2019 ᠣᠨ ᠤ 3 ᠰᠠᠷ᠎ᠠ ᠶᠢᠨ 20 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃ | 2019 ᠣᠨ ᠤ 3 ᠰᠠᠷ᠎ᠠ ᠶᠢᠨ 29 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ | ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠵᠥᠪᠰᠢᠶᠡᠷᠡᠵᠦ᠂ | ᠳᠠᠷᠬᠠᠨ ᠮᠤᠤᠮᠢᠩᠭᠠᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | ᠵᠢᠩᠬᠢᠨᠢ ᠪᠠᠷ ᠪᠠᠶᠢᠭᠤᠯᠤᠭᠳᠠᠪᠠ᠃ ᠳᠣᠲᠣᠭᠠᠳᠤ ᠪᠠᠶᠢᠭᠤᠯᠤᠮᠵᠢ ᠳᠤ ᠠᠯᠪᠠᠨ ᠬᠡᠷ᠂ ᠴᠡᠷᠢᠭ ᠢᠶᠠᠨ ᠬᠦᠷᠢᠶᠡᠯᠡᠨ | ᠬᠠᠷᠠᠭᠠᠯᠵᠠᠨ ᠰᠠᠶᠢᠰᠢᠶᠠᠬᠤ ᠰᠲ᠋ᠣᠺ ᠪᠠ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠬᠠᠮᠢᠶᠠᠷᠤᠯᠲᠠ ᠶᠢᠨ ᠰᠲ᠋ᠣᠺ ᠲᠠᠢ | ᠪᠠᠶᠢᠵᠤ᠂ 5 ᠵᠠᠰᠠᠭ ᠵᠠᠬᠢᠷᠭᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ 1 ᠲᠣᠪᠴᠢᠶᠠᠨ ᠳᠠᠷᠤᠭ᠎ᠠ᠂ 1 ᠳᠡᠳ᠋ | ᠲᠣᠪᠴᠢᠶᠠᠨ ᠳᠠᠷᠤᠭ᠎ᠠ ᠭᠠᠷᠭᠠᠨ᠎ᠠ᠃ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠮᠠᠨ ᠤ ᠲᠤᠪᠴᠢᠶᠠᠨ ᠳᠤ ᠪᠠᠶᠢᠭᠤᠯᠪᠠ᠃ | 2019 ᠣᠨ ᠤ 3 ᠰᠠᠷ᠎ᠠ ᠶᠢᠨ 29 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ | ᠣᠷᠣᠨ ᠲᠣᠭᠠᠨ ᠤ ᠵᠥᠪᠯᠡᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠪᠠᠶᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠮᠠᠨ ᠤ ᠲᠣᠪᠴᠢᠶ᠎ᠠ ᠶᠢᠨ ᠬᠠᠷᠢᠶᠠᠨ ᠳᠠᠬᠢ ᠵᠣᠬᠢᠬᠤ ᠲᠠᠰ ᠤᠨ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠤᠯᠪᠠ᠃ 8 ᠠᠵᠢᠯᠲᠠᠨ ᠤ ᠣᠷᠣᠨ | ᠲᠤᠭ᠎ᠠ ᠶᠢ ᠬᠢᠨᠠᠨ ᠲᠣᠭᠲᠠᠭᠠᠨ᠎ᠠ᠂ ᠡᠭᠦᠨ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ 5 ᠬᠥᠮᠦᠨ᠂ | ᠲᠤᠰᠬᠠᠶ ᠮᠡᠷᠭᠡᠵᠢᠯ ᠤᠨ ᠠᠵᠢᠯᠲᠠᠨ 3 ᠬᠥᠮᠦᠨ ᠪᠣᠶ᠃ | ᠣᠳᠣᠬᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ ᠳᠤ ᠨᠡᠶᠢᠲᠡ 5 ᠠᠯᠪᠠᠲᠠᠨ ᠪᠣᠶ᠂ ᠡᠭᠦᠨ ᠳᠤ ᠲᠣᠪᠴᠢᠶᠠᠨ ᠳᠠᠷᠤᠭ᠎ᠠ 1᠂ ᠳᠡᠳ᠋ | ᠲᠣᠪᠴᠢᠶᠠᠨ ᠳᠠᠷᠤᠭ᠎ᠠ 1᠂ ᠭᠡᠰᠢᠭᠦᠴᠢ 2 ᠪᠣᠶ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ | ᠨᠡᠶᠢᠲᠡ 10 ᠠᠵᠢᠯᠲᠠᠨ ᠪᠣᠶ᠂ ᠡᠭᠦᠨ ᠳᠤ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ 6᠂ ᠭᠡᠷ᠎ᠡ ᠶᠢᠨ | ᠳᠦᠷᠢᠮᠲᠦ ᠠᠵᠢᠯᠲᠠᠨ 2᠂ ᠦᠨᠳᠦᠰᠦᠨ ᠱᠠᠲᠤᠨ ᠤ ᠦᠢᠯᠡᠴᠢᠯᠡᠭᠡᠨ ᠤ ᠣᠶᠤᠲᠠᠨ 2 ᠪᠣᠶ᠃ ᠪᠥᠬᠦ ᠲᠠᠯ᠎ᠠ ᠳᠤ | ᠨᠡᠶᠢᠲᠡ 9 ᠨᠠᠮ ᠤᠨ ᠭᠡᠰᠢᠭᠦᠨ ᠲᠠᠢ᠃ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ 4᠂ ᠴᠥᠭᠡᠨ | ᠲᠣᠭᠠᠲᠤ ᠦᠨᠳᠦᠰᠦᠲᠡᠨ ᠤ ᠠᠵᠢᠯᠲᠠᠨ 5 ᠪᠣᠶ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠶᠢᠨ ᠠᠵᠢᠯᠯᠠᠬᠤ ᠭᠠᠵᠠᠷ ᠨᠢ ᠤᠮᠠᠷᠠᠲᠤ ᠬᠢᠯᠢ ᠶᠢᠨ ᠵᠠᠬ᠎ᠠ ᠳᠡᠯᠭᠡᠭᠦᠷ ᠲᠤ ᠪᠠᠶᠢᠷᠢᠰᠢᠵᠤ᠂ | ᠠᠵᠢᠯᠯᠠᠬᠤ ᠲᠠᠯᠠᠪᠠᠶ ᠨᠢ 281 ᠲᠡᠭᠰᠢ ᠳᠥᠷᠪᠡᠯᠵᠢᠨ ᠮᠧᠲᠷ ᠪᠠᠶᠢᠵᠤ᠂ ᠦᠢᠯᠡᠴᠢᠯᠡᠬᠡᠨ ᠤ ᠲᠥᠪ ᠤᠨ ᠠᠵᠢᠯᠯᠠᠬᠤ | ᠭᠠᠵᠠᠷ ᠢ ᠲᠣᠪᠴᠢᠶ᠎ᠠ ᠳᠤ ᠪᠠᠶᠢᠷᠢᠯᠠᠭᠤᠯᠵᠤ᠂ ᠲᠠᠯᠠᠪᠠᠶ ᠨᠢ 40 ᠲᠡᠭᠰᠢ ᠳᠥᠷᠪᠡᠯᠵᠢᠨ ᠮᠧᠲᠷ ᠪᠠᠶᠢᠵᠤ᠂ | ᠦᠢᠯᠡᠴᠢᠯᠡᠭᠡᠨ ᠤ ᠥᠷᠲᠡᠭᠡ ᠨᠢ ᠴᠥᠮ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠶᠡᠭᠡ ᠲᠢᠩᠬᠢᠮ ᠳᠤ ︽ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠴᠣᠩᠬᠤ︾ ᠭᠠᠷᠭᠠᠵᠤ᠂ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ | ᠡᠲᠡᠭᠡᠳ ᠲᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ 12 ᠰᠤᠮᠤ ᠰᠢᠶᠠᠩ ᠪᠠᠯᠭᠠᠰᠤ ᠪᠠᠶᠢᠵᠤ᠂ | ᠳᠣᠤᠷ᠎ᠠ ᠨᠢ 7 ᠵᠡᠭᠡᠯᠢ ᠭᠤᠳᠤᠮᠵᠢ ᠨᠡᠶᠢᠭᠡᠮ ᠲᠣᠭᠤᠷᠢᠭ ᠪᠠ 77 ᠭᠠᠴᠠᠭ᠎ᠠ ᠲᠣᠰᠬᠤᠨ ᠢ ᠬᠠᠷᠢᠶᠠᠯᠠᠵᠤ᠂ ᠣᠲᠣ | ᠪᠥᠬᠦ ᠬᠤᠰᠢᠭᠤᠨ ᠳᠤ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ 2337 ᠪᠣᠶ | ᠃ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ︽ᠨᠢᠭᠡ ᠲᠥᠪ ᠬᠤᠶᠠᠷ ᠥᠷᠲᠡᠭᠡ︾ ᠶᠢᠨ ᠪᠥᠲᠥᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠳᠤ ᠨᠡᠶᠢᠲᠡ 22 ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠪᠠᠶᠢᠭᠤᠯᠪᠠ᠃ ᠡᠭᠦᠨ ᠳᠤ᠂ ᠰᠤᠮᠤ ᠰᠢᠶᠠᠩ ᠪᠠᠯᠭᠠᠰᠤ 12᠂ ᠵᠡᠭᠡᠯᠢ ᠭᠤᠳᠤᠮᠵᠢ ᠨᠡᠶᠢᠭᠡᠮ ᠲᠣᠭᠤᠷᠢᠭ 7 | ᠂ ᠭᠠᠴᠠᠭ᠎ᠠ ᠲᠣᠰᠬᠤᠨ 3᠂ ᠠᠵᠢᠯᠲᠠᠨ ᠨᠡᠶᠢᠲᠡ 63 ᠬᠥᠮᠦᠨ ᠪᠠᠶᠢᠵᠤ᠂ ᠰᠤᠮᠤ ᠰᠢᠶᠠᠩ ᠪᠠᠯᠭᠠᠰᠤ ᠶᠢᠨ ᠥᠷᠲᠡᠭᠡᠨ | ᠳᠠᠷᠤᠭ᠎ᠠ ᠶᠢᠨ ᠲᠤᠰᠢᠶᠠᠯ ᠢ ᠨᠠᠮ ᠤᠨ ᠬᠤᠷᠢᠶ᠎ᠠ ᠶᠢᠨ ᠱᠦᠵᠢ ᠡᠭᠦᠷᠭᠡᠯᠡᠵᠦ᠂ ᠳᠡᠳ᠋ ᠥᠷᠲᠡᠭᠡᠨ ᠳᠠᠷᠤᠭ᠎ᠠ ᠶᠢᠨ | ᠲᠤᠰᠢᠶᠠᠯ ᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠡᠭᠦᠷᠭᠡᠯᠡᠵᠦ᠂ ᠪᠠᠰᠠ ᠨᠢᠭᠡ ᠠᠵᠢᠯᠲᠠᠨ ᠪᠣᠶ᠂ ᠡᠯ᠎ᠡ | ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠶᠢᠨ ᠲᠤᠰᠢᠶᠠᠯ ᠢ ᠴᠥᠮ | ᠨᠡᠶᠢᠭᠡᠮ ᠲᠣᠭᠤᠷᠢᠭ ᠤᠨ ᠡᠷᠬᠢᠯᠡᠭᠴᠢ ᠡᠭᠦᠷᠭᠡᠯᠡᠵᠦ᠂ ᠭᠠᠴᠠᠭ᠎ᠠ ᠲᠣᠰᠬᠤᠨ ᠤ ᠦᠢᠯᠡᠴᠢᠯᠡᠭᠡᠨ ᠤ ᠥᠷᠲᠡᠭᠡ ᠶᠢᠨ | ᠳᠠᠷᠤᠭ᠎ᠠ ᠶᠢᠨ ᠲᠤᠰᠢᠶᠠᠯ ᠢ ᠭᠠᠴᠠᠭ᠎ᠠ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠡᠭᠦᠷᠭᠡᠯᠡᠵᠦ᠂ ᠴᠥᠮ | ᠲᠤᠰᠢᠶᠠᠯ ᠬᠠᠪᠰᠤᠷᠭᠠᠭᠰᠠᠨ ᠠᠵᠢᠯᠲᠠᠨ ᠪᠣᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠪᠣᠯᠤᠨ ᠪᠤᠰᠤᠳ | ᠬᠠᠷᠠᠭᠠᠯᠵᠠᠯ ᠭᠥᠷᠳᠡᠬᠦ ᠡᠲᠡᠭᠡᠳ ᠨᠢ 30 ᠬᠥᠮᠦᠨ ᠠᠴᠠ ᠳᠤᠲᠠᠭᠤ ᠪᠠᠶᠢᠭ᠎ᠠ ᠭᠠᠴᠠᠭ᠎ᠠ ᠲᠣᠰᠬᠤᠨ ᠳᠤ ᠨᠢᠭᠡᠨᠲᠡ | ᠲᠤᠰᠬᠠᠶ ᠬᠥᠮᠦᠨ ᠬᠠᠷᠢᠭᠤᠴᠠᠬᠤ ᠪᠠᠷ ᠲᠣᠳᠣᠷᠬᠠᠶ ᠲᠣᠭᠲᠠᠭᠠᠭᠰᠠᠨ ᠪᠠᠶᠢᠨ᠎ᠠ᠃ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠ ᠠᠵᠢᠯ ᠤᠨ ᠲᠦᠷᠢᠮ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠨᠢᠭᠡᠳᠦᠯᠲᠡᠶ | ᠠᠭᠤᠯᠭ᠎ᠠ ᠶᠢᠨ ᠶᠣᠰᠣᠭᠠᠷ ᠡᠯ᠎ᠡ ᠦᠶ᠋ᠯᠡᠴᠢᠯᠡᠭᠡᠨ ᠤ ᠥᠷᠲᠡᠭᠡ ᠳᠤ ᠵᠣᠬᠢᠶᠠᠨ ᠲᠠᠷᠬᠠᠭᠠᠵᠤ ᠥᠭᠪᠡ᠃ 2019 | ᠣᠨ ᠤ 5 ᠰᠠᠷ᠎ᠠ ᠳᠤ᠂ 22 ᠦᠢᠯᠡᠴᠢᠯᠡᠭᠡᠨ ᠤ ᠥᠷᠲᠡᠭᠡ ᠨᠢᠭᠡᠨᠲᠡ ᠪᠦᠬᠦᠨ ᠢᠶᠠᠷ ᠢᠶᠠᠨ ᠫᠠᠶᠢᠰᠠ ᠡᠯᠭᠦᠨ | ᠪᠠᠶᠢᠭᠤᠯᠤᠭᠳᠠᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠶᠢᠨ ᠭᠤᠣᠯ ᠡᠭᠦᠷᠭᠡ ᠴᠢᠳᠠᠪᠤᠷᠢ ᠪᠣᠯ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠪᠠ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ | ᠶᠠᠪᠤᠳᠠᠯ ᠪᠣᠯᠤᠨ᠎ᠠ ᠲᠥᠪᠯᠡᠷᠡᠭᠰᠡᠨ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ ᠲᠣᠳᠣᠷᠬᠠᠶ ᠴᠡᠷᠢᠭ ᠠᠴᠠ | ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ | ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠳᠤ ᠨᠡᠩ ᠰᠠᠶᠢᠨ | ᠦᠢᠯᠡᠴᠢᠯᠡᠵᠦ᠂ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ | ᠂ ᠴᠡᠷᠢᠭ ᠤᠨ ᠬᠥᠮᠦᠨ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠵᠤ᠂ ᠴᠡᠷᠢᠭ ᠠᠴᠠ | ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ | ᠵᠣᠷᠢᠭ ᠰᠠᠨᠠᠭᠠᠨ ᠤ ᠬᠡᠪ ᠨᠠᠮᠪᠠ ᠪᠠ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ᠂ ᠴᠡᠷᠢᠭ ᠠᠩᠬᠢ ᠶᠢᠨ | ᠲᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠨᠡᠩ ᠰᠠᠶᠢᠨ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠮᠠᠨ ᠤ ᠲᠣᠪᠴᠢᠶ᠎ᠠ ᠶᠢᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠲᠤ ᠭᠤᠤᠯᠳᠠᠭᠤ 25 ᠵᠦᠢᠯ ᠪᠣᠶ᠂ ᠡᠭᠦᠨ ᠳᠤ 20 ᠵᠦᠢᠯ ᠤᠨ ᠵᠠᠰᠠᠭ ᠵᠠᠬᠢᠷᠭᠠᠨ ᠤ | ᠥᠭᠭᠦᠯᠲᠡ ᠪᠠ 5 ᠵᠦᠶ᠋ᠯ ᠤᠨ ᠵᠠᠰᠠᠭ ᠵᠠᠬᠢᠷᠭᠠᠨ ᠤ ᠨᠤᠲᠠᠯᠠᠯᠲᠠ ᠪᠠᠭᠲᠠᠨ᠎ᠠ᠂ ᠪᠦᠬᠦᠨ ᠢ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠲᠠᠨᠢᠵᠤ ᠠᠪᠬᠤ ᠪᠠ ᠪᠢᠴᠢᠵᠦ ᠣᠷᠣᠭᠤᠯᠬᠤ ᠶᠢ | ᠪᠡᠶᠡᠯᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠳᠤ ᠳᠣᠤᠷ᠎ᠠ ᠨᠢ ᠳᠣᠲᠣᠭᠠᠳᠤ ᠶᠢᠨ ᠪᠠᠶᠢᠭᠤᠯᠤᠮᠵᠢ ᠲᠠᠢ᠄ | ︵ᠨᠢᠭᠡ︶ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ | ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ | ᠠᠵᠢᠯ ᠢ ᠡᠭᠦᠷᠭᠡᠯᠡᠨ᠎ᠡ᠃ ᠲᠥᠷᠥ ᠶᠢᠨ ᠪᠣᠳᠣᠯᠭ᠎ᠠ ᠶᠢ ᠰᠤᠳᠤᠯᠬᠤ᠂ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠴᠡᠷᠢᠭ ᠠᠴᠠ ᠬᠠᠯᠠᠭᠳᠠᠭᠰᠠᠳ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ | ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠵᠢᠨᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠦᠢᠯᠡᠰ ᠤᠨ ᠪᠡᠯᠡ ᠮᠥᠩᠭᠦ | ᠵᠢᠨᠪᠠᠶᠢᠭᠤᠯᠭᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ ᠪᠠ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠪᠠ ᠰᠠᠶᠢᠰᠢᠶᠠᠬᠤ ᠰᠲ᠋ᠣᠺ᠃ ᠪᠥᠬᠦ ᠬᠤᠰᠢᠭᠤᠨ ᠤ | ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠬᠠᠷᠠᠭᠠᠯᠵᠠᠬᠤ᠂ ᠬᠠᠷᠠᠭᠠᠯᠵᠠᠯ᠂ ᠠᠰᠠᠷᠠᠮᠵᠢ᠂ ᠨᠥᠬᠦᠪᠥᠷᠢ᠂ ᠴᠡᠷᠢᠭ ᠠᠴᠠ | ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ | ᠪᠠᠶᠢᠭᠤᠯᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃ ᠦᠷᠭᠦᠯᠵᠢᠯᠡᠨ ᠠᠯᠪᠠ | ᠬᠠᠭᠠᠬᠤ ᠳᠤ ᠲᠣᠬᠢᠷᠠᠮᠵᠢ ᠦᠭᠡᠢ ᠰᠢᠷᠬᠠᠲᠤᠭᠰᠠᠨ᠂ ᠰᠢᠷᠬᠠᠲᠤᠭᠰᠠᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ | ᠠᠰᠠᠷᠠᠮᠵᠢ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠵᠢᠴᠢ ᠴᠡᠷᠢᠭ ᠤᠨ ᠬᠠᠩᠭᠠᠯᠭ᠎ᠠ ᠶᠢᠨ | ᠪᠠᠲᠤᠯᠠᠭ᠎ᠠ ᠶᠢᠨ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ᠴᠡᠷᠢᠭ ᠢ ᠳᠠᠭᠠᠵᠤ ᠠᠵᠢᠯ ᠰᠢᠯᠵᠢᠬᠦ ᠭᠡᠷ ᠪᠦᠯᠢ ᠶᠢᠨ ᠬᠢᠨ ᠤ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ | ᠵᠣᠬᠢᠴᠠᠭᠤᠯᠤᠨ ᠵᠢᠯᠣᠭᠤᠳᠤᠨ᠎ᠠ᠃ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ᠂ ᠳᠤᠷᠠᠰᠬᠠᠯ ᠤᠨ | ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ | ᠪᠥᠬᠦᠶ ᠠᠵᠢᠯ ᠢ ᠡᠭᠦᠷᠭᠡᠯᠡᠨ᠎ᠡ᠃ ᠴᠡᠷᠢᠭ ᠤᠨ ᠬᠥᠮᠦᠨ ᠤ ᠨᠡᠶᠢᠲᠡ ᠶᠢᠨ ᠤᠡᠭᠭᠤᠨ ᠤ ᠪᠦᠳᠦᠭᠡᠨ ᠪᠠᠶᠢᠭᠤᠯᠤᠯᠲᠠ ᠶᠢᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ | ᠵᠢᠯᠣᠭᠤᠳᠴᠤ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃ | ︵ᠭᠤᠷᠪᠠ︶ ᠲᠥᠪᠬᠢᠨᠡᠭᠦᠯᠬᠦ ᠬᠠᠮᠢᠶᠠᠷᠤᠯᠲᠠ ᠶᠢᠨ ᠰᠲ᠋ᠣᠺ ᠢ ᠰᠢᠯᠵᠢᠭᠦᠯᠦᠨ ᠲᠤᠰᠢᠶᠠᠬᠤ᠃ ᠴᠡᠷᠢᠭ ᠠᠴᠠ | ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠨ | ᠬᠥᠬᠢᠭᠦᠯᠬᠦ᠂ ᠢᠷᠠᠭᠤ ᠠᠯᠳᠠᠷ ᠤᠨ ᠱᠠᠩᠨᠠᠯ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠡᠭᠦᠷᠭᠡᠯᠡᠵᠦ᠂ | ᠴᠡᠷᠢᠭ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠳᠤ ᠬᠠᠮᠵᠢᠯᠴᠠᠨ | ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ | ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠥᠬᠦᠶ ᠬᠥᠮᠦᠰ ᠢ | ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠲᠥᠯᠥᠪᠯᠡᠭᠡ ᠪᠠᠷ | ᠬᠤᠪᠢᠶᠠᠷᠢᠯᠠᠭᠰᠠᠨ ᠴᠡᠷᠢᠭ ᠠᠴᠠ ᠬᠠᠯᠠᠭᠳᠠᠭᠰᠠᠨ ᠺᠠᠳ᠋ᠷ ᠤᠨ ᠬᠡᠯᠲᠡᠰ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠣᠨ ᠤ ᠲᠥᠪᠬᠢᠨᠡᠭᠦᠯᠬᠦ᠂ ᠠᠵᠢᠯ ᠤᠨ ᠪᠠᠶᠢᠷᠢ ᠳᠤ ᠭᠠᠷᠬᠤ ᠠᠴᠠ | ᠡᠮᠦᠨᠡᠬᠢ ᠪᠣᠯᠪᠠᠰᠤᠷᠠᠯ ᠵᠡᠷᠭᠡ ᠡᠭᠦᠷᠭᠡ ᠶᠢ ᠡᠭᠦᠷᠭᠡᠯᠡᠨ᠎ᠡ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ | ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠬᠠᠷᠢᠶ᠎ᠠ | ᠥᠬᠡᠶ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ | ᠠᠵᠢᠯ ᠠᠴᠠ ᠪᠠᠨ ᠪᠠᠭᠤᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ ᠠᠴᠠ ᠪᠠᠭᠤᠭᠰᠠᠳ | ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠴᠡᠷᠢᠭ ᠠᠩᠭᠢ ᠶᠢᠨ | ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ | ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠣᠯᠵᠤ ᠦᠶ᠋ᠯᠡᠰ ᠴᠣᠭᠴᠠᠯᠠᠬᠤ ᠣᠨ ᠤ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠵᠤ ᠦᠢᠯᠡᠰ | ᠴᠣᠭᠴᠠᠯᠠᠬᠤ ᠶᠢ ᠠᠬᠢᠭᠤᠯᠬᠤ ᠪᠠ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ ᠵᠡᠷᠭᠡ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠵᠠᠭᠤᠴᠢ ᠦᠢᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ | ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ | ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ᠬᠠᠶ᠋ᠢᠭ᠄ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠤᠮᠠᠷᠠᠲᠤ | ᠬᠢᠯᠢ ᠶᠢᠨ ᠵᠠᠬ᠎ᠠ ᠳᠡᠯᠭᠡᠭᠦᠷ ᠤᠨ ᠬᠦᠷᠢᠶᠡᠨ ᠤ ᠡᠮᠦᠨ᠎ᠡ ᠲᠠᠯ᠎ᠠ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠤ 9᠄ 00 — 12᠄ 00᠂ 13᠄ 30 — | 17᠄ 00 | ᠬᠠᠷᠢᠭᠤᠴᠠᠯᠭᠠᠲᠠᠨ᠄ ᠯᠢᠦ ᠵᠢᠶᠠᠨ ᠭᠦᠩ | ᠬᠠᠷᠢᠯᠴᠠᠬᠤ ᠤᠲᠠᠰᠤ᠄ 0472-8319936 | |