠲᠤᠰᠬᠠᠢ ᠵᠦᠢᠯ ᠤᠨ ᠴᠢᠳᠠᠪᠤᠷᠢᠲᠠᠨ ᠢ ᠬᠥᠮᠥᠵᠢᠭᠦᠯᠬᠦ ᠵᠦᠢᠯᠡᠰ ᠲᠤ ᠣᠷᠣᠯᠴᠠᠭᠤᠯᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ᠂ ᠤᠯᠠᠭᠠᠨᠮᠥ᠋ᠴᠢᠷ ᠵᠡᠷᠭᠡ ᠲᠠᠪᠤᠨ ᠲᠤᠰᠬᠠᠢ ᠮᠡᠷᠭᠡᠵᠢᠯ ᠤᠨ ᠬᠦᠷᠢᠶᠡᠨ ᠳᠤ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠥᠬᠦ ᠬᠤᠰᠢᠭᠤᠨ ᠤ ᠲᠠᠪᠤᠨ ᠲᠤᠰᠬᠠᠢ ᠮᠡᠷᠭᠡᠵᠢᠯ ᠤᠨ ᠬᠦᠷᠢᠶᠡᠨ ᠳᠤ ᠦᠨᠳᠦᠰᠦᠨ ᠱᠠᠲᠤᠨ ᠤ ᠳᠡᠭᠡᠳᠦ ᠲᠠᠰ ᠤᠨ ︽ᠬᠤᠣᠰ ᠬᠠᠨᠳᠤᠯᠭ᠎ᠠ ᠲᠠᠢ︾ ᠠᠵᠢᠯ ᠤᠨ ᠪᠠᠶᠢᠷᠢ ᠶᠢ ᠨᠡᠶᠢᠲᠡ 28 ᠲᠣᠬᠢᠷᠠᠭᠤᠯᠵᠤ ᠂ 18 ᠲᠤᠰᠬᠠᠢ ᠮᠡᠷᠭᠡᠵᠢᠯ ᠤᠨ ᠠᠵᠢᠯᠲᠠᠨ ᠤ ᠦᠨᠳᠦᠰᠦᠨ ᠱᠠᠲᠤᠨ ᠤ ᠳᠡᠭᠡᠳᠦ ᠲᠠᠰ ᠤᠨ ᠮᠡᠷᠭᠡᠵᠢᠯ ᠤᠨ ᠴᠣᠯᠠ ᠮᠡᠳᠡᠭᠦᠯᠬᠦ ᠠᠵᠢᠯ ᠢ ᠪᠡᠶᠡᠯᠡᠭᠦᠯᠪᠡ᠃ ᠪᠥᠬᠦ ᠬᠤᠰᠢᠭᠤᠨ ᠤ 159 ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠨᠡᠮᠡᠭᠳᠡᠭᠦᠯᠬᠦ ᠠᠵᠢᠯ ᠢ ᠭᠦᠢᠴᠡᠳᠬᠡᠪᠡ᠃ 7 ᠨᠡᠷᠡᠰ ᠮᠠᠰᠲ᠋ᠧᠷ ᠪᠠ 1 ᠨᠡᠷᠡᠰ ᠳᠡᠭᠡᠳᠦ ᠵᠡᠷᠭᠡ ᠶᠢᠨ ᠠᠵᠢᠯᠲᠠᠨ ᠢ ᠵᠣᠬᠢᠶᠠᠨ ᠪᠠᠶᠢᠭᠤᠯᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠪᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠴᠢᠳᠠᠪᠤᠷᠢᠳᠠᠨ ᠢ ᠲᠤᠮᠢᠯᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠪᠡ᠃ ︽ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠠᠩᠰᠠᠯᠠᠭᠤᠯᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ 2 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠭ᠎ᠠ ᠤᠩᠭᠤᠨ ᠰᠢᠶᠠᠩ ᠤᠨ ᠬᠤᠩ ᠬᠤᠸᠠ ᠲᠠᠷᠢᠮᠠᠯ ᠤᠨ ᠰᠠᠭᠤᠷᠢᠨ ᠭᠠᠵᠠᠷ᠂ ᠰᠢᠪᠠᠷᠬᠦ᠋ᠷᠢᠶ᠎ᠠ ᠶᠢᠨ ᠲᠢᠶᠠᠨ ᠴᠤᠸᠠᠩ ᠬᠢᠲᠠᠳ ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 8 ᠠᠵᠤ ᠠᠬᠤᠶᠢᠯᠠᠯ ᠳᠤ ᠬᠥᠳᠡᠯᠮᠦᠷᠢ ᠦᠢᠯᠡᠴᠢᠯᠡᠭᠡ ᠲᠣᠮᠢᠯᠠᠬᠤ ᠦᠢᠯᠡᠴᠢᠯᠡᠭᠡᠨ ᠤ ᠠᠵᠢᠯᠲᠠᠨ 350 ᠶᠢ ᠲᠤᠮᠢᠯᠠᠪᠠ᠃      ᠳᠥᠷᠪᠡ᠂ ᠡᠷᠬᠡ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠴᠢᠬᠤᠯᠠᠴᠢᠯᠠᠵᠤ᠂ ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠢ ᠳᠡᠭᠡᠨ ᠡᠶ᠎ᠡ ᠵᠣᠬᠢᠴᠠᠯ ᠲᠠᠢ ᠪᠤᠯᠭᠠᠪᠠ᠃       ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠪᠡ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠤ᠂ ᠤᠳᠤ ᠪᠣᠯᠲᠠᠯ᠎ᠠ ᠨᠡᠶᠢᠳᠡ 50 ᠠᠵᠢᠯᠴᠢᠨ ᠬᠡᠷᠡᠭᠯᠡᠬᠦ ᠠᠵᠤ ᠠᠬᠤᠶᠢᠯᠠᠯ ᠢ ᠪᠠᠶᠢᠴᠠᠭᠠᠵᠤ᠂ 4331 ᠬᠥᠳᠡᠯᠮᠦᠷᠢᠴᠢᠨ ᠳᠤ ᠬᠤᠯᠪᠣᠭᠳᠠᠭᠰᠠᠨ ᠪᠠᠶᠢᠨ᠎ᠠ᠃ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠨᠣᠷᠮ᠎ᠠ ᠨᠢ ᠴᠥᠮ 100% ᠳᠤ ᠬᠦᠷᠴᠦ᠂ ᠰᠠᠷ᠎ᠠ ᠶᠢᠨ ᠴᠠᠯᠢᠩ ᠢ ᠣᠯᠭᠤᠬᠤ ᠳᠠᠩᠰᠠᠯᠠᠯᠲᠠ ᠶᠢᠨ ᠨᠣᠷᠮ᠎ᠠ ᠨᠢ ᠴᠥᠮ 100% ᠳᠤ ᠬᠦᠷᠴᠡᠢ᠃ 2022 ᠣᠨ ᠳᠤ 1 ᠠᠯᠲᠠᠨ ᠮᠧᠳᠠᠯ ᠤᠨ ᠡᠶᠡᠳᠡᠭᠦᠯᠦᠭᠴᠢ᠂ 1 ᠠᠯᠲᠠᠨ ᠮᠧᠳᠠᠯ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢ ᠰᠢᠯᠭᠠᠷᠠᠭᠤᠯᠵᠤ᠂ 3 ᠠᠵᠤ ᠠᠬᠤᠶᠢᠯᠠᠯ ᠳᠤ ᠬᠥᠳᠡᠯᠮᠦᠷᠢ ᠶᠢᠨ ᠡᠶᠡᠳᠡᠭᠦᠯᠭᠡ ᠶᠢᠨ ᠲᠠᠰᠤᠭ ᠪᠠᠶᠢᠭᠤᠯᠵᠤ᠂ ᠦᠨᠳᠦᠰᠦᠨ ᠱᠠᠲᠤᠨ ᠤ ᠬᠥᠳᠡᠯᠮᠦᠷᠢ ᠶᠢᠨ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠪᠡ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠪᠡ᠃ᠴᠠᠯᠢᠩ ᠥᠷᠢᠲᠦᠭᠰᠡᠨ ᠬᠡᠷᠡᠭ ᠤᠨ ᠰᠦᠪᠡᠭᠴᠢ ᠶᠢ ᠰᠢᠪᠠᠳᠠᠨ ᠰᠢᠢᠳᠪᠦᠷᠢᠯᠡᠭᠦᠯᠬᠦ ᠡᠷᠴᠢᠮ ᠢ ᠴᠢᠩᠭᠠᠷᠠᠭᠤᠯᠵᠤ᠂ ᠣᠲᠣ ᠪᠣᠯᠲᠠᠯ᠎ᠠ᠂ ︽ᠪᠥᠬᠦ ᠤᠯᠤᠰ ᠤᠨ ᠴᠠᠯᠢᠩ ᠥᠷᠢᠲᠦᠭᠰᠡᠨ ᠰᠦᠪᠡᠭᠴᠢ ᠶᠢᠨ ᠲᠠᠪᠴᠠᠩ︾ ᠪᠠ ︽ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠭᠰᠡᠨ ᠰᠦᠪᠡᠭᠴᠢ ᠶᠢᠨ ᠲᠠᠪᠴᠠᠩ︾ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠰᠦᠪᠡᠭᠴᠢ ᠶᠢᠨ ᠬᠡᠷᠡᠭ ᠨᠡᠶᠢᠲᠡ 76 ᠶᠢ ᠬᠦᠯᠢᠶᠡᠨ ᠠᠪᠴᠤ᠂ ︽ᠵᠠᠰᠠᠭ ᠤᠨ ᠣᠷᠳᠣᠨ ᠤ ᠰᠢᠭᠤᠳ ᠤᠲᠠᠰᠤ︾ ᠶᠢᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ 60 ᠶᠢ ᠭᠥᠯᠢᠶᠡᠨ ᠠᠪᠴᠤ᠂ ᠢᠯᠡᠴᠢᠯᠡᠨ ᠮᠡᠳᠡᠭᠦᠯᠦᠭᠰᠡᠨ ᠪᠠ ᠵᠠᠭᠠᠯᠳᠤᠭᠰᠠᠨ ᠬᠡᠷᠡᠭ 18 ᠪᠠᠶᠢᠵᠤ᠂ 186 ᠬᠥᠮᠥᠨ ᠳᠤ ᠬᠤᠯᠪᠣᠭᠳᠠᠵᠤ᠂  ᠬᠤᠯᠪᠤᠭᠳᠠᠭᠰᠠᠨ ᠵᠤᠭᠤᠰᠤᠨ ᠤ ᠲᠤᠭ᠎ᠠ 181.53 ᠲᠦᠮᠡᠨ ᠲᠥᠭᠦᠷᠢᠭ ᠲᠤ ᠬᠦᠷᠴᠠᠢ᠃ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠶᠢᠨ ᠴᠠᠭ ᠲᠤᠬᠠᠶᠢᠴᠢ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠴᠢᠩᠭᠠᠳᠬᠠᠵᠤ᠂ ᠤᠳᠤ ᠪᠣᠯᠲᠠᠯ᠎ᠠ ᠨᠡᠶᠢᠳᠡ 126 ᠬᠡᠷᠡᠭ ᠢ ᠰᠢᠢᠳᠪᠦᠷᠢᠯᠡᠵᠦ᠂ 126 ᠬᠥᠳᠡᠯᠮᠦᠷᠢᠴᠢᠨ ᠳᠤ ᠬᠤᠯᠪᠣᠭᠳᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠨᠡᠶᠢᠳᠡ 107.19 ᠲᠦᠮᠡᠨ ᠲᠥᠭᠦᠷᠢᠭ ᠲᠤ ᠬᠦᠷᠴᠦ᠂ 32 ᠬᠡᠷᠡᠭ ᠢ ᠰᠢᠭᠦᠨ ᠳᠠᠭᠤᠰᠬᠠᠵᠤ᠂ ᠬᠡᠷᠡᠭ ᠠᠴᠠ ᠡᠮᠦᠨ᠎ᠡ ᠦᠨᠳᠦᠰᠦᠨ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ 94 ᠡᠶᠡᠳᠡᠭᠦᠯᠭᠡ ᠶᠢᠨ ᠬᠡᠯᠡᠯᠴᠡᠭᠡᠷ ᠲᠣᠬᠢᠷᠠᠵᠤ᠂ ᠬᠥᠨᠳᠡᠯᠡᠨ ᠠᠴᠠ ᠲᠠᠰᠤᠯᠤᠭᠰᠠᠨ ᠬᠡᠷᠡᠭ ᠢ ᠰᠢᠢᠳᠪᠤᠷᠢᠯᠡᠭᠰᠡᠨ ᠨᠤᠷᠮ᠎ᠠ 100% ᠳᠤ ᠬᠦᠷᠴᠦ᠂ ᠬᠥᠨᠳᠡᠯᠡᠨ ᠠᠴᠠ ᠲᠠᠰᠤᠯᠤᠭᠰᠠᠨ ᠡᠶᠡᠳᠡᠭᠦᠯᠭᠡ ᠶᠢᠨ ᠠᠮᠵᠢᠯᠲᠠ ᠣᠯᠣᠭᠰᠠᠨ ᠨᠤᠷᠮ᠎ᠠ 84.62% ᠲᠤ ᠬᠦᠷᠴᠦ᠂ ᠡᠶᠡᠳᠡᠭᠦᠯᠭᠡ ᠶᠢᠨ ᠬᠥᠨᠳᠡᠯᠡᠨ ᠠᠴᠠ ᠲᠠᠰᠤᠯᠤᠭᠰᠠᠨ ᠪᠠ ᠳᠠᠭᠤᠰᠬᠠᠭᠰᠠᠨ ᠨᠤᠷᠮ᠎ᠠ 78.26% ᠳᠤ ᠬᠦᠷᠴᠡᠢ᠃       ᠲᠠᠪᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠪᠠ᠃       ᠰᠦᠯᠵᠢᠶᠡᠨ ᠳᠡᠭᠡᠷ᠎ᠡ ᠠᠵᠢᠯ ᠶᠠᠪᠤᠳᠠᠯ ᠡᠷᠬᠢᠯᠡᠬᠦ ᠲᠢᠩᠬᠢᠮ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾ ᠶᠢ ᠪᠡᠶᠡᠯᠡᠭᠦᠯᠪᠡ᠃ ︽ᠲᠤᠭ᠎ᠠ ᠪᠠᠷᠢᠮᠲᠠ ᠶᠢ ᠢᠯᠡᠭᠦᠦ ᠭᠦᠶᠦᠯᠭᠡᠵᠦ᠂ ᠠᠵᠤ ᠠᠬᠤᠶᠢᠯᠠᠯ ᠤᠨ ᠣᠯᠠᠨ ᠲᠦᠮᠡᠨ ᠢ ᠳᠤᠲᠠᠭᠤ ᠭᠦᠶᠦᠯᠭᠡᠬᠦ︾ ᠵᠠᠷᠴᠢᠮ ᠶᠣᠰᠣᠭᠠᠷ᠂ ᠲᠣᠰ ᠰᠠᠯᠠᠭ᠎ᠠ ᠮᠥᠴᠢᠷ ᠲᠤ ᠬᠤᠯᠪᠣᠭᠳᠠᠭᠰᠠᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ 99 ᠵᠦᠢᠯ᠂ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ 97 ᠵᠦᠢᠯ ᠢ ᠡᠮᠬᠢᠯᠡᠨ ᠳᠢᠭᠯᠡᠵᠦ᠂ ︽ᠮᠥᠩᠭᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠲᠣᠳᠣᠷᠬᠠᠢ ᠬᠠᠭᠤᠳᠠᠰᠤ 7 ᠵᠦᠢᠯ᠂ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠲᠣᠳᠣᠷᠬᠠᠢ ᠬᠠᠭᠤᠳᠠᠰᠤ 4 ᠵᠦᠢᠯ ᠢ ᠡᠮᠬᠢᠯᠡᠨ ᠳᠢᠭᠯᠡᠪᠡ᠃ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠭᠡᠷ︾᠂ ︽ᠮᠥᠩᠭᠡ ᠰᠤᠪᠠᠭ︾ ᠤᠨ APP ᠶᠢ ᠲᠦᠰᠢᠭᠯᠡᠨ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠤᠬᠠᠶᠢᠯᠠᠭᠰᠠᠨ ᠠᠵᠢᠯ ᠢ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯᠴᠢᠨ ᠢᠶᠠᠷ ᠪᠣᠯᠪᠠᠰᠤᠷᠠᠯ ᠢ ᠣᠷᠣᠯᠠᠭᠤᠯᠬᠤ ᠨᠥᠬᠦᠪᠦᠷᠢ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠳᠤ ᠴᠥᠮ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠬᠤᠪᠢ ᠬᠥᠮᠥᠨ ᠤ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠭᠤᠶᠤᠴᠢᠯᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠬᠤ ᠂ ᠦᠢᠯᠡᠰ ᠪᠤᠰᠬᠠᠬᠤ ᠵᠢᠭᠡᠯᠡᠯᠭᠡ᠂ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠠᠵᠢᠯ ᠠᠴᠠ ᠪᠠᠨ ᠠᠮᠠᠷᠠᠬᠤ ᠪᠠᠷ ᠮᠡᠳᠡᠭᠦᠯᠬᠦ᠂ ᠨᠠᠰᠤᠵᠢᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ ᠵᠡᠷᠭᠡ ᠲᠤᠬᠠᠶᠢᠯᠠᠭᠰᠠᠨ ᠠᠵᠢᠯ ᠢ ᠴᠥᠮ ᠭᠠᠷ ᠤᠳᠠᠰᠤᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠶᠡᠷᠦᠩᠬᠡᠶᠢᠯᠡᠭᠰᠡᠨ ᠴᠤᠩᠬᠤᠪᠴᠢ ᠪᠠᠷ ᠠᠵᠢᠯᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠴᠣᠩᠬᠤ ᠪᠠᠷ ᠭᠦᠢᠴᠡᠳᠬᠡᠬᠦ︾ ᠶᠢ ᠬᠡᠷᠡᠭᠵᠢᠭᠦᠯᠪᠡ᠃ ᠤᠳᠤᠷᠢᠳᠤᠯᠭ᠎ᠠ ᠡᠭᠡᠯᠵᠢᠯᠡᠨ ᠵᠢᠵᠢᠭᠦᠷᠯᠡᠬᠦ᠂ ᠲᠤᠬᠠᠶᠢᠯᠠᠭᠰᠠᠨ ᠠᠵᠢᠯᠳᠠᠨ ᠳᠤ A/B ᠠᠵᠢᠯ ᠤᠨ ᠪᠠᠶᠢᠷᠢ ᠳᠤᠬᠢᠷᠠᠭᠤᠯᠬᠤ᠂ ᠭᠠᠷᠲᠠᠨ ᠭᠦᠢᠴᠡᠳᠭᠡᠭᠴᠢ ᠡᠭᠡᠯᠵᠢᠯᠡᠨ ᠠᠵᠢᠯᠠᠬᠤ ᠵᠡᠷᠭᠡ ᠦᠢᠯᠡᠴᠢᠯᠡᠭᠡᠨ ᠤ ᠲᠢᠩᠬᠢᠮ ᠳᠤ ᠰᠠᠭᠤᠬᠤ ᠳᠦᠷᠢᠮ ᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠤᠳᠤᠷᠢᠳᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠶᠠᠪᠤᠴᠠ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢᠨ ᠬᠦᠴᠢᠷ ᠠᠰᠠᠭᠤᠳᠠᠯ᠂ ᠲᠦᠭᠵᠢᠷᠡᠯ ᠢ ᠦᠨᠡᠨ ᠬᠦ ᠰᠢᠢᠳᠪᠦᠷᠢᠯᠡᠪᠡ᠃ ᠪᠤᠯᠪᠠᠰᠤᠷᠠᠯ ᠬᠢᠭᠡᠳ ᠪᠣᠳᠠᠲᠤ ᠠᠵᠢᠯ ᠢ ᠬᠠᠷᠢᠯᠴᠠᠨ ᠤᠶᠠᠯᠳᠤᠭᠤᠯᠬᠤ ᠶᠢ ᠴᠢᠩᠭᠠᠷᠠᠭᠤᠯᠤᠨ᠂ ᠬᠠᠭᠤᠴᠢᠨ ᠠᠵᠢᠯᠳᠠᠨ ᠨᠢ ᠰᠢᠨ᠎ᠡ ᠠᠵᠢᠯᠳᠠᠨ ᠢᠶᠠᠨ ᠳᠠᠭᠠᠭᠤᠯᠵᠤ ᠰᠤᠷᠭᠠᠬᠤ ᠶᠢ ᠴᠢᠬᠤᠯᠠᠴᠢᠯᠠᠨ᠂ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠠᠰᠠᠭᠤᠳᠠᠯ ᠢ ᠰᠢᠢᠳᠪᠤᠷᠢᠯᠡᠨ᠂ ︽ᠶᠡᠷᠦᠩᠬᠡᠶᠢᠯᠡᠭᠰᠡᠨ ᠴᠤᠩᠬᠤᠪᠴᠢ ᠪᠠᠷ ᠠᠵᠢᠯᠯᠠᠬᠤ ᠳᠦᠷᠢᠮ︾ ᠤᠨ ᠭᠠᠷᠲᠠᠨ ᠭᠦᠢᠴᠡᠳᠬᠡᠬᠦ ᠵᠠᠭᠪᠤᠷ ᠢ ᠬᠡᠷᠡᠭᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠡ᠃ ᠬᠥᠲᠥᠯᠥᠭᠴᠢ᠄      ᠳᠠᠷᠠᠭᠠᠴᠢ ᠶᠢᠨ ᠠᠯᠬᠤᠮ ᠳᠤ ᠶᠠᠮᠠᠷ ᠲᠥᠯᠥᠪᠯᠡᠭᠡ ᠲᠠᠢ ᠪᠤᠢ︖      ᠵᠣᠴᠢᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠠᠰᠠᠭ ᠤᠨ ᠴᠢᠭᠯᠡᠯ᠂ ᠠᠷᠠᠳ ᠤᠨ ᠬᠦᠰᠡᠯ ᠪᠠ ᠬᠥᠮᠥᠨ ᠤ ᠬᠦᠴᠦᠨ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠳᠤ ᠰᠠᠭᠤᠷᠢᠯᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠴᠢᠳᠠᠪᠤᠷᠢᠲᠠᠨ ᠤ ᠲᠤᠯᠭᠠᠭᠤᠷᠢᠯᠠᠯ ᠤᠨ ᠦᠢᠯᠡᠳᠦᠯ ᠢ ᠴᠢᠩᠭᠠᠳᠬᠠᠬᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠵᠡᠷᠭᠡ ᠲᠠᠯ᠎ᠠ ᠶᠢᠨ ᠠᠷᠠᠳ ᠤᠨ ᠠᠮᠢᠳᠤᠷᠠᠯ ᠤᠨ ᠠᠵᠢᠯ ᠳᠡᠭᠡᠷ᠎ᠡ ᠬᠦᠴᠦ ᠣᠷᠣᠭᠤᠯᠵᠤ᠂ ᠦᠷ᠎ᠡ ᠪᠦᠲᠦᠮᠵᠢ ᠭᠠᠷᠭᠠᠨ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯ ᠤᠨ ᠲᠥᠷᠥᠭᠳᠡᠯ ᠢ ᠨᠡᠩ ᠴᠢᠩᠭ᠎ᠠ ᠪᠣᠯᠭᠠᠵᠤ᠂ ᠠᠮᠤᠷ ᠲᠦᠪᠰᠢᠨ ᠤ ᠲᠥᠷᠥᠭᠳᠡᠯ ᠢ ᠨᠡᠩ ᠥᠨᠳᠥᠷ ᠪᠣᠯᠭᠠᠨ᠎ᠠ᠃       ᠨᠢᠭᠡ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠨᠡᠩ ᠥᠨᠳᠥᠷ ᠶᠠᠰᠤ ᠴᠢᠨᠠᠷ ᠪᠠ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠦᠨ᠎ᠡ᠃      ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡᠨ ᠢ ᠨᠠᠷᠢᠯᠢᠭ ᠣᠨᠣᠴᠠᠲᠠᠢ ᠪᠠᠷ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠬᠦᠷᠲᠡᠯ᠎ᠡ ᠶᠠᠪᠤᠭᠳᠠᠭᠤᠯᠵᠤ᠂ ᠠᠵᠢᠯ ᠣᠯᠭᠤᠯᠲᠠ ᠶᠢᠨ ᠳᠤᠬᠢᠷᠠᠭᠤᠯᠭ᠎ᠠ ᠶᠢᠨ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠵᠢᠴᠢ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠳᠤ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠬᠢᠭᠡᠳ ᠦᠨᠡᠮᠯᠡᠯ ᠣᠯᠭᠤᠬᠤ ᠶᠢ ᠪᠦᠲᠦᠮᠵᠢᠲᠡᠶ ᠠᠪᠴᠠᠯᠳᠤᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠢ ᠡᠩ ᠤᠨ ᠠᠵᠢᠯᠴᠢᠨ ᠠᠴᠠ ᠮᠡᠷᠭᠡᠵᠢᠯ ᠤᠨ ᠠᠵᠢᠯᠴᠢᠨ ᠳᠠᠰᠢ ᠲᠠᠰ ᠳᠡᠪᠰᠢᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃ ᠪᠥᠬᠦ ᠵᠢᠯ ᠳᠤ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠤ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ 700 ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ 2 ᠲᠦᠮᠡᠨ ᠬᠥᠮᠥᠨ ᠳᠤ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠦᠨ᠎ᠡ᠃ ︽ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ︾ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠠᠩᠬᠠᠷᠴᠤ᠂ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠡᠷᠢᠬᠦ︾ ᠪᠠ ︽ᠭᠤᠶᠤᠴᠢᠯᠠᠬᠤ ᠶᠢ ᠬᠡᠯᠲᠦᠷᠢᠭᠦᠯᠵᠦ ᠰᠢᠭᠤᠳ ᠨᠥᠬᠦᠪᠦᠷᠢ ᠥᠭᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠨᠡᠩ ᠭᠦᠢᠴᠡᠳ ᠠᠵᠢᠯ ᠣᠯᠭᠤᠯᠲᠠ ᠶᠢ ᠤᠯᠠᠨ ᠠᠷᠭ᠎ᠠ ᠵᠠᠮ ᠢᠶᠠᠷ ᠨᠡᠭᠡᠭᠡᠨ ᠪᠡᠶᠡᠯᠡᠭᠦᠯᠦᠨ᠎ᠡ᠃ ᠬᠤᠰᠢᠭᠤᠨ ᠳᠣᠲᠣᠷᠠᠬᠢ ᠣᠨᠴᠠᠯᠢᠭ ᠲᠠᠢ ᠠᠵᠤ ᠠᠬᠤᠶᠢᠯᠠᠯ ᠢ ᠨᠢᠭᠡᠳᠬᠡᠬᠦ ᠶᠢᠨ ᠬᠠᠮᠲᠤ ᠬᠥᠭᠵᠢᠭᠦᠯᠬᠦ ᠰᠠᠭᠤᠷᠢᠨ ᠭᠠᠵᠠᠷ ᠲᠤ ᠣᠷᠣᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ︔ ︽ᠲᠤᠸ ᠮᠠ ᠭᠧᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠪᠤᠰᠬᠠᠬᠤ ᠬᠦᠷᠢᠶᠡᠯᠡᠩ ᠤᠨ ᠲᠠᠰ ᠳᠡᠪᠰᠢᠭᠦᠯᠬᠦ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠵᠢᠯ ᠤᠨ ᠳᠣᠲᠣᠷ᠎ᠠ 100 ᠭᠠᠷᠤᠢ ᠪᠣᠳᠠᠲᠤ ᠴᠣᠭᠴᠠ ᠶᠢᠨ ᠠᠵᠤ ᠠᠬᠤᠶᠢᠯᠠᠯ ᠳᠤ ᠣᠷᠣᠵᠤ ᠰᠠᠭᠤᠯᠭᠠᠵᠤ᠂ 300 ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ ᠦᠢᠯᠡᠰ ᠪᠤᠰᠬᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠂ ᠨᠤᠲᠤᠭ ᠲᠠᠭᠠᠨ ᠦᠯᠡᠳᠡᠬᠦ ᠵᠡᠷᠭᠡ ᠬᠥᠮᠥᠰ ᠤᠨ ᠦᠢᠯᠡᠰ ᠪᠤᠰᠬᠠᠬᠤ ᠶᠢ ᠭᠤᠣᠯᠳᠠᠯᠭ᠎ᠠ ᠲᠠᠢ ᠳᠡᠮᠵᠢᠵᠦ᠂ ᠦᠢᠯᠡᠰ ᠪᠤᠰᠬᠠᠬᠤ ᠬᠦᠰᠡᠯ ᠲᠠᠢ ᠬᠤᠲᠠ ᠬᠥᠳᠡᠭᠡ ᠶᠢᠨ ᠬᠥᠳᠡᠯᠮᠦᠷᠢᠴᠢᠳ ᠢ ᠬᠠᠪᠰᠤᠷᠤᠨ ᠦᠢᠯᠡᠰ ᠪᠤᠰᠬᠠᠬᠤ ᠶᠢ ᠪᠡᠶᠡᠯᠡᠭᠦᠯᠵᠦ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠣᠨ ᠵᠢᠵᠢᠭ ᠠᠵᠤ ᠠᠬᠤᠶᠢᠯᠠᠯ ᠳᠤ ᠴᠥᠮ ᠦᠢᠯᠡᠰ ᠪᠤᠰᠬᠠᠬᠤ ᠵᠢᠭᠡᠯᠡᠯᠭᠡ ᠶᠢᠨ ᠳᠡᠮᠵᠢᠯᠭᠡ ᠣᠯᠭᠤᠬᠤ ᠪᠠᠷ ᠴᠢᠷᠮᠠᠶᠢᠵᠤ᠂ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠶᠢ 2000 ᠲᠦᠮᠡᠨ ᠲᠥᠭᠦᠷᠢᠭ ᠲᠠᠯᠪᠢᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠪᠤᠯᠪᠠᠰᠤᠷᠠᠯ ᠢ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠵᠢᠯ ᠤᠨ ᠳᠣᠲᠣᠷ᠎ᠠ750 ᠬᠥᠮᠥᠨ ᠳᠤ ᠨᠥᠬᠦᠪᠦᠷᠢ ᠥᠭᠬᠦ ᠳᠦᠷᠢᠮ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠬᠠᠩᠭᠠᠨ᠎ᠠ᠃       ᠬᠤᠶᠠᠷ᠂ ᠴᠢᠳᠠᠪᠤᠷᠢᠲᠠᠨ ᠪᠤᠯ ᠨᠢᠭᠡᠳᠦᠭᠡᠷ ᠡᠬᠢ ᠪᠠᠶᠠᠯᠢᠭ ᠬᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠤᠶᠤᠨ ᠤ ᠲᠤᠯᠭᠠᠭᠤᠷᠢᠯᠠᠯ ᠬᠠᠩᠭᠠᠨ᠎ᠠ᠃       ᠴᠢᠳᠠᠪᠤᠷᠢᠲᠠᠨ ᠢ ᠡᠯᠰᠡᠵᠦ ᠤᠷ᠎ᠠ ᠮᠡᠷᠭᠡᠵᠢᠯ ᠢ ᠣᠷᠣᠭᠤᠯᠬᠤ ᠬᠡᠯᠪᠡᠷᠢ ᠶᠢ ᠰᠠᠶᠢᠲᠤᠷ ᠬᠡᠷᠡᠭᠯᠡᠨ᠎ᠡ᠃ ᠮᠠᠨ ᠤ ᠬᠤᠰᠢᠭᠤᠨ ᠤ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠲᠤ ᠬᠡᠷᠡᠭᠰᠡᠬᠦ ᠴᠢᠳᠠᠪᠤᠷᠢᠲᠠᠨ ᠤ ᠵᠢᠭᠰᠠᠭᠠᠯᠳᠠ ᠶᠢ ᠪᠥᠬᠦ ᠲᠠᠯ᠎ᠠ ᠪᠠᠷ ᠡᠮᠬᠢᠯᠡᠵᠦ᠂ ᠠᠵᠤ ᠦᠢᠯᠡᠰ ᠢᠶᠠᠷ ᠴᠢᠳᠠᠪᠤᠷᠢᠲᠠᠨ ᠢ ᠲᠠᠲᠠᠬᠤ᠂ ᠲᠠᠪᠴᠠᠩ ᠢᠶᠠᠷ ᠴᠢᠳᠠᠪᠤᠷᠢᠲᠠᠨ ᠢ ᠴᠤᠭᠯᠠᠭᠤᠯᠬᠤ᠂ ᠴᠢᠳᠠᠪᠤᠷᠢᠲᠠᠨ ᠢ ᠰᠢᠯᠭᠠᠨ ᠰᠣᠩᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠳᠤ ᠬᠦᠴᠦ ᠲᠠᠯᠪᠢᠵᠤ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ᠴᠢᠳᠠᠪᠤᠷᠢᠲᠠᠨ ᠤ ᠦᠰᠦᠨ ᠪᠣᠶᠢᠵᠢᠬᠤ ᠰᠢᠮᠡᠯᠢᠭ ᠬᠥᠷᠥᠰᠥ ᠶᠢ ᠰᠠᠶᠢᠲᠤᠷ ᠪᠣᠶᠢᠵᠢᠭᠤᠯᠤᠨ᠎ᠠ᠃ 1611 ᠨᠡᠷᠡᠰ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠬᠥᠮᠦᠵᠢᠯ ᠪᠤᠯᠪᠠᠰᠤᠷᠠᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠡ᠃ ᠡᠯ᠎ᠡ ᠲᠥᠷᠥᠯ ᠤᠨ ᠲᠠᠪᠴᠠᠩ ᠤᠨ ᠲᠥᠷᠥᠯ ᠵᠦᠢᠯ ᠳᠤ ᠲᠦᠰᠢᠭᠯᠡᠨ᠂ ᠳᠡᠭᠡᠳᠦ ᠰᠤᠷᠭᠠᠭᠤᠯᠢ ᠶᠢ ᠰᠣᠩᠭᠤᠨ ᠲᠣᠮᠢᠯᠠᠵᠤ ᠬᠠᠮᠢᠶ᠎ᠠ ᠪᠦᠬᠦᠢ ᠮᠤᠵᠢ ︵ᠣᠷᠣᠨ᠂ ᠬᠤᠲᠠ︶ ᠳᠤ ᠣᠴᠢᠭᠤᠯᠤᠨ ᠣᠨᠴᠠᠭᠠᠶ ᠬᠥᠮᠥᠵᠢᠭᠦᠯᠦᠯ ᠬᠢᠯᠭᠡᠬᠦ ᠶᠢᠨ ᠬᠠᠮᠲᠤ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠤᠨ ᠮᠠᠨ ᠤ ᠬᠤᠰᠢᠭᠤᠨ ᠳᠤ ᠮᠡᠷᠭᠡᠵᠢᠯ ᠬᠦᠷᠭᠡᠬᠦ ᠵᠡᠷᠭᠡ ᠠᠷᠭ᠎ᠠ ᠬᠡᠯᠪᠡᠷᠢ ᠪᠠᠷ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠢᠭᠡ ᠪᠦᠯᠦᠭ ᠴᠢᠨᠠᠷ ᠰᠠᠶᠢᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠪᠡᠷᠬᠡ ᠰᠡᠳᠦᠪ ᠢ ᠰᠠᠶᠢᠲᠤᠷ ᠰᠢᠢᠳᠪᠦᠷᠢᠯᠡᠨ᠎ᠡ᠃ ᠶᠣᠰᠣ ᠮᠣᠷᠠᠯ᠂ ᠴᠢᠳᠠᠪᠤᠷᠢ᠂ ᠠᠵᠢᠯ ᠤᠨ ᠠᠮᠵᠢᠯᠲᠠ ᠶᠢᠨ ᠤᠳᠤᠷᠢᠳᠤᠮᠵᠢ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠲᠣᠭᠲᠠᠭᠠᠬᠤ᠂ ᠠᠵᠢᠯ ᠤᠨ ᠪᠠᠶᠢᠷᠢ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠢᠯ ᠮᠡᠷᠭᠡᠵᠢᠯ ᠤᠨ ᠬᠦᠷᠢᠶᠡᠨ ᠳᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠲᠤᠰᠬᠠᠢ ᠮᠡᠷᠭᠡᠵᠢᠯ ᠢ ᠨᠡᠮᠡᠨ ᠪᠠᠶᠢᠭᠤᠯᠵᠤ᠂ ᠮᠡᠷᠭᠡᠵᠢᠯ ᠤᠨ ᠴᠣᠯᠠ ᠶᠢᠨ ᠳᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠪᠦᠲᠦᠮᠵᠢᠲᠡᠶ ᠵᠣᠯᠭᠠᠭᠤᠯᠬᠤ ᠶᠢ ᠬᠡᠷᠡᠭᠵᠢᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠥᠷᠨᠢᠭᠦᠯᠵᠦ᠂ ᠠᠵᠢᠯ ᠮᠡᠷᠭᠡᠵᠢᠯ ᠤᠨ ᠬᠢᠷᠢ ᠬᠡᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠴᠢᠳᠠᠪᠤᠷᠢᠲᠠᠨ ᠢ ᠦᠯᠡᠳᠡᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠴᠢᠳᠠᠪᠤᠷᠢᠲᠠᠨ ᠢ ᠳᠠᠳᠠᠨ ᠠᠪᠴᠢᠷᠠᠬᠤ ᠶᠢ ᠪᠠᠲᠤᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠴᠠᠯᠢᠩ ᠬᠥᠯᠥᠰᠦ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠠᠵᠢᠯ ᠦᠢᠯᠡᠰ ᠤᠨ ᠠᠵᠢᠯᠲᠠᠨ ᠢ ᠵᠢᠩᠬᠢᠨᠢᠴᠢᠯᠡᠵᠦ ᠲᠠᠰ ᠲᠣᠭᠲᠠᠭᠠᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠦ ᠶᠢᠨ ᠣᠷᠣᠨ ᠲᠤᠭ᠎ᠠ ᠠᠴᠠ ᠭᠠᠳᠠᠨᠠᠬᠢ ᠬᠥᠮᠥᠰ ᠵᠢᠴᠢ ᠡᠯ᠎ᠡ ᠲᠥᠷᠥᠯ ᠤᠨ ᠲᠥᠷᠥᠯ ᠵᠦᠢᠯ ᠤᠨ ᠬᠥᠮᠥᠰ ᠤᠨ ᠡᠯ᠎ᠡ ᠵᠦᠢᠯ ᠤᠨ ᠣᠯᠭᠤᠮᠵᠢ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      ᠭᠤᠷᠪᠠ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ᠃      ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠲᠥᠪᠯᠡᠷᠡᠭᠦᠯᠦᠨ ᠤᠬᠠᠭᠤᠯᠬᠤ᠂ ᠰᠢᠨ᠎ᠡ ᠵᠠᠭᠤᠴᠢᠯᠠᠭᠤᠷ ᠤᠨ ᠰᠦᠯᠵᠢᠶ᠎ᠡ ᠪᠠᠷ ᠤᠬᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠥᠬᠦᠴᠡᠯ ᠳᠤ ᠨᠡᠶᠢᠴᠡᠭᠰᠡᠨ ᠴᠢᠯᠦᠭᠡᠳᠤ ᠠᠵᠢᠯ ᠣᠯᠣᠭᠰᠠᠳ᠂ ᠰᠢᠨ᠎ᠡ ᠠᠵᠢᠯ ᠣᠯᠬᠤ ᠬᠡᠯᠪᠡᠷᠢ ᠶᠢᠨ ᠠᠵᠢᠯ ᠡᠷᠬᠢᠯᠡᠭᠰᠡᠳ ᠪᠠ ᠮᠠᠯᠴᠢᠨ ᠲᠠᠷᠢᠶᠠᠴᠢᠳ ᠤᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠵᠣᠷᠢᠭᠵᠢᠭᠤᠯᠤᠨ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂ ᠥᠷᠭᠡᠳᠬᠡᠭᠰᠡᠨ ᠬᠡᠪᠴᠢᠶ᠎ᠡ ᠲᠠᠢ ᠠᠵᠤ ᠠᠬᠤᠶᠢᠯᠠᠯ ᠤᠨ ᠥᠷᠢᠲᠦᠭᠰᠡᠨ ᠵᠠᠷᠤᠳᠠᠯ ᠢ ᠢᠯᠭᠠᠷᠠᠭᠤᠯᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠶᠢ ᠴᠢᠩᠭᠠᠳᠬᠠᠨ᠎ᠠ᠃ ᠬᠢᠵᠠᠭᠠᠷ ᠱᠤᠭᠤᠮ ᠤᠨ ᠰᠡᠳᠬᠢᠬᠦᠢ ᠪᠠ ᠪᠡᠷᠭᠡᠰᠢᠶᠠᠯ ᠢ ᠳᠠᠪᠠᠭ᠋ᠤ ᠤᠬᠠᠮᠰᠠᠷ ᠢ ᠲᠠᠰᠤᠷᠠᠯᠲᠠ ᠦᠭᠡᠢ ᠪᠣᠶ ᠪᠣᠯᠭᠠᠵᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠂ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠰᠠᠶᠢᠲᠤᠷ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ ᠪᠠ ᠢᠯᠡᠭᠦᠦ ᠠᠪᠬᠤ ᠶᠢᠨ ᠨᠡᠬᠡᠮᠵᠢᠯᠡᠨ ᠲᠤᠰᠢᠶᠠᠯᠭᠠᠬᠤ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠠᠴᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠤᠷᠤᠯᠠᠨ ᠳᠤᠰᠢᠶᠠᠬᠤ ᠠᠵᠢᠯ ᠢ ᠰᠠᠶᠢᠳᠤᠷ ᠬᠢᠨ᠎ᠡ᠃ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠢᠳᠡᠪᠬᠢᠲᠡᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠬᠦᠨᠳᠦ ᠵᠡᠮᠳᠡᠭ᠂ ᠲᠥᠯᠥᠪᠯᠡᠭᠡᠲᠦ ᠦᠷᠡᠵᠢᠯ ᠤᠨ ᠣᠨᠴᠣᠭᠤᠢ ᠬᠦᠴᠢᠷᠳᠡᠯᠲᠡᠢ ᠭᠡᠷ ᠪᠦᠯᠢ᠂ ᠨᠠᠭᠠᠲᠤ ᠵᠠᠬ᠎ᠠ ᠶᠢᠨ ᠪᠠᠲᠤᠯᠠᠭ᠎ᠠ ᠪᠠ ᠲᠠᠪᠤᠨ ᠪᠠᠲᠤᠯᠠᠭ᠎ᠠ ᠵᠡᠷᠭᠡ ᠬᠦᠴᠢᠷᠳᠡᠯᠲᠡᠢ ᠬᠦᠮᠦᠰ  ᠲᠤ ᠵᠠᠰᠠᠭ ᠤᠨ ᠣᠷᠳᠣᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠬᠤ ᠠᠵᠢᠯ ᠢ ᠰᠠᠶᠢᠲᠤᠷ ᠬᠢᠨ᠎ᠡ᠃       ᠳᠥᠷᠪᠡ᠂ ᠬᠥᠳᠡᠯᠮᠦᠷᠢ ᠶᠢᠨ ᠡᠷᠬᠡ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠡᠷᠴᠢᠮ ᠢ ᠴᠢᠩᠭᠠᠳᠬᠠᠵᠤ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠣᠶ ᠪᠣᠯᠭᠠᠨ᠎ᠠ᠃       ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠴᠢᠷᠮᠠᠶᠢᠨ ᠪᠠᠶᠢᠭᠤᠯᠤᠨ᠎ᠠ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠣᠬᠢᠴᠠᠭᠤᠯᠤᠭᠴᠢ ᠶᠢᠨ ᠡᠩᠨᠡᠭᠡ ᠶᠢ ᠦᠷᠭᠦᠯᠵᠢᠯᠡᠨ ᠪᠠᠶᠢᠭᠤᠯᠵᠤ᠂ 1 ᠠᠯᠲᠠᠨ ᠮᠧᠳᠠᠯ ᠤᠨ ᠵᠣᠬᠢᠴᠠᠭᠤᠯᠤᠭᠴᠢ ᠶᠢ ᠰᠣᠩᠭᠤᠨ ᠭᠠᠷᠭᠠᠬᠤ ᠪᠠᠷ ᠲᠥᠯᠥᠪᠯᠡᠵᠦ᠂ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠶᠢ ᠪᠡᠶᠡᠯᠡᠭᠦᠯᠵᠦ᠂ ᠰᠢᠨ᠎ᠡ ᠪᠠᠷ ᠭᠠᠷ ᠤᠨ ᠥᠰᠥᠭ ᠵᠢᠷᠤᠭᠰᠠᠨ᠂ ᠦᠷᠭᠦᠯᠵᠢᠯᠡᠨ ᠭᠠᠷ ᠤᠨ ᠥᠰᠥᠭ ᠵᠢᠷᠤᠭᠰᠠᠨ ᠬᠠᠮᠲᠤ ᠶᠢᠨ ᠭᠡᠷ᠎ᠡ ᠵᠢᠴᠢ ᠴᠠᠯᠢᠩ ᠤᠨ ᠬᠠᠮᠲᠤ ᠶᠢᠨ ᠭᠡᠷ᠎ᠡ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠬᠥᠳᠡᠯᠮᠦᠷᠢ ᠦᠢᠯᠡᠴᠢᠯᠡᠭᠡ ᠶᠢᠨ ᠠᠵᠢᠯᠴᠢᠨ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠵᠢᠴᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠲᠣᠮᠢᠯᠠᠭᠰᠠᠨ ᠬᠥᠳᠡᠯᠮᠦᠷᠢᠴᠢᠨ ᠳᠤ ᠬᠢᠬᠦ ᠠᠶᠤᠯᠭᠦᠢ ᠶᠢᠨ ᠬᠥᠮᠦᠵᠢᠯ ᠪᠤᠯᠪᠠᠰᠤᠷᠠᠯ ᠤᠨ ᠠᠵᠢᠯ ᠢ ᠴᠢᠩᠭᠠᠳᠬᠠᠨ᠎ᠠ᠃ ᠬᠥᠯᠥᠰᠦᠨ ᠠᠵᠢᠯᠴᠢᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠬᠠᠷᠢᠭᠤᠴᠠᠬᠤ ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠢᠶᠠᠷ ᠢᠶᠠᠨ ᠬᠠᠮᠵᠢᠯᠴᠠᠨ ᠬᠢᠨᠠᠯᠲᠠ ᠲᠠᠯᠪᠢᠬᠤ᠂ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠳᠤᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ︔ ᠭᠤᠣᠯᠳᠠᠯᠭ᠎ᠠ ᠲᠠᠢ ᠬᠦᠷᠢᠶᠡᠨ ᠳᠠᠬᠢ ᠴᠠᠯᠢᠩ ᠣᠯᠭᠤᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠠᠲᠤᠯᠠᠭ᠎ᠠ ᠶᠢᠨ ᠴᠠᠯᠢᠩ ᠣᠯᠭᠤᠬᠤ ᠳᠦᠷᠢᠮ ᠢ ᠨᠠᠶᠢᠳᠠᠪᠤᠷᠢᠵᠢᠭᠤᠯᠤᠨ᠎ᠠ︔ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠡᠷᠡᠭ ᠪᠠ ᠪᠠᠶᠢᠴᠠᠭᠠᠨ ᠲᠣᠳᠣᠯᠠᠭᠰᠠᠨ ᠬᠡᠷᠡᠭ ᠢ ᠴᠠᠭ ᠲᠤᠬᠠᠢ ᠳᠤᠨᠢ ᠬᠥᠳᠡᠯᠦᠩᠭᠦᠢ ᠪᠠᠷ ᠢᠯᠭᠠᠷᠠᠭᠤᠯᠤᠨ ᠲᠢᠭᠯᠡᠪᠡ᠃ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠳᠤ ᠬᠥᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠵᠢᠯ ᠢ ᠰᠠᠶᠢᠳᠤᠷ ᠬᠢᠨ᠎ᠡ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠢᠢᠳᠪᠦᠷᠢᠯᠡᠬᠦ ᠬᠦᠴᠦᠨ ᠴᠢᠳᠠᠪᠤᠷᠢ ᠶᠢᠨ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠤᠨ᠎ᠡ᠃ ︽ᠢᠨᠲ᠋ᠧᠷ ᠰᠦᠯᠵᠢᠶ᠎ᠡ + ᠡᠶᠡᠳᠡᠭᠦᠯᠵᠦ ᠬᠥᠨᠳᠡᠯᠡᠨ ᠠᠴᠠ ᠲᠠᠰᠤᠯᠬᠤ︾ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ ᠬᠥᠨᠳᠡᠯᠡᠨ ᠠᠴᠠ ᠲᠠᠰᠤᠯᠤᠭᠰᠠᠨ ᠬᠡᠷᠡᠭ ᠢ ᠰᠢᠢᠳᠪᠤᠷᠢᠯᠡᠭᠰᠡᠨ ᠨᠣᠷᠮ᠎ᠠ 90% ᠳᠤ ᠬᠦᠷᠴᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 80% ᠳᠤ ᠬᠦᠷᠴᠦ᠂ ᠬᠥᠨᠳᠡᠯᠡᠨ ᠠᠴᠠ ᠲᠠᠰᠤᠯᠤᠭᠰᠠᠨ ᠬᠡᠷᠡᠭ ᠢ ᠳᠠᠭᠤᠰᠬᠠᠭᠰᠠᠨ ᠨᠣᠷᠮ᠎ᠠ 75% ᠳᠤ ᠬᠦᠷᠴᠡᠢ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠨ᠎ᠠ᠃ ᠠᠵᠢᠯᠴᠢᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠳᠦᠷᠢᠮ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠤᠨ᠎ᠡ᠃      ︵ᠳᠥᠷᠪᠡ︶ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ      ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠣᠯᠠᠨ ᠭᠦᠶᠦᠭᠰᠡᠨ᠂ ᠮᠠᠲ᠋ᠧᠷᠢᠶᠠᠯ ᠣᠯᠠᠨ᠂ ᠴᠠᠭ ᠣᠷᠳᠣ ᠵᠡᠷᠭᠡ ᠠᠰᠠᠭᠤᠳᠠᠯ ᠳᠤ ᠴᠢᠭᠯᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠭᠡᠯᠡᠨ ᠲᠣᠨᠤᠭ  ᠠᠴᠠ ᠭᠠᠷᠳᠠᠵᠤ᠂ ᠮᠠᠲ᠋ᠧᠷᠢᠶᠠᠯ ᠪᠠ ᠰᠢᠨ᠎ᠡ ᠵᠠᠭᠤᠴᠢᠯᠠᠭᠤᠷ ᠲᠤ ᠲᠦᠰᠢᠭᠯᠡᠨ᠂ ᠲᠥᠷᠥ ᠶᠢᠨ ᠪᠣᠳᠣᠯᠭ᠎ᠠ ᠶᠢ ᠣᠯᠠᠨ ᠠᠷᠭ᠎ᠠ ᠵᠠᠮ ᠢᠶᠠᠷ ᠤᠬᠠᠭᠤᠯᠵᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠢᠯᠡ ᠪᠣᠯᠭᠠᠨ᠎ᠠ᠃ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠠᠴᠠ ᠭᠠᠷᠳᠠᠵᠤ᠂ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠡ᠃ ᠡᠭᠦᠨ ᠤ ᠬᠠᠮᠲᠤ᠂ ᠢᠨᠲ᠋ᠧᠷ ᠰᠦᠯᠵᠢᠶ᠎ᠡ + ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠵᠠᠭᠪᠤᠷ ᠢ ᠭᠦᠨᠵᠡᠭᠡᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠪᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠳᠤ ᠴᠥᠮ ᠰᠦᠯᠵᠢᠶᠡᠨ ᠳᠡᠭᠡᠷ᠎ᠡ ᠭᠦᠢᠴᠡᠳᠬᠡᠬᠦ ᠳᠦᠭᠦᠮ ᠳᠦᠳᠡ ᠠᠷᠭ᠎ᠠ  ᠶᠢ ᠬᠡᠷᠡᠭᠵᠢᠭᠦᠯᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ ᠡᠯ᠎ᠡ ᠲᠥᠷᠥᠯ ᠤᠨ APP ᠶᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠳᠦᠭᠦᠮ ᠦᠵᠡᠭᠦᠯᠬᠦ ᠶᠢ ᠪᠡᠶᠡᠯᠡᠭᠦᠯᠤᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号