ᠮᠠᠨᠳᠤᠯ ᠪᠣᠭᠤᠮᠲᠠ ᠶᠢᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/12/8
      ᠮᠠᠨᠳᠤᠯ ᠪᠣᠭᠤᠮᠲᠠ ᠪᠣᠯ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠶᠢᠲᠤ ᠬᠡᠰᠡᠭ ᠲᠠᠬᠢ ᠳᠤᠮᠳᠠᠳᠤ ᠮᠣᠩᠭᠤᠯ ᠤᠨ 757 ᠬᠢᠯᠢ ᠶᠢᠨ ᠪᠠᠭᠠᠨ᠎ᠠ ᠶᠢᠨ ᠬᠠᠪᠢ ᠳᠤ ᠪᠠᠶᠢᠷᠢᠯᠠᠵᠤ᠂ ᠬᠥᠬᠡᠬᠤᠲᠠ᠂ ᠪᠤᠭᠤᠲᠤ ᠬᠤᠳᠠ ᠪᠣᠯᠣᠨ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ ᠠᠴᠠ ᠬᠠᠮᠤᠭ ᠤᠨ ᠣᠶᠢᠷ᠎ᠠ ᠪᠠᠶᠢᠳᠠᠭ ᠬᠠᠭᠤᠷᠠᠢ ᠵᠠᠮ ᠤᠨ ᠪᠣᠭᠤᠮᠲᠠ ᠶᠤᠮ᠃ ᠬᠥᠬᠡᠬᠤᠲᠠ ᠪᠤᠭᠤᠲᠤ ᠣᠷᠳᠣᠰ ᠣᠷᠣᠨ ᠤ ᠴᠤᠷ ᠤᠨ ᠭᠠᠭᠴᠠ ᠤᠯᠤᠰ ᠤᠨ ᠳᠡᠰ ᠤᠨ ᠪᠠᠶᠢᠩᠭᠤ ᠨᠡᠭᠡᠭᠡᠯᠲᠡ ᠲᠠᠢ ᠬᠠᠭᠤᠷᠠᠢ ᠵᠠᠮ ᠤᠨ ᠪᠣᠭᠤᠮᠲᠠ ᠪᠣᠯᠬᠤ ᠮᠦᠷᠲᠡᠭᠡᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠴᠢᠬᠤᠯᠠ ᠵᠠᠮ ᠤᠨ ᠨᠢᠭᠡ ᠪᠣᠯᠣᠨ᠎ᠠ᠃       1992 ᠣᠨ ᠳᠤ ᠥᠪᠡᠷᠲᠡᠭᠡᠨ ᠵᠠᠰᠠᠬᠤ ᠣᠷᠣᠨ ᠠᠴᠠ ᠮᠠᠨᠳᠤᠯ ᠪᠣᠭᠤᠮᠲᠠ ᠶᠢ ᠮᠣᠩᠭᠤᠯ ᠤᠯᠤᠰ ᠲᠠᠢ ᠨᠡᠭᠡᠭᠡᠯᠳᠠᠳᠠᠢ ᠬᠠᠷᠢᠯᠴᠠᠬᠤ ᠬᠤᠶᠠᠳᠤᠭᠠᠷ ᠲᠦᠷᠦᠯ ᠤᠨ ᠪᠣᠭᠤᠮᠲᠠ ᠪᠣᠯᠭᠠᠬᠤ ᠶᠢ ᠵᠥᠪᠰᠢᠶᠡᠷᠡᠵᠦ᠂ 2002 ᠣᠨ ᠤ 12 ᠰᠠᠷ᠎ᠠ ᠳᠤ ᠠᠩᠬ᠎ᠠ ᠤᠳᠠᠭ᠎ᠠ ᠨᠡᠭᠡᠭᠡᠯᠳᠡ ᠬᠢᠵᠤ᠂ 2009 ᠣᠨ ᠳᠤ ᠠᠭᠤᠷᠬᠠᠢ ᠶᠢᠨ ᠭᠠᠷᠤᠯᠲᠠ᠂ ᠮᠠᠰᠢᠨ ᠲᠥᠬᠦᠭᠡᠷᠦᠮᠵᠢ ᠪᠣᠯᠣᠨ ᠪᠠᠷᠢᠯᠭ᠎ᠠ ᠶᠢᠨ ᠠᠵᠢᠯᠲᠠᠨ ᠤ ᠬᠢᠯᠢ ᠪᠠᠷ ᠣᠷᠣᠵᠤ ᠭᠠᠷᠬᠤ ᠶᠢ ᠲᠦᠷ ᠴᠠᠭ ᠨᠡᠭᠡᠭᠡᠵᠦ᠂ 2012 ᠣᠨ ᠳᠤ ᠤᠯᠤᠰ ᠤᠨ ᠭᠠᠳᠠᠭᠠᠳᠤ ᠨᠡᠭᠡᠭᠡᠯᠲᠡ ᠶᠢᠨ ᠨᠢᠭᠡᠳᠦᠭᠡᠷ ᠲᠦᠷᠦᠯ ᠤᠨ ᠪᠣᠭᠤᠮᠲᠠ ᠪᠠᠷ ᠵᠥᠪᠰᠢᠶᠡᠷᠡᠭᠳᠡᠪᠡ᠃ 2014 ᠣᠨ ᠤ 2 ᠰᠠᠷ᠎ᠠ ᠳᠤ᠂ ᠮᠣᠩᠭᠤᠯ ᠤᠯᠤᠰ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠬᠤᠷᠠᠯ ᠠᠴᠠ ᠬᠠᠩᠬᠢ — ᠮᠠᠨᠳᠤᠯ ᠪᠣᠭᠤᠮᠲᠠ ᠶᠢᠨ ᠪᠠᠶᠢᠩᠭᠤ ᠶᠢᠨ ᠨᠡᠭᠡᠭᠡᠯᠲᠡ ᠶᠢ ᠵᠥᠪᠰᠢᠶᠡᠷᠡᠵᠡᠢ᠃ 2015 ᠣᠨ ᠤ 4 ᠰᠠᠷ᠎ᠠ ᠶᠢᠨ 17 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨᠳᠤᠯ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠦᠷᠭᠡᠳᠭᠡᠯ ᠢ ᠵᠥᠪᠰᠢᠶᠡᠷᠡᠵᠦ᠂ ᠬᠤᠶᠠᠷ ᠲᠠᠯ᠎ᠠ ᠶᠢᠨ ᠪᠠᠶᠢᠩᠭᠤ ᠨᠡᠭᠡᠭᠡᠯᠳᠠᠳᠤ ᠴᠢᠨᠠᠷ ᠲᠠᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠵᠠᠰᠠᠮᠠᠯ ᠵᠠᠮ ᠤᠨ ᠪᠣᠭᠤᠮᠲᠠ ᠪᠤᠯᠭᠠᠵᠤ᠂ 8 ᠰᠠᠷ᠎ᠠ ᠶᠢᠨ 28 ᠤ ᠡᠳᠦᠷ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ 11 ᠰᠠᠷ᠎ᠠ ᠶᠢᠨ 28 ᠤ ᠡᠳᠦᠷ ᠠᠴᠠ ᠪᠠᠶᠢᠩᠭᠤ ᠶᠢᠨ ᠨᠡᠭᠡᠭᠡᠯᠲᠡ ᠲᠠᠢ ᠪᠤᠯᠪᠠ᠃       ᠮᠠᠨᠳᠤᠯ ᠪᠣᠭᠤᠮᠲᠠ ᠨᠢ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠠᠴᠠ ᠪᠠᠷᠤᠭ 700 ᠺᠢᠯᠣᠮᠧᠲᠷ ᠵᠠᠶᠢᠲᠠᠢ᠂ ᠳᠤᠷᠤᠨᠠᠭᠤᠪᠢ ᠠᠶᠢᠮᠠᠭ ᠤᠨ ᠲᠥᠪ ᠬᠤᠲᠠ ᠰᠠᠶᠢᠨᠱᠠᠨᠳᠠ ᠬᠤᠲᠠ ᠠᠴᠠ ᠪᠠᠷᠤᠭ 258 ᠺᠢᠯᠣᠮᠧᠲᠷ ᠵᠠᠶᠢᠲᠠᠢ᠂ ᠬᠥᠬᠡᠬᠤᠲᠠ᠂ ᠪᠤᠭᠤᠲᠤ ᠬᠤᠲᠠ ᠠᠴᠠ ᠲᠣᠰ ᠲᠣᠰ 289 ᠺᠢᠯᠣᠮᠧᠲᠷ ᠪᠠ 288 ᠺᠢᠯᠣᠮᠧᠲᠷ ᠵᠠᠶᠢᠲᠠᠢ ︵ᠡᠷᠢᠶᠡᠨ ᠬᠤᠲᠠ ᠪᠣᠭᠤᠮᠲᠠ ᠨᠢ ᠤᠯᠠᠭᠠᠨᠪᠠᠭᠠᠲᠤᠷ ᠠᠴᠠ 714 ᠺᠢᠯᠣᠮᠧᠲᠷ ᠵᠠᠶᠢᠲᠠᠢ᠂ ᠬᠥᠬᠡᠬᠤᠲᠠ ᠠᠴᠠ 410 ᠺᠢᠯᠣᠮᠧᠲᠷ ᠵᠠᠶᠢᠲᠠᠢ᠂ ᠪᠤᠭᠤᠲᠤ ᠬᠤᠲᠠ ᠠᠴᠠ 570 ᠺᠢᠯᠣᠮᠧᠲᠷ ᠵᠠᠶᠢᠲᠠᠢ᠃ ᠭᠠᠭᠴᠠ ᠮᠣᠳᠣ ᠪᠣᠭᠤᠮᠲᠠ ᠨᠢ ᠤᠯᠠᠭᠠᠨᠪᠠᠭᠠᠲᠤᠷ ᠠᠴᠠ 650 ᠺᠢᠯᠣᠮᠧᠲᠷ ᠵᠠᠶᠢᠲᠠᠢ᠂ ᠬᠥᠬᠡᠬᠤᠲᠠ ᠠᠴᠠ 570 ᠺᠢᠯᠣᠮᠧᠲᠷ ᠵᠠᠶᠢᠲᠠᠢ᠂ ᠪᠤᠭᠤᠲᠤ ᠬᠤᠳᠠ ᠠᠴᠠ 360 ᠺᠢᠯᠣᠮᠧᠲᠷ ᠵᠠᠶᠢᠲᠠᠢ︶ ᠪᠠᠶᠢᠵᠤ᠂ ᠬᠥᠬᠡᠬᠤᠲᠠ ᠪᠤᠭᠤᠲᠤ ᠣᠷᠳᠣᠰ ᠵᠡᠷᠭᠡ ᠲᠦᠪᠯᠡᠷᠡᠩᠭᠦᠢ ᠬᠤᠳᠠ ᠶᠢᠨ ᠤᠮᠠᠷᠠᠲᠤ ᠨᠡᠭᠡᠭᠡᠯᠲᠡ ᠶᠢᠨ ᠬᠠᠮᠤᠭ ᠤᠨ ᠳᠥᠲᠡ ᠵᠠᠮ ᠪᠣᠯᠣᠨ᠎ᠠ᠃       2021 ᠣᠨ ᠤ ᠪᠦᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠣᠭᠤᠮᠲᠠ ᠶᠢᠨ ᠮᠡᠳᠡᠭᠦᠯᠤᠯᠲᠡ ᠶᠢᠨ ᠪᠠᠷᠠᠭ᠎ᠠ 163.15 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 124.88% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠠᠷᠠᠯᠵᠢᠶᠠᠨ ᠤ ᠦᠷᠲᠡᠭ 13.53 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68.9% ᠪᠠᠷ ᠨᠡᠮᠡᠭᠳᠡᠵᠦ᠂ ᠪᠠᠷᠠᠭ᠎ᠠ ᠥᠩᠭᠡᠷᠡᠭᠰᠡᠨ ᠬᠡᠮᠵᠢᠶ᠎ᠡ ᠳᠠᠬᠢᠨ ᠢᠶᠠᠷ ᠨᠡᠮᠡᠭᠳᠡᠨ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠪᠡ᠃       ᠢᠷᠡᠭᠡᠳᠦᠢ ᠶᠢᠨ ᠬᠥᠭᠵᠢᠯᠲᠡ ᠶᠢ ᠪᠣᠳᠣᠯᠬᠢᠯᠠᠨ᠂ ᠮᠠᠨᠳᠤᠯ ᠪᠣᠭᠤᠮᠲᠠ ᠶᠢᠨ ᠬᠢᠨ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨᠳᠤᠯ ᠪᠣᠭᠤᠮᠲᠠ ᠶᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠬᠦᠷᠭᠡ ᠪᠤᠯᠭᠠᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠳᠠᠬᠢ ᠬᠡᠷᠡᠯᠳᠦ ᠰᠤᠪᠤᠳ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠬᠢᠯᠢ ᠶᠢᠨ ᠠᠵᠤ ᠠᠬᠤᠢ ᠶᠢᠨ ᠬᠦᠭᠵᠢᠯ ᠢᠶᠠᠷ ᠮᠠᠨᠳᠤᠯ ᠪᠤᠭᠤᠮᠳᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号