ᠪᠢᠳᠡ ᠬᠠᠮᠳᠤᠪᠠᠷ ᠬᠦᠴᠦ ᠪᠠᠨ ᠬᠠᠮᠳᠤᠳᠬᠠᠨ ᠬᠢᠵᠢᠭ ᠲᠠᠢ ᠲᠡᠮᠡᠴᠡᠶ᠎ᠡ
ᠨᠡᠶᠢᠲᠡᠯᠡᠭᠰᠡᠨ ᠴᠠᠭ᠄
2022/12/6
      ᠬᠢᠵᠢᠭ ᠤᠨ ᠪᠠᠶᠢᠳᠠᠯ ᠢ ᠶᠡᠭᠡ ᠰᠢᠯᠭᠠᠯᠳᠠ ᠶᠢᠨ ᠡᠮᠦᠨ᠎ᠡ᠂ ᠪᠦᠬᠦ ᠬᠤᠰᠢᠭᠤᠨ ᠤ ᠦᠷᠭᠡᠨ ᠤᠯᠠᠨ ᠨᠠᠮ ᠤᠨ ᠬᠡᠰᠢᠬᠦᠨ ᠺᠠᠳ᠋ᠷᠴᠤᠳ ᠵᠤᠷᠢᠭᠳᠠᠢ ᠪᠠᠷ ᠤᠷᠤᠭᠰᠢᠯᠠᠵᠦ᠂ ᠨᠢᠭᠡᠳᠦᠭᠡᠷ ᠹᠷᠤᠨᠲ ᠲᠤ ᠭᠠᠪᠰᠢᠭᠠᠶᠢᠯᠠᠨ᠂ ︽ᠵᠠᠩᠭᠢᠯᠭ᠎ᠠ  ᠶᠢᠨ ᠴᠠᠭ ᠮᠦᠴᠡ ᠳᠤ ᠬᠠᠷᠢᠭᠤᠴᠠᠯᠭ᠎ᠠ ᠡᠭᠦᠷᠭᠡᠯᠡᠯ︾ ᠢᠶᠠᠨ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠴᠠᠭ ᠮᠦᠴᠡ ᠲᠠᠢ ᠤᠷᠤᠯᠳᠤᠨ᠂ ᠬᠦᠴᠢᠷ ᠪᠡᠷᠬᠡᠰᠢᠶᠡᠯ ᠢ ᠦᠯᠦ ᠬᠠᠶᠢᠬᠤᠷᠤᠨ ᠡᠳᠦᠷ ᠰᠦᠨᠢ ᠦᠭᠡᠢ ᠠᠵᠢᠯᠯᠠᠵᠦ ᠪᠠᠶᠢᠨ᠎ᠠ᠃ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠬᠦᠢᠴᠡᠳᠭᠡᠵᠦ᠂ ᠬᠤᠪᠢ ᠨᠡᠮᠡᠷᠢ ᠦᠵᠡᠭᠦᠯᠵᠦ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠳᠤ ᠪᠠᠬᠢ ᠡᠩᠨᠡᠭᠡ ᠶᠢ ᠲᠠᠪᠳᠠᠨ ᠪᠤᠯᠪᠠᠰᠤᠷᠠᠭᠤᠯᠵᠦ᠂ ᠰᠡᠷᠭᠡᠶᠢᠯᠡᠨ ᠡᠵᠡᠮᠳᠡᠬᠦ ᠡᠮᠦᠨ᠎ᠡ ᠹᠷᠦᠨᠲ ᠲᠤ᠂ ᠬᠠᠬᠢᠷ ᠬᠦᠢᠳᠡᠨ ᠠᠴᠠ ᠠᠶᠤᠬᠤ ᠦᠭᠡᠢ᠂ ᠪᠦᠬᠦ ᠬᠤᠰᠢᠭᠤᠨ ᠤ ᠠᠷᠠᠳ ᠲᠦᠮᠡᠨ ᠤ ᠪᠠᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠪᠠᠳᠤ ᠪᠠᠬᠢ ᠬᠠᠯᠬᠠᠪᠴᠢ ᠪᠤᠯᠵᠦ ᠪᠤᠢ᠃      ᠤᠨᠴᠠᠭᠠᠢ ᠴᠠᠭ ᠦᠶ᠎ᠡ ᠳᠤ᠂ ᠡᠯ᠎ᠡ ᠵᠦᠢᠯ ᠤᠨ ᠪᠠᠳᠤᠯᠠᠪᠤᠷᠢ ᠶᠢᠨ ᠠᠵᠢᠯ ᠢ ᠬᠡᠷᠬᠢᠨ ᠰᠠᠶᠢᠳᠤᠷ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠡᠷᠬᠢᠨ ᠰᠢᠢᠳᠪᠦᠷᠢᠯᠡᠬᠦ ᠨᠢ ᠰᠠᠭᠤᠭᠠᠯᠢ ᠠᠷᠠᠳ ᠤᠨ ᠲᠤᠭᠤᠷᠢᠭ ᠢ ᠬᠤᠯᠪᠤᠭᠠᠯᠠᠨ ᠲᠠᠭᠠᠭᠠᠴᠢᠯᠠᠵᠦ ᠪᠠᠶᠢᠭ᠎ᠠ ᠺᠠᠳ᠋ᠷᠴᠤᠳ ᠤᠨ ᠠᠩᠬᠠᠷᠤᠯ ᠤᠨ ᠭᠤᠤᠯᠳᠠᠯᠭ᠎ᠠ ᠪᠤᠯᠵᠡᠢ᠃ ᠠᠵᠢᠯᠳᠠᠳ ᠸᠢᠴᠠᠲ᠂ ᠤᠳᠠᠰᠤ ᠵᠡᠷᠭᠡ ᠠᠷᠭ᠎ᠠ ᠵᠠᠮ ᠢᠶᠠᠷ ᠰᠠᠭᠤᠭᠠᠯᠢ ᠠᠷᠠᠳ ᠲᠠᠢ ᠡᠮ ᠤᠨ ᠵᠦᠢᠯ ᠢ ᠤᠷᠤᠯᠠᠨ ᠬᠤᠳᠠᠯᠳᠤᠨ ᠠᠪᠬᠤ ᠵᠡᠷᠭᠡ ᠦᠢᠯᠡᠴᠢᠯᠡᠭᠡ ᠬᠠᠩᠭᠠᠵᠦ᠂ ᠨᠡᠶᠢᠭᠡᠮ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠤᠬᠠᠭᠤᠯᠤᠭᠴᠢ︾᠂ ᠪᠦᠭᠡᠮ ᠬᠦᠴᠢᠯ ᠢ ᠰᠢᠯᠭᠠᠨ ᠪᠠᠶᠢᠴᠠᠭᠠᠬᠤ ︽ᠦᠢᠯᠡᠴᠢᠯᠡᠭᠴᠢ︾᠂ ᠤᠯᠠᠨ ᠲᠦᠮᠡᠨ ᠤ ᠠᠮᠢᠳᠤᠷᠠᠯ ᠢ ᠪᠠᠳᠤᠯᠠᠬᠤ ︽ᠲᠦᠷᠭᠡᠨ ᠬᠦᠷᠭᠡᠭᠴᠢ︾ ᠪᠤᠯᠵᠦ ᠪᠠᠶᠢᠨ᠎ᠠ᠃      ᠪᠦᠯᠬᠦᠮᠳᠡᠪᠡᠯ ᠰᠠᠶ᠋ᠢ ᠢᠯᠠᠯᠳᠠ ᠤᠯᠵᠦ᠂ ᠲᠡᠮᠡᠴᠡᠪᠡᠯ ᠰᠠᠶ᠋ᠢ ᠠᠮᠵᠢᠯᠳᠠ ᠤᠯᠵᠦ ᠴᠢᠳᠠᠨ᠎ᠠ᠃ ᠨᠠᠮ ᠤᠨ ᠬᠡᠰᠢᠬᠦᠨ ᠺᠠᠳ᠋ᠷ ᠡᠳᠦᠷ ᠰᠦᠨᠦ ᠦᠭᠡᠢ ᠠᠵᠢᠯᠯᠠᠵᠦ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ ᠲᠤ ᠶᠠᠭᠠᠷᠠᠯᠳᠤᠵᠦ ᠪᠠᠶᠢᠨ᠎ᠠ᠃ ᠬᠦᠴᠢᠷ ᠪᠡᠷᠬᠡᠰᠢᠶᠡᠯ ᠢ ᠬᠠᠮᠳᠦ ᠪᠠᠷ ᠲᠤᠭᠤᠯᠵᠦ᠂ ᠰᠠᠯᠬᠢ ᠪᠤᠷᠤᠭᠠᠨ ᠢ ᠬᠠᠮᠳᠦ ᠪᠠᠷ ᠲᠤᠭᠤᠯᠬᠤ ᠶᠢ ᠪᠢᠳᠡ ᠢᠯᠡᠭᠦᠬᠡᠨ ᠤᠶᠢᠯᠠᠭᠠᠶ᠎ᠠ᠃ ᠢᠳᠡᠭᠡᠯ ᠵᠤᠷᠢᠭ ᠢᠶᠠᠨ ᠪᠠᠳᠤᠳᠬᠠᠵᠦ᠂ ᠬᠦᠴᠦ ᠪᠠᠨ ᠬᠠᠮᠳᠤᠳᠬᠠᠨ ᠪᠤᠭᠤᠮᠳᠠ ᠰᠢᠪᠳᠦᠯᠵᠦ᠂ ᠪᠢᠳᠡ ᠢᠯᠡᠭᠦᠬᠡᠨ ᠬᠠᠮᠵᠢᠯᠴᠠᠶ᠎ᠠ᠃ ᠡᠨᠡ ᠦᠶ᠎ᠡ ᠶᠢᠨ ᠬᠦᠴᠢᠷ ᠪᠡᠷᠬᠡᠰᠢᠶᠡᠯ ᠢ ᠲᠤᠭᠤᠯᠪᠠᠯ ᠰᠠᠶ᠋ᠢ ᠠᠮᠢᠳᠤᠷᠠᠯ ᠤᠨ ᠵᠤᠯ ᠵᠢᠷᠭᠠᠯ ᠢ ᠲᠠᠬᠢᠨ ᠰᠡᠷᠭᠦᠭᠡᠵᠦ ᠴᠢᠳᠠᠨ᠎ᠠ᠂ ᠭᠡᠪᠡᠴᠦ ᠪᠢᠳᠡ ᠪᠦᠯᠬᠦᠮᠳᠡᠨ ᠨᠢᠭᠡᠳᠴᠦ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠤᠭᠳᠠᠭᠠᠯ ᠢ ᠴᠢᠩᠭ᠎ᠠ ᠵᠢᠷᠤᠮᠯᠠᠵᠦ᠂ ᠬᠠᠮᠳᠦ ᠪᠠᠷ ᠬᠢᠵᠢᠭ ᠤᠨ ᠪᠠᠶᠢᠳᠠᠯ ᠢ ᠡᠰᠡᠷᠭᠦᠴᠡᠬᠦ ᠬᠠᠯᠬᠠᠪᠴᠢ ᠶᠢ ᠪᠠᠶᠢᠭᠤᠯᠪᠠᠯ ᠬᠠᠬᠢᠷ ᠬᠦᠢᠳᠡᠨ ᠡᠴᠦᠰ ᠲᠡᠭᠡᠨ ᠰᠠᠷᠨᠢᠵᠦ᠂ ᠬᠠᠯᠠᠭᠤᠨ ᠲᠤᠯᠠᠭᠠᠨ ᠡᠴᠦᠰ ᠲᠡᠭᠡᠨ ᠰᠠᠷᠨᠢᠵᠦ᠂ ᠬᠠᠯᠠᠭᠤᠨ ᠲᠤᠯᠠᠭᠠᠨ ᠡᠴᠦᠰ ᠲᠡᠭᠡᠨ ᠬᠦᠷᠴᠦ ᠢᠷᠡᠬᠦ ᠶᠤᠮ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号