ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠲᠤᠭᠳᠠᠴᠠ ᠶᠢᠨ | ᠶᠡᠷᠦᠩᠭᠡᠶᠢᠯᠡᠭᠰᠡᠨ ᠲᠤᠭᠤᠶᠢᠯᠠᠩ ᠤᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠰᠠᠶᠢᠳᠤᠷ ᠬᠢᠬᠦ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ | ᠶᠤᠰᠤᠭᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠤᠭᠳᠠᠭᠠᠭᠰᠠᠨ | ᠢᠶᠠᠷ᠂2022 ᠤᠨ ᠤ12 ᠰᠠᠷ᠎ᠠ ᠶᠢᠨ4 ᠤ ᠡᠳᠦᠷ ᠤᠨ0 ᠄00 ᠴᠠᠭ ᠠᠴᠠ ᠡᠬᠢᠯᠡᠨ᠂ ᠪᠠᠳᠤᠬᠠᠭᠠᠯᠭ᠎ᠠ ᠪᠠᠯᠭᠠᠰᠤ | ᠶᠢᠨ ᠲᠤᠯᠠᠭᠠᠨ ᠭᠡᠷ ᠰᠠᠭᠤᠭᠠᠯᠢ ᠲᠤᠭᠤᠷᠢᠭ ᠤᠨ40 ᠳ᠋ᠦ᠋ᠭᠡᠷ ᠠᠰᠠᠷ᠂ ᠬᠤᠩᠭᠤᠷᠳᠠᠯ᠎ᠠ ᠮᠠᠯᠵᠢᠯ ᠤᠨ ᠲᠠᠯᠠᠪᠠᠢ ᠶᠢ | ᠦᠨᠳᠦᠷ ᠲᠦᠭᠰᠢᠭᠦᠷᠢᠳᠦ ᠤᠷᠤᠨ ᠪᠤᠯᠭᠠᠨ ᠵᠠᠭᠠᠭᠯᠠᠨ ᠲᠤᠭᠳᠠᠭᠠᠪᠠ᠃ | ᠵᠠᠭᠠᠭᠯᠠᠨ ᠲᠤᠭᠳᠠᠭᠠᠭᠰᠠᠨ ᠤ ᠲᠠᠷᠠᠭ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠦᠨᠳᠦᠷ | ᠲᠦᠭᠰᠢᠭᠦᠷᠢᠳᠦ ᠤᠷᠤᠨ ᠨᠡᠶᠢᠳᠡ2 ᠪᠠᠶᠢᠵᠦ᠂ ᠦᠨᠳᠦᠷ ᠤᠷᠤᠨ ᠠᠴᠠ ᠭᠠᠳᠠᠨᠠᠬᠢ ᠤᠷᠤᠨ ᠪᠦᠰᠡ ᠶᠢ ᠲᠤᠤᠷ᠎ᠠ | ᠲᠦᠭᠰᠢᠭᠦᠷᠢᠳᠦ ᠤᠷᠤᠨ ᠪᠤᠯᠭᠠᠵᠡᠢ᠃ ᠦᠨᠳᠦᠷ ᠲᠦᠭᠰᠢᠭᠦᠷᠢᠳᠦ ᠤᠷᠤᠨ ᠠᠴᠠ ᠭᠠᠳᠠᠨᠠᠬᠢ ᠤᠷᠤᠨ ᠪᠦᠰᠡ ᠶᠢ | ᠲᠤᠤᠷ᠎ᠠ ᠲᠦᠭᠰᠢᠭᠦᠷᠢᠳᠦ ᠤᠷᠤᠨ ᠪᠤᠯᠭᠠᠵᠠᠢ᠃ ᠦᠨᠳᠦᠷ ᠲᠦᠭᠰᠢᠭᠦᠷᠢᠳᠦ ᠤᠷᠤᠨ ᠳᠤ ︽ᠭᠡᠷ ᠠᠴᠠ ᠪᠠᠨ ᠭᠠᠷᠬᠤ | ᠦᠭᠡᠢ᠂ ᠭᠡᠷ ᠲᠤᠨᠢ ᠬᠦᠷᠴᠦ ᠦᠢᠯᠡᠴᠢᠯᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠲᠤᠤᠷ᠎ᠠ ᠲᠦᠭᠰᠢᠭᠦᠷᠢᠳᠦ ᠤᠷᠤᠨ ᠳᠤ ︽ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠵᠦ᠂ | ᠴᠤᠭᠯᠠᠷᠠᠬᠤ ᠠᠴᠠ ᠵᠠᠶᠢᠯᠠᠰᠬᠢᠬᠤ︾ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠦᠷᠭᠡᠨ ᠤᠯᠠᠨ | ᠰᠠᠭᠤᠭᠠᠯᠢ ᠠᠷᠠᠳ ᠬᠠᠮᠢᠶᠠᠷᠤᠨ ᠡᠵᠡᠮᠳᠡᠬᠦ ᠬᠤᠭᠤᠴᠠᠭᠠᠨ ᠳᠤ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ | ᠤᠨ ᠬᠠᠯᠳᠠᠪᠤᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠶᠢᠨ ᠶᠤᠰᠤᠭᠠᠷ ᠠᠷᠠᠳ ᠢᠷᠭᠡᠳ ᠤᠨ ᠬᠠᠥᠯᠢ | ᠪᠠᠷ ᠲᠤᠭᠳᠠᠭᠠᠭᠰᠠᠨ ᠡᠭᠦᠷᠭᠡ ᠶᠢ ᠭᠦᠢᠴᠡᠳᠭᠡᠵᠦ᠂ ᠨᠡᠶᠢᠭᠡᠮ ᠲᠤᠭᠤᠷᠢᠭ ᠤᠨ ᠠᠵᠢᠯᠳᠠᠨ ᠤ ᠨᠢᠭᠡᠳᠦᠯᠳᠡᠢ | ᠲᠤᠬᠢᠷᠠᠭᠤᠯᠤᠯᠳᠠ ᠶᠢ ᠲᠠᠭᠠᠬᠤ ᠬᠡᠷᠡᠭᠳᠡᠢ᠃ ᠠᠯᠪᠠᠨ ᠤ ᠲᠠᠯ᠎ᠠ ᠶᠢᠨ ᠨᠡᠶᠢᠳᠡᠯᠡᠭᠰᠡᠨ ᠮᠡᠳᠡᠭᠡ ᠵᠠᠩᠭᠢ ᠶᠢ ᠨᠢᠠᠠᠳᠠ | ᠠᠩᠬᠠᠷᠴᠦ᠂ ᠠᠶᠤᠵᠦ ᠰᠠᠨᠳᠤᠷᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ᠂ ᠬᠡᠷᠪᠡ | ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠦᠨᠦᠷᠯᠡᠬᠦ ᠪᠠ ᠠᠮᠳᠠᠯᠠᠬᠤ ᠰᠠᠷᠡᠯ ᠮᠠᠭᠤᠳᠠᠬᠤ᠂ ᠬᠠᠮᠠᠷ | ᠪᠦᠭᠯᠡᠷᠡᠬᠦ᠂ ᠨᠢᠰᠦ ᠭᠤᠭᠤᠵᠢᠬᠤ᠂ ᠬᠤᠭᠤᠯᠠᠢ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ | ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠴᠠᠭ ᠲᠤᠬᠠᠢ ᠳᠤᠨᠢ ᠨᠡᠶᠢᠭᠡᠮ ᠲᠤᠭᠤᠷᠢᠭ | ︵ᠭᠠᠴᠠᠭ᠎ᠠ ᠲᠤᠰᠬᠤᠨ ᠤ ᠵᠦᠪᠯᠡᠯ︶ ᠲᠤ ᠮᠡᠳᠡᠭᠦᠯᠬᠦ ᠬᠡᠷᠡᠭᠳᠡᠢ᠃ | ᠬᠠᠮᠢᠶᠠᠷᠤᠨ ᠡᠵᠡᠮᠳᠡᠬᠦ ᠤᠷᠤᠨ ᠪᠦᠰᠡ ᠶᠢᠨ ᠬᠡᠪᠴᠢᠶ᠎ᠡ ᠪᠠ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠨ ᠴᠠᠭ ᠲᠤᠬᠠᠢ ᠳᠤᠨᠢ ᠲᠤᠬᠢᠷᠠᠭᠤᠯᠤᠯᠳᠠ ᠬᠢᠨ᠎ᠡ᠃ | | | ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠤᠨ ᠤ12 ᠰᠠᠷ᠎ᠠ ᠶᠢᠨ3 ᠤ ᠡᠳᠦᠷ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠷ ᠲᠦᠭᠰᠢᠭᠦᠷᠢᠳᠦ ᠤᠷᠤᠨ ᠢ ᠵᠠᠭᠠᠭᠯᠠᠨ ᠲᠤᠭᠳᠠᠭᠠᠭᠰᠠᠨ | ᠪᠠᠶᠢᠳᠠᠯ | 1. ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠰᠠᠭᠤᠭᠠᠯᠢ ᠲᠤᠭᠤᠷᠢᠭ ᠤᠨ40 ᠳ᠋ᠦ᠋ᠭᠡᠷ ᠠᠰᠠᠷ | 2. ᠪᠠᠳᠤᠬᠠᠭᠠᠯᠭ᠎ᠠ ᠪᠠᠯᠭᠠᠰᠤᠨ ᠤ ᠬᠤᠩᠭᠤᠷᠳᠠᠯ᠎ᠠ ᠮᠠᠯᠵᠢᠯ ᠤᠨ ᠲᠠᠯᠠᠪᠠᠢ | |