ᠲᠦᠷᠦᠭᠦᠦ ᠭᠤᠷᠪᠠᠨ ᠤᠯᠠᠷᠢᠯ ᠳᠤ᠂ ᠳᠠᠷᠬᠠᠨ ᠮᠤᠤᠮᠢᠩᠭᠠᠨ ᠬᠤᠰᠢᠭᠤ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠭᠤᠷᠢᠯᠠᠵᠤ᠂ ᠪᠠᠲᠤᠯᠠᠭ᠎ᠠ ᠪᠠᠷ ᠲᠣᠭᠲᠠᠭᠤᠨ ᠢ | ᠠᠬᠢᠭᠤᠯᠵᠤ᠂ ᠲᠣᠭᠲᠠᠭᠤᠨ ᠢᠶᠠᠷ ᠠᠬᠢᠭᠤᠯᠵᠤ᠂ ᠠᠵᠤ ᠠᠬᠤᠢ ᠶᠢᠨ ᠰᠡᠷᠭᠦᠯᠲᠡ ᠲᠣᠭᠲᠠᠭᠤᠨ ᠪᠠᠶᠢᠳᠠᠯ ᠲᠠᠢ ᠪᠤᠯᠵᠤ᠂ | ᠢᠳᠡᠪᠬᠢᠲᠡᠢ ᠪᠠᠷ ᠰᠠᠶᠢᠵᠢᠷᠠᠪᠠ᠃ | ᠲᠦᠷᠦᠭᠦᠤ ᠭᠤᠷᠪᠠᠨ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 82.42 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠡᠶ᠃ ᠡᠭᠦᠨ ᠤ ᠳᠣᠲᠣᠷ᠎ᠠ᠄ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠦᠷᠳᠡᠭ 489 ᠳ᠋ᠦᠩᠰᠢᠭᠤᠷ ᠲᠥᠭᠦᠷᠢᠭ ᠲᠤ ᠬᠦᠷᠴᠦ᠂ 73% ᠪᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 55.60 ᠳ᠋ᠦᠩᠰᠢᠭᠤᠷ ᠲᠥᠭᠦᠷᠢᠭ ᠲᠤ ᠬᠦᠷᠴᠦ᠂ 5. | 2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 2193 ᠳ᠋ᠦᠩᠰᠢᠭᠤᠷ | ᠲᠥᠭᠦᠷᠢᠭ ᠲᠤ ᠬᠦᠷᠴᠦ᠂ 15% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ | 5.9᠄ 67.5᠄ 26.6 ᠪᠣᠯᠤᠨ᠎ᠠ᠃ ᠪᠣᠳᠠᠲᠠᠶ ᠭᠦᠢᠴᠡᠳᠭᠡᠯ ᠲᠤᠭ᠎ᠠ ᠠᠴᠠ ᠵᠠᠳᠠᠯᠪᠠᠯ᠂ ᠡᠮᠦᠨ᠎ᠡ ᠭᠤᠷᠪᠠᠨ | ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠳᠤ ᠳᠣᠤᠷᠠᠬᠢ ᠮᠡᠲᠦ ᠣᠨᠴᠠᠯᠢᠭ ᠲᠠᠢ᠄ | ᠨᠢᠭᠡ᠂ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠪᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ | ᠵᠢᠯ ᠤᠨ ᠬᠢ ᠠᠴᠠ ᠲᠣᠰ ᠲᠣᠰ 1.3 ᠵᠠᠭᠤᠨ ᠤ ᠨᠢᠭᠡᠴᠢ ᠪᠠ ᠠᠳᠠᠯᠢ ᠬᠡᠮᠵᠢᠶᠡᠨ ᠤ ᠨᠡᠮᠡᠭᠳᠡᠯ ᠲᠠᠢ ᠪᠣᠯᠵᠠᠶ᠃ ᠠᠵᠢᠯ | ᠲᠥᠷᠥᠯ ᠢᠶᠠᠷ ᠲᠥᠷᠥᠯ ᠬᠤᠪᠢᠶᠠᠨ ᠪᠦᠷᠢᠳᠬᠡᠭᠰᠡᠨ ᠢᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠭᠦᠨ ᠤ ᠥᠷᠲᠡᠭ ᠨᠢ ︽ᠬᠤᠶᠠᠷ ᠢ ᠳᠡᠭᠡᠭᠰᠢᠯᠡᠭᠦᠯᠵᠦ ᠳᠥᠷᠪᠡ ᠶᠢ ᠪᠠᠭᠤᠷᠠᠭᠤᠯᠬᠤ︾ ᠬᠠᠨᠳᠤᠰᠢ ᠲᠠᠢ ᠪᠣᠯᠪᠠ | ᠂ ᠡᠭᠦᠨ ᠳᠤ᠄ ᠲᠡᠮᠦᠷᠯᠢᠭ ᠪᠤᠰᠤ ᠠᠭᠤᠷᠬᠠᠶ ᠶᠢᠨ ᠬᠦᠳᠡᠷ ᠰᠢᠯᠢᠬᠦ ᠦᠢᠯᠡᠰ 45.5% ᠨᠡᠮᠡᠭᠳᠡᠵᠦ᠂ ᠲᠡᠮᠦᠷᠯᠢᠭ | ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ 45.0% ᠨᠡᠮᠡᠭᠳᠡᠪᠡ︔ ᠬᠠᠷ᠎ᠠ ᠲᠡᠮᠦᠷᠯᠢᠭ ᠤᠨ ᠬᠦᠳᠡᠷ | ᠰᠢᠯᠢᠬᠦ ᠦᠢᠯᠡᠰ 346% ᠪᠠᠷ ᠪᠠᠭᠤᠷᠠᠵᠤ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ | ᠦᠢᠯᠡᠳᠬᠦ ᠦᠢᠯᠡᠰ 345% ᠪᠠᠷ ᠪᠠᠭᠤᠷᠠᠵᠤ᠂ ᠬᠠᠷ᠎ᠠ ᠲᠡᠮᠦᠷᠯᠢᠭ ᠢ ᠪᠣᠯᠪᠠᠰᠤᠷᠠᠭᠤᠯᠬᠤ ᠪᠠ ᠳᠠᠷᠤᠵᠤ | ᠤᠷᠲᠤᠳᠬᠠᠨ ᠪᠣᠯᠪᠠᠰᠤᠷᠠᠭᠤᠯᠬᠤ ᠦᠢᠯᠡᠰ -121% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ | ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 247% ᠪᠠᠷ ᠪᠠᠭᠤᠷᠠᠪᠠ᠃ ᠠᠵᠤ ᠠᠬᠤᠶᠢᠯᠠᠯ ᠤᠨ | ᠦᠢᠯᠡᠳᠬᠦᠨ ᠤ ᠦᠷᠳᠡᠭ ᠤᠨ ᠨᠡᠮᠡᠭᠳᠡᠯ ᠬᠠᠰᠤᠭᠳᠠᠯ ᠤᠨ ᠪᠠᠶᠢᠳᠠᠯ ᠢᠶᠠᠷ ᠪᠦᠷᠢᠳᠬᠡᠪᠡᠯ᠂ 9 ᠰᠠᠷ᠎ᠠ ᠶᠢᠨ ᠰᠡᠭᠦᠯᠴᠢ | ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ 52 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ 7 | ᠠᠵᠤ ᠠᠬᠤᠶᠢᠯᠠᠯ ᠠᠯᠳᠠᠭᠳᠠᠯ ᠲᠠᠢ ᠪᠣᠯᠪᠠ᠃ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.3% ᠪᠠᠭᠤᠷᠠᠵᠤ᠂ | ᠡᠵᠡᠩᠨᠡᠯᠲᠡ ᠶᠢᠨ ᠥᠪᠡᠷ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠵᠦ᠂ ᠬᠠᠳᠠᠭᠠᠯᠠᠮᠵᠢ | ᠪᠠᠷᠠᠭ᠎ᠠ ᠠᠳᠠᠯᠢ ᠬᠤᠭᠤᠴᠠᠭᠠᠨ ᠤ ᠬᠢ ᠠᠴᠠ 26.2% ᠨᠡᠮᠡᠭᠳᠡᠵᠦ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠥᠷᠢᠲᠦᠯ ᠤᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 2.6% ᠪᠠᠭᠤᠷᠠᠪᠠ᠃ | 1-9 ᠰᠠᠷ᠎ᠠ ᠳᠤ᠂ ᠪᠦᠳᠦᠭᠦᠯᠢᠭ ᠪᠣᠯᠣᠳ ᠤᠨ ᠭᠠᠷᠤᠯᠲᠠ 37.31 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.4% ᠪᠠᠷ ᠪᠠᠭᠠᠰᠪᠠ︔ ᠱᠦᠢᠨᠢ ᠶᠢᠨ ᠭᠠᠷᠤᠯᠲᠠ 1273 ᠲᠦᠮᠡᠨ ᠲᠣᠨ ᠳᠤ | ᠬᠦᠷᠴᠦ᠂ 271% ᠪᠠᠷ ᠨᠡᠮᠡᠭᠳᠡᠪᠡ︔ ᠰᠢᠷᠠᠮᠤ ᠶᠢᠨ ᠭᠠᠷᠤᠯᠲᠠ 3348 ᠲᠦᠮᠡᠨ ᠲᠣᠨ ᠳᠤ ᠬᠦᠷᠴᠦ᠂ | 115% ᠪᠠᠷ ᠪᠠᠭᠠᠰᠪᠠ᠃ | ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ | ᠵᠤᠨ ᠤ ᠤᠯᠠᠷᠢᠯ ᠤᠨ ᠲᠠᠷᠢᠶᠠᠯᠠᠩ ᠤᠨ ᠪᠠᠶᠢᠴᠠᠭᠠᠯᠲᠠ ᠶᠢᠨ ᠮᠠᠲ᠋ᠧᠷᠢᠶᠠᠯ ᠢ ᠦᠨᠳᠦᠰᠦᠯᠡᠪᠡᠯ᠂ 2022 | ᠣᠨ ᠳᠤ ᠪᠦᠭᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 601470 ᠮᠤ᠋ ᠪᠤᠯᠵᠤ᠂ ᠳᠡᠭᠡᠷ᠎ᠡ | ᠵᠢᠯ ᠤᠨ ᠬᠢ ᠠᠴᠠ 136476 ᠮᠤ᠋ ᠨᠡᠮᠡᠭᠳᠡᠵᠦ᠂ 29.4 ᠨᠡᠮᠡᠭᠳᠡᠵᠡᠶ᠃ ᠡᠭᠦᠨ ᠳᠤ᠄ ᠠᠮᠤ ᠪᠤᠳᠠᠭ᠎ᠠ 571223 | ᠮᠥ ᠪᠠᠶᠢᠵᠤ᠂ 145486 ᠮᠥ ᠨᠡᠮᠡᠭᠳᠡᠨ᠂ 34.2% ᠢᠶᠠᠷ ᠨᠡᠮᠡᠭᠳᠡᠵᠦ᠂ ᠠᠮᠤ ᠪᠤᠳᠠᠭᠠᠨ ᠤ ᠲᠠᠷᠢᠮᠠᠯ ᠤᠨ | ᠶᠡᠷᠦᠩᠬᠡᠶ ᠲᠠᠯᠠᠪᠠᠶ ᠶᠢᠨ 95.0% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2.4 ᠵᠠᠭᠤᠨ ᠤ ᠨᠢᠭᠡᠴᠢ | ᠳᠡᠭᠡᠭᠰᠢᠯᠡᠵᠡᠶ︔ ᠲᠥᠮᠥᠰᠥᠨ ᠤ ᠲᠥᠷᠥᠯ 30200 ᠮᠥ ᠪᠠᠶᠢᠵᠤ᠂ 9057 ᠮᠥ ᠬᠠᠰᠤᠭᠳᠠᠵᠤ᠂ 23.1% ᠪᠠᠷ | ᠪᠠᠭᠠᠰᠪᠠ᠃ | ᠪᠣᠳᠠᠲᠠᠶ ᠲᠠᠷᠢᠮᠠᠯ ᠢᠶᠠᠷ ᠬᠤᠪᠢᠶᠠᠪᠠᠯ᠂ ᠪᠤᠭᠤᠳᠠᠶ ᠳᠠᠷᠢᠬᠤ ᠲᠠᠯᠠᠪᠠᠶ 106492 ᠮᠥ ᠪᠠᠶᠢᠵᠤ᠂ 34724 ᠮᠥ | ᠬᠠᠰᠤᠭᠳᠠᠵᠠᠶ᠂ ᠠᠳᠠᠯᠢ ᠬᠤᠭᠤᠴᠠᠭᠠᠨ ᠳᠤ 24.6% ᠪᠠᠷ ᠪᠠᠭᠤᠷᠠᠵᠤ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶ | ᠲᠠᠯᠠᠪᠠᠶ ᠶᠢᠨ 17.7% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 8.9 ᠵᠠᠭᠤᠨ ᠤ ᠨᠢᠭᠡᠴᠢ ᠪᠠᠭᠤᠷᠠᠪᠠ︔ | ᠡᠷᠳᠡᠨᠢ ᠰᠢᠰᠢ ᠳᠠᠷᠢᠬᠤ ᠲᠠᠯᠠᠪᠠᠶ 261700 ᠮᠥ ᠪᠠᠶᠢᠵᠤ᠂ 106160 ᠮᠥ ᠨᠡᠮᠡᠭᠳᠡᠨ᠂ 68.3% ᠨᠡᠮᠡᠭᠳᠡᠵᠦ | ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶ ᠲᠠᠯᠠᠪᠠᠶ ᠶᠢᠨ 43.5% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 1.7 ᠵᠠᠭᠤᠨ ᠤ ᠨᠢᠭᠡᠴᠢ ᠳᠡᠭᠡᠭᠰᠢᠯᠡᠪᠡ︔ ᠰᠠᠭᠠᠭ 173743 ᠮᠦ ᠳᠤ ᠬᠦᠷᠴᠦ᠂ | 77948 ᠮᠦ ᠨᠡᠮᠡᠭᠳᠡᠵᠦ᠂ 814% ᠪᠠᠷ ᠨᠡᠮᠡᠭᠳᠡᠪᠡ︔ ᠶᠤᠤᠮᠠᠶ 29299 ᠮᠥ ᠪᠠᠶᠢᠵᠤ᠂ 3837 ᠮᠥ | ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 26.2% ᠪᠠᠭᠤᠷᠠᠵᠠᠶ᠃ | ᠠᠩᠬ᠎ᠠ ᠠᠯᠬᠤᠮ ᠤᠨ ᠪᠦᠷᠢᠳᠬᠡᠯ ᠢᠶᠠᠷ ᠳᠡᠭᠡᠭᠰᠢ ᠮᠡᠳᠡᠭᠦᠯᠦᠭᠰᠡᠨ ᠪᠥᠬᠦ ᠬᠤᠰᠢᠭᠤᠨ ᠤ ᠠᠮᠤ ᠪᠤᠳᠠᠭᠠᠨ ᠤ | ᠲᠠᠷᠢᠮᠠᠯ ᠤᠨ ᠤᠨᠠᠯᠲᠠ 10.96 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24. | 1% ᠪᠠᠷ ᠨᠡᠮᠡᠭᠳᠡᠪᠡ᠂ ᠡᠭᠦᠨ ᠳᠤ ᠪᠤᠭᠤᠳᠠᠶ 0.27 ᠲᠦᠮᠡᠨ ᠲᠣᠨ ᠪᠠᠶᠢᠵᠤ᠂ 71.0% ᠪᠠᠷ ᠪᠠᠭᠠᠰᠴᠤ᠂ | ᠡᠷᠳᠡᠨᠢ ᠰᠢᠰᠢ 9.57 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 55.5% ᠪᠠᠷ ᠨᠡᠮᠡᠭᠳᠡᠵᠦ᠂ | ᠰᠠᠭᠠᠭ ᠤᠨ ᠭᠠᠷᠤᠯᠲᠠ 0.30 ᠲᠦᠮᠡᠨ ᠲᠣᠨ ᠬᠦᠷᠴᠦ᠂ 57.1% ᠪᠠᠷ ᠪᠠᠭᠠᠰᠴᠤ᠂ ᠶᠤᠤᠮᠠᠶ ᠶᠢᠨ ᠭᠠᠷᠤᠯᠲᠠ 0. | 07 ᠲᠦᠮᠡᠨ ᠲᠣᠨ ᠬᠦᠷᠴᠦ᠂ 67.3% ᠪᠠᠷ ᠪᠠᠭᠠᠰᠴᠤ᠂ ᠲᠥᠮᠥᠰᠥ 0.74 ᠲᠦᠮᠡᠨ ᠲᠣᠨ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.8% ᠪᠠᠷ ᠪᠠᠭᠠᠰᠴᠠᠶ᠃ | ᠭᠤᠷᠪᠠ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠯᠠᠪᠳᠠᠭᠤᠨ ᠢᠶᠠᠷ ᠰᠡᠷᠭᠦᠪᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 11.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9% ᠪᠠᠷ ᠪᠠᠭᠠᠰᠤᠭᠰᠠᠨ ᠨᠢ ᠬᠡᠷᠡᠭᠯᠡᠭᠡ ᠬᠢᠵᠢᠭ ᠤᠨ ᠬᠢᠮᠤᠷᠠᠯ ᠠᠴᠠ ᠢᠳᠡᠭ | ᠢᠳᠡᠭ ᠢᠶᠠᠷ ᠰᠡᠷᠭᠦᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠃ 1-9 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ | ᠬᠡᠷᠡᠭᠯᠡᠭᠡᠨ ᠤ ᠵᠦᠢᠯ ᠤᠨ ᠪᠣᠷᠣᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.7% | ᠨᠡᠮᠡᠭᠳᠡᠵᠦ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ | 5.0᠂ 2.8 ᠵᠠᠭᠤᠨ ᠤ ᠨᠢᠭᠡᠴᠢ ᠳᠡᠭᠡᠭᠰᠢᠯᠡᠵᠡᠶ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠷᠢᠯᠠᠪᠠᠯ᠄ | ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | 5.1% ᠪᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠰ ᠤᠨ ᠵᠢᠵᠢᠭᠯᠡᠨ ᠬᠤᠳᠠᠯᠳᠤᠭᠰᠠᠨ ᠲᠤᠭ᠎ᠠ 1.0% ᠪᠠᠷ | ᠪᠠᠭᠠᠰᠴᠤ᠂ ᠬᠤᠨᠤᠭ ᠤᠨ ᠦᠢᠯᠡᠰ ᠤᠨ ᠡᠵᠡᠩᠨᠡᠯᠲᠡ ᠶᠢᠨ ᠲᠤᠭ᠎ᠠ 1.5% ᠪᠠᠷ ᠨᠡᠮᠡᠭᠳᠡᠵᠦ᠂ ᠢᠳᠡᠭᠡᠨ | ᠤᠮᠳᠠᠭᠠᠨ ᠤ ᠦᠢᠯᠡᠰ ᠤᠨ ᠣᠷᠣᠯᠭ᠎ᠠ ᠶᠢᠨ ᠲᠤᠭ᠎ᠠ 6.4% ᠪᠠᠷ ᠪᠠᠭᠠᠰᠪᠠ᠃ | ᠲᠦᠷᠦᠭᠦᠤ ᠭᠤᠷᠪᠠᠨ ᠤᠯᠠᠷᠢᠯ ᠳᠤ᠂ ᠵᠠᠮ ᠲᠡᠭᠡᠭᠡᠪᠦᠷᠢ ᠶᠢᠨ ᠦᠢᠯᠡᠠᠰ᠂ ᠮᠥᠩᠭᠦᠨ ᠭᠦᠢᠯᠭᠡᠭᠡᠨ ᠤ ᠦᠢᠯᠡᠰ᠂ | ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠲᠣᠰ ᠲᠣᠰ 4.1%᠂ 1.8% ᠪᠠ 2.9% ᠪᠠᠷ ᠨᠡᠮᠡᠭᠳᠡᠵᠦ᠂ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ | ᠨᠡᠮᠡᠭᠳᠡᠯ ᠥᠷᠲᠡᠭ 4.3%᠂ 7.3% ᠪᠠᠷ ᠪᠠᠭᠤᠷᠠᠪᠠ︔ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠦᠷᠳᠡᠭ 17% ᠪᠠᠷ ᠨᠡᠮᠡᠭᠳᠡᠪᠡ᠂ ᠡᠭᠦᠨ ᠤ ᠳᠣᠲᠣᠷ᠎ᠠ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ | ᠦᠢᠯᠡᠰ 97% ᠪᠠᠷ ᠪᠠᠭᠤᠷᠠᠵᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠦᠢᠯᠡᠴᠢᠯᠡᠭᠡᠨ ᠤ ᠦᠢᠯᠡᠰ | 33% ᠪᠠᠷ ᠨᠡᠮᠡᠭᠳᠡᠪᠡ᠃ | ᠲᠦᠷᠪᠡ᠂ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠪᠠᠲᠤᠯᠠᠨ᠎ᠠ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86. | 0% ᠨᠡᠮᠡᠭᠳᠡᠪᠡ᠃ ᠪᠦᠳᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠨᠢ ᠬᠤᠪᠢᠶᠠᠪᠠᠯ᠄ ᠰᠢᠨ᠎ᠡ ᠪᠠᠷ ᠪᠠᠶᠢᠭᠤᠯᠬᠤ | ᠵᠦᠢᠯᠡᠰ ᠤᠨ ᠪᠡᠯᠡ ᠣᠷᠣᠭᠤᠯᠤᠯᠲᠠ 785% ᠪᠠᠷ ᠨᠡᠮᠡᠭᠳᠡᠵᠦ᠂ ᠥᠭᠡᠷᠡᠴᠢᠯᠡᠨ ᠪᠠᠶᠢᠭᠤᠯᠬᠤ ᠪᠠ ᠲᠧᠭᠨᠢᠭ | ᠮᠡᠷᠭᠡᠵᠢᠯ ᠤᠨ ᠥᠭᠡᠷᠡᠴᠢᠯᠡᠯᠲᠡ ᠬᠢᠬᠦ ᠵᠦᠢᠯᠡᠰ ᠤᠨ ᠪᠡᠯᠡ ᠣᠷᠣᠭᠤᠯᠤᠯᠲᠠ 924% ᠪᠠᠷ ᠪᠠᠭᠤᠷᠠᠪᠠ︔ ᠪᠠᠯᠠ | ᠣᠷᠣᠭᠤᠯᠤᠯᠲᠠ ᠶᠢᠨ ᠲᠥᠷᠥᠯ ᠵᠦᠢᠯ ᠢᠶᠠᠷ ᠬᠤᠪᠢᠶᠠᠪᠠᠯ᠄ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠤᠨ ᠪᠠᠯᠠ ᠣᠷᠣᠭᠤᠯᠤᠯᠲᠠ 84.8% ᠪᠠᠷ ᠨᠡᠮᠡᠭᠳᠡᠵᠦ᠂ 5000 ᠲᠦᠮᠡᠨ ᠲᠥᠭᠦᠷᠢᠭ ᠠᠴᠠ ᠳᠣᠷᠣᠭᠰᠢᠬᠢ | ᠲᠥᠷᠥᠯ ᠵᠦᠢᠯ ᠤᠨ ᠪᠠᠯᠠ ᠣᠷᠣᠭᠤᠯᠤᠯᠲᠠ 39.3% ᠪᠠᠷ ᠪᠠᠭᠤᠷᠠᠪᠠ︔ ᠭᠤᠷᠪᠠᠨ ᠠᠵᠤ ᠦᠢᠯᠡᠰ ᠢᠶᠠᠷ | ᠬᠤᠪᠢᠶᠠᠪᠠᠯ᠄ ᠨᠢᠭᠡᠳᠦᠭᠡᠷ ᠠᠵᠤ ᠦᠶ᠋ᠯᠡᠰ ᠤᠨ ᠪᠠᠯᠠ ᠣᠷᠣᠭᠤᠯᠤᠯᠲᠠ 593.4% ᠪᠠᠷ ᠨᠡᠮᠡᠭᠳᠡᠵᠦ᠂ ᠬᠤᠶᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ 77.2% ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ 13.1% ᠪᠠᠷ ᠪᠠᠭᠤᠷᠠᠪᠠ᠃ | ᠲᠠᠪᠤ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠶᠢ ᠵᠡᠷᠭᠡᠪᠡᠷ ᠨᠡᠮᠡᠭᠳᠡᠭᠦᠯᠦᠨ᠎ᠡ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33738 ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠪᠡ᠃ ᠡᠭᠦᠨ ᠤ ᠳᠣᠲᠣᠷ᠎ᠠ᠄ ᠴᠠᠯᠢᠩ ᠤᠨ ᠴᠢᠨᠠᠷᠲᠠᠶ | ᠣᠷᠣᠯᠭ᠎ᠠ ᠶᠢ 27175 ᠲᠥᠭᠦᠷᠢᠭ ᠢᠶᠠᠷ ᠲᠣᠬᠢᠷᠠᠭᠤᠯᠵᠤ᠂ 65% ᠪᠠᠷ ᠨᠡᠮᠡᠭᠳᠡᠭᠦᠯᠦᠨ᠎ᠡ︔ ᠡᠵᠡᠩᠨᠡᠯᠲᠡ ᠶᠢᠨ | ᠴᠡᠪᠡᠷ ᠣᠷᠣᠯᠭ᠎ᠠ 2628 ᠲᠥᠭᠦᠷᠢᠭ ᠲᠤ ᠬᠦᠷᠴᠦ᠂ 134% ᠪᠠᠷ ᠬᠠᠰᠤᠭᠳᠠᠪᠠ︔ ᠡᠳ᠋ ᠬᠦᠷᠦᠩᠭᠡ ᠶᠢᠨ | ᠴᠡᠪᠡᠷ ᠣᠷᠣᠯᠭ᠎ᠠ 1282 ᠲᠥᠭᠦᠷᠢᠭ ᠲᠤ ᠬᠦᠷᠴᠦ᠂ 33% ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ | ᠣᠷᠣᠯᠭ᠎ᠠ 2653 ᠲᠥᠭᠦᠷᠢᠭ ᠲᠤ ᠬᠦᠷᠴᠦ᠂ 2.7% ᠪᠠᠷ ᠨᠡᠮᠡᠭᠳᠡᠪᠡ᠃ ᠬᠤᠳᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠠᠮᠢᠳᠤᠷᠠᠯ ᠤᠨ ᠬᠡᠷᠡᠭᠯᠡᠭᠡᠨ ᠤ ᠳᠤᠮᠳᠠᠴᠢ ᠵᠠᠷᠤᠯᠭ᠎ᠠ ᠶᠢ | 17742 ᠲᠥᠭᠦᠷᠢᠭ ᠢᠶᠠᠷ ᠲᠣᠬᠢᠷᠠᠭᠤᠯᠵᠤ᠂ 10% ᠪᠠᠷ ᠨᠡᠮᠡᠭᠳᠡᠭᠦᠯᠦᠨ᠎ᠡ᠂ ᠡᠭᠦᠨ ᠤ ᠳᠣᠲᠣᠷ᠎ᠠ ᠢᠳᠡᠭᠡᠨ ᠤ | ᠵᠦᠢᠯ ᠠᠷᠢᠬᠢ ᠲᠠᠮᠠᠬᠢᠨ ᠤ ᠵᠠᠷᠤᠯᠭ᠎ᠠ ᠶᠢ 6117 ᠲᠥᠭᠦᠷᠢᠭ ᠢᠶᠠᠷ ᠲᠣᠬᠢᠷᠠᠭᠤᠯᠵᠤ᠂ 06% ᠪᠠᠷ ᠨᠡᠮᠡᠭᠳᠡᠭᠦᠯᠦᠨ᠎ᠡ | ᠃ | ᠲᠦᠷᠦᠭᠦᠤ ᠭᠤᠷᠪᠠᠨ ᠤᠯᠠᠷᠢᠯ ᠳᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10201 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.4% ᠨᠡᠮᠡᠭᠳᠡᠪᠡ᠃ ᠡᠭᠦᠨ ᠤ ᠳᠣᠲᠣᠷ᠎ᠠ᠄ ᠴᠠᠯᠢᠩ ᠤᠨ ᠴᠢᠨᠠᠷᠲᠠᠶ ᠣᠷᠣᠯᠭ᠎ᠠ ᠶᠢ | 450 ᠲᠥᠭᠦᠷᠢᠭ ᠢᠶᠠᠷ ᠲᠣᠬᠢᠷᠠᠭᠤᠯᠵᠤ᠂ 125% ᠪᠠᠷ ᠨᠡᠮᠡᠭᠳᠡᠭᠦᠯᠦᠨ᠎ᠡ︔ ᠡᠵᠡᠩᠨᠡᠯᠲᠡ ᠶᠢᠨ ᠴᠡᠪᠡᠷ ᠣᠷᠣᠯᠭ᠎ᠠ | 7876 ᠲᠥᠭᠦᠷᠢᠭ ᠲᠤ ᠬᠦᠷᠴᠦ᠂ 535% ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 1831 | ᠲᠥᠭᠦᠷᠢᠭ ᠲᠤ ᠬᠦᠷᠴᠦ᠂ 55.8% ᠪᠠᠷ ᠪᠠᠭᠤᠷᠠᠪᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 10297 | ᠲᠥᠭᠦᠷᠢᠭ ᠲᠤ ᠬᠦᠷᠴᠦ᠂ 2.6% ᠪᠠᠷ ᠨᠡᠮᠡᠭᠳᠡᠪᠡ᠂ ᠡᠭᠦᠨ ᠳᠤ ᠢᠳᠡᠭᠡᠨ ᠤ ᠵᠦᠢᠯ ᠠᠷᠢᠬᠢ ᠲᠠᠮᠠᠬᠢᠨ ᠤ ᠵᠠᠷᠤᠯᠭ᠎ᠠ | 2750 ᠲᠥᠭᠦᠷᠢᠭ ᠲᠤ ᠬᠦᠷᠴᠦ᠂ 1.5% ᠪᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠡᠮᠦᠨ᠎ᠡ ᠭᠤᠷᠪᠠᠨ ᠤᠯᠠᠷᠢᠯ ᠳᠤ ᠪᠦᠭᠦ ᠬᠤᠰᠢᠭᠤᠨ ᠤ ᠠᠵᠤ ᠠᠬᠤᠶ | ᠲᠣᠭᠲᠠᠭᠤᠨ ᠢᠶᠠᠷ ᠰᠡᠷᠭᠦᠵᠦ᠂ ᠬᠡᠰᠡᠭ ᠠᠵᠢᠯ ᠲᠦᠷᠤᠯ ᠤᠨ ᠬᠢᠵᠢᠭ ᠤᠨ ᠨᠥᠯᠥᠭᠡ ᠠᠴᠠ ᠠᠯᠬᠤᠮ ᠠᠯᠬᠤᠮ ᠢᠶᠠᠷ | ᠠᠩᠭᠢᠵᠢᠷᠠᠪᠠ᠃ ᠭᠡᠪᠡᠴᠦ᠂ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ | ᠬᠤᠰᠢᠭᠤᠨ ᠤ ᠦᠯᠡᠳᠡᠭᠡᠯ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠴᠢᠨᠠᠷ ᠢᠶᠠᠷ | ᠨᠡᠯᠢᠶᠡᠳ ᠠᠨᠠᠶ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠤᠳᠠᠭᠠᠨ᠂ | ᠪᠠᠯᠠ ᠣᠷᠣᠭᠤᠯᠤᠯᠲᠠ ᠬᠡᠷᠡᠭᠯᠡᠭᠡ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠥᠬᠡᠶ ᠵᠡᠷᠭᠡ ᠠᠰᠠᠭᠤᠳᠠᠯ | ᠮᠥᠨ ᠬᠦ ᠨᠡᠯᠢᠶᠡᠳ ᠲᠣᠪᠤᠶᠢᠮ᠎ᠠ ᠪᠠᠶᠢᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠡᠭᠦᠷᠭᠡ ᠬᠠᠲᠠᠭᠤ ᠪᠡᠷᠬᠡ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠡᠳᠡᠭᠡᠷ ᠠᠰᠠᠭᠤᠳᠠᠯ ᠳᠤ | ᠴᠢᠭᠯᠡᠭᠦᠯᠦᠨ᠂ ᠬᠤᠶᠢᠰᠢᠳᠠ ᠳᠣᠣᠷᠠᠬᠢ ᠠᠵᠢᠯ ᠤᠳ ᠢ ᠰᠠᠶᠢᠲᠤᠷ ᠬᠢᠬᠦ ᠶᠢ ᠰᠠᠨᠠᠭᠤᠯᠤᠶ᠎ᠠ᠄ ᠨᠢᠭᠡ ᠳᠤ ᠠᠵᠤ | ᠠᠬᠤᠶ ᠶᠢᠨ ᠨᠡᠮᠡᠭᠳᠡᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠴᠢᠩᠭ᠎ᠠ ᠪᠢᠰᠢ᠂ ᠠᠵᠤ ᠠᠬᠤᠶ ᠶᠢᠨ ᠪᠠᠭᠤᠷᠠᠬᠤ | ᠳᠠᠷᠤᠯᠲᠠ ᠨᠡᠯᠢᠶᠡᠳ ᠶᠡᠭᠡ᠂ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠦᠢᠯᠡᠳᠪᠦᠷᠢ ᠨᠢ ᠬᠥᠭᠵᠢᠯᠲᠡ ᠶᠢᠨ | ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶ ᠶᠢᠨ ᠬᠦᠴᠦᠲᠡᠶ ᠲᠦᠰᠢᠭ ᠲᠤᠯᠭᠠᠭᠤᠷᠢ ᠶᠢ | ᠪᠤᠢ ᠪᠣᠯᠭᠠᠬᠤ ᠬᠡᠷᠡᠭᠲᠡᠶ᠃ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠲᠣᠭᠲᠠᠭᠠᠯ ᠠᠴᠠ ᠳᠡᠭᠡᠭᠰᠢᠬᠢ ᠠᠵᠤ | ᠠᠬᠤᠶᠢᠯᠠᠯ ᠤᠨ ᠣᠷᠣᠰᠢᠵᠤ ᠪᠠᠶᠢᠭ᠎ᠠ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠣᠲᠣ ᠶᠢᠨ ᠪᠠᠶᠢᠭ᠎ᠠ | ᠲᠣᠭᠲᠠᠭᠠᠯ ᠠᠴᠠ ᠳᠣᠷᠣᠭᠰᠢᠬᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠢᠭᠲᠠ ᠠᠩᠬᠠᠷᠴᠤ᠂ | ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠴᠠᠭ ᠲᠤᠬᠠᠶ ᠳᠤᠨᠢ ᠲᠣᠭᠲᠠᠭᠠᠯ ᠢ ᠳᠡᠭᠡᠭᠰᠢᠯᠡᠭᠦᠯᠦᠨ | ᠬᠥᠮᠥᠷᠭᠡ ᠳᠤ ᠣᠷᠣᠭᠤᠯᠬᠤ ᠭᠠᠷᠳᠠᠮ ᠢ ᠭᠦᠢᠴᠡᠳᠭᠡᠵᠦ ᠥᠭᠬᠦ ᠬᠡᠷᠡᠭᠲᠡᠶ᠃ ᠬᠤᠶᠠᠷ ᠲᠤ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠵᠦᠢᠯᠡᠰ ᠤᠨ ᠪᠡᠯᠡ ᠣᠷᠣᠭᠤᠯᠤᠯᠲᠠ ᠶᠢᠨ | ᠪᠦᠲᠦᠮᠵᠢᠲᠡᠶ ᠨᠡᠮᠡᠭᠳᠡᠯ ᠢ ᠪᠠᠲᠤᠯᠠᠨ᠎ᠠ᠃ ᠦᠨᠡᠨ ᠪᠣᠳᠠᠲᠠᠶ ᠪᠠᠷ ᠠᠵᠢᠯ ᠡᠬᠢᠯᠡᠭᠦᠯᠦᠭᠡᠳᠦᠶ ᠲᠥᠷᠥᠯ ᠵᠦᠢᠯ ᠳᠤ ᠪᠣᠯ᠂ | ᠲᠥᠷᠥᠯ ᠵᠦᠢᠯ ᠤᠨ ᠥᠮᠴᠢᠲᠡᠨ ᠢ ᠰᠢᠮᠳᠠᠭᠤᠯᠤᠨ ᠬᠠᠪᠰᠤᠷᠴᠤ ᠪᠠᠶᠢᠭᠠᠳ ᠬᠠᠮᠢᠶ᠎ᠠ ᠪᠥᠬᠦᠶ ᠠᠰᠠᠭᠤᠳᠠᠯ ᠢ ᠨᠢ | ᠲᠦᠷᠭᠡᠬᠡᠨ ᠰᠢᠢᠳᠪᠦᠷᠢᠯᠡᠵᠦ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠬᠡᠷᠡᠭᠵᠢᠭᠦᠯᠬᠦ ᠶᠢ ᠠᠬᠢᠭᠤᠯᠬᠤ | ᠬᠡᠷᠡᠭᠲᠡᠶ︔ ᠨᠢᠭᠡᠨᠲᠡ ᠠᠵᠢᠯ ᠡᠬᠢᠯᠡᠭᠦᠯᠦᠭᠰᠡᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠪᠣᠯ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠨᠢᠭᠡᠴᠢ ᠶᠢ ᠰᠢᠪᠠᠳᠠᠨ ᠱᠠᠭᠠᠷᠳᠠᠵᠤ ᠪᠠᠶᠢᠭᠠᠳ ᠪᠦᠳᠦᠭᠡᠨ ᠪᠠᠶᠢᠭᠤᠯᠤᠯᠲᠠ ᠶᠢᠨ | ᠠᠬᠢᠴᠠ ᠶᠢ ᠨᠢ ᠲᠦᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠨᠢ ᠥᠷᠭᠡᠳᠬᠡᠬᠦ ᠬᠡᠷᠡᠭᠲᠡᠶ︔ ᠲᠤᠰᠬᠠᠶ | ᠵᠦᠢᠯ ᠤᠨ ᠪᠡᠯᠡ ᠮᠥᠩᠭᠦ ᠶᠢ ᠰᠠᠯᠭᠠᠨ ᠥᠭᠬᠦ᠂ ᠥᠭᠬᠦ ᠠᠬᠢᠴᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ | ᠪᠦᠷᠢᠳᠬᠡᠯ ᠤᠨ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠡᠷᠡᠭᠦᠯ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶᠠᠨ ᠤ | ᠨᠢᠭᠡᠴᠢ ᠶᠢ ᠶᠡᠬᠡᠪᠡᠷ ᠲᠡᠳᠬᠦᠨ ᠲᠡᠮᠵᠢᠵᠤ᠂ ᠥᠰᠥᠯᠲᠡ ᠶᠢᠨ ᠴᠢᠨᠠᠷ ᠢᠶᠠᠷ ᠨᠡᠯᠢᠶᠡᠳ ᠰᠠᠶᠢᠨ ᠠᠵᠤ ᠠᠬᠤᠶᠢᠯᠠᠯ ᠢ | ᠭᠤᠣᠯᠳᠠᠯᠭ᠎ᠠ ᠲᠠᠢ ᠪᠠᠷ ᠰᠣᠩᠭᠤᠨ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠲᠠᠯ᠎ᠠ ᠪᠠᠷ ᠲᠡᠳᠬᠦᠨ ᠲᠡᠮᠵᠢᠵᠤ᠂ | ᠲᠡᠳᠡᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠣᠯᠯᠠᠭᠴᠢ ᠬᠦᠴᠦᠨ ᠤ ᠳᠠᠶᠢᠴᠢᠯᠠᠬᠤ ᠦᠢᠯᠡᠳᠦᠯ ᠢ ᠨᠡᠩ | ᠰᠠᠶᠢᠨ ᠪᠠᠳᠠᠷᠠᠭᠤᠯᠬᠤ ᠪᠣᠯᠭᠠᠨ᠎ᠠ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ | ᠰᠢᠨ᠎ᠡ ᠪᠠᠷ ᠳᠠᠩᠰᠠᠯᠠᠭᠤᠯᠤᠭᠰᠠᠨ ᠠᠷᠠᠯᠵᠢᠶᠠᠨ ᠤ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠴᠠᠭ ᠲᠤᠬᠠᠶ ᠳᠤᠨᠢ | ᠡᠵᠡᠮᠰᠢᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶᠠᠨ ᠤ ᠠᠵᠤ ᠠᠬᠤᠶᠢᠯᠠᠯ ᠤᠨ ᠬᠤᠪᠢ ᠶᠢᠨ ᠵᠢᠩ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠬᠥᠳᠡᠯᠭᠡᠬᠦ ᠬᠦᠴᠦᠨ ᠢ | ᠨᠡᠮᠡᠭᠳᠡᠭᠦᠯᠦᠨ᠎ᠡ᠃ |