ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠦᠭᠰᠢᠭᠦᠷᠢᠳᠦ ᠤᠷᠤᠨ ᠪᠦᠰᠡ ᠶᠢ ᠵᠠᠭᠠᠭᠯᠠᠨ ᠲᠤᠭᠳᠠᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/12/7
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠲᠤᠭᠳᠠᠴᠠ ᠶᠢᠨ ᠶᠡᠷᠦᠩᠭᠡᠶᠢᠯᠡᠭᠰᠡᠨ ᠲᠤᠭᠤᠶᠢᠯᠠᠩ ᠤᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠰᠠᠶᠢᠳᠤᠷ ᠬᠢᠬᠦ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠤᠭᠳᠠᠭᠠᠭᠰᠠᠨ ᠢᠶᠠᠷ᠂2022 ᠤᠨ  ᠤ12 ᠰᠠᠷ᠎ᠠ ᠶᠢᠨ8 ᠤ ᠡᠳᠦᠷ ᠤᠨ0 ᠄00 ᠴᠠᠭ ᠠᠴᠠ ᠡᠬᠢᠯᠡᠨ᠂ ᠪᠠᠳᠤᠬᠠᠭᠠᠯᠭ᠎ᠠ ᠪᠠᠯᠭᠠᠰᠤ ᠶᠢᠨ ᠲᠤᠯᠠᠭᠠᠨ ᠭᠡᠷ ᠰᠠᠭᠤᠭᠠᠯᠢ ᠲᠤᠭᠤᠷᠢᠭ ᠤᠨ40 ᠳ᠋ᠦ᠋ᠭᠡᠷ ᠠᠰᠠᠷ᠂ ᠬᠤᠩᠭᠤᠷᠳᠠᠯ᠎ᠠ ᠮᠠᠯᠵᠢᠯ ᠤᠨ ᠲᠠᠯᠠᠪᠠᠢ ᠶᠢ  ᠲᠤᠤᠷ᠎ᠠ ᠲᠦᠭᠰᠢᠭᠦᠷᠢᠳᠦ ᠤᠷᠤᠨ ᠪᠤᠯᠭᠠᠨ ᠵᠠᠭᠠᠭᠯᠠᠨ ᠲᠤᠭᠳᠠᠭᠠᠪᠠ᠃      ᠦᠷᠭᠡᠨ ᠤᠯᠠᠨ ᠰᠠᠭᠤᠭᠠᠯᠢ ᠠᠷᠠᠳ ᠬᠠᠮᠢᠶᠠᠷᠤᠨ ᠡᠵᠡᠮᠳᠡᠬᠦ ᠬᠤᠭᠤᠴᠠᠭᠠᠨ ᠳᠤ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠠᠯᠳᠠᠪᠤᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠶᠢᠨ ᠶᠤᠰᠤᠭᠠᠷ ᠠᠷᠠᠳ ᠢᠷᠭᠡᠳ ᠤᠨ ᠬᠠᠥᠯᠢ ᠪᠠᠷ ᠲᠤᠭᠳᠠᠭᠠᠭᠰᠠᠨ ᠡᠭᠦᠷᠭᠡ ᠶᠢ ᠭᠦᠢᠴᠡᠳᠭᠡᠵᠦ᠂ ᠨᠡᠶᠢᠭᠡᠮ ᠲᠤᠭᠤᠷᠢᠭ ᠤᠨ ᠠᠵᠢᠯᠳᠠᠨ ᠤ ᠨᠢᠭᠡᠳᠦᠯᠳᠡᠢ ᠲᠤᠬᠢᠷᠠᠭᠤᠯᠤᠯᠳᠠ ᠶᠢ ᠲᠠᠭᠠᠬᠤ ᠬᠡᠷᠡᠭᠳᠡᠢ᠃ ᠠᠯᠪᠠᠨ ᠤ ᠲᠠᠯ᠎ᠠ ᠶᠢᠨ ᠨᠡᠶᠢᠳᠡᠯᠡᠭᠰᠡᠨ ᠮᠡᠳᠡᠭᠡ ᠵᠠᠩᠭᠢ ᠶᠢ ᠨᠢᠠᠠᠳᠠ ᠠᠩᠬᠠᠷᠴᠦ᠂ ᠠᠶᠤᠵᠦ ᠰᠠᠨᠳᠤᠷᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠦᠨᠦᠷᠯᠡᠬᠦ ᠪᠠ ᠠᠮᠳᠠᠯᠠᠬᠤ ᠰᠠᠷᠡᠯ ᠮᠠᠭᠤᠳᠠᠬᠤ᠂ ᠬᠠᠮᠠᠷ ᠪᠦᠭᠯᠡᠷᠡᠬᠦ᠂ ᠨᠢᠰᠦ ᠭᠤᠭᠤᠵᠢᠬᠤ᠂ ᠬᠤᠭᠤᠯᠠᠢ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠴᠠᠭ ᠲᠤᠬᠠᠢ ᠳᠤᠨᠢ ᠨᠡᠶᠢᠭᠡᠮ ᠲᠤᠭᠤᠷᠢᠭ ᠲᠣ᠋‌ᠮᠡᠳᠡᠭᠦᠯᠵᠦ᠂ ᠦᠪᠡᠷ ᠤᠨ ᠡᠷᠡᠭᠦᠯ ᠮᠡᠨᠳᠦ ᠶᠢᠨ ᠢᠶᠠᠨ ᠭᠤᠤᠯ ᠬᠠᠷᠢᠭᠤᠴᠠᠯᠭᠠᠳᠠᠨ ᠪᠤᠯᠬᠤ ᠬᠡᠷᠡᠭᠳᠡᠢ᠃         ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                2022 ᠤᠨ ᠤ12 ᠰᠠᠷ᠎ᠠ ᠶᠢᠨ7 ᠤ ᠡᠳᠦᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号