— 2022 ᠣᠨ ᠤ 1 ᠰᠠᠷ᠎ᠠ ᠶᠢᠨ 8 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠤᠭᠡᠷ ᠤᠳᠠᠭᠠᠨ ᠤ | ᠬᠤᠷᠠᠯᠳᠤᠭᠠᠨ ᠳᠡᠭᠡᠷ᠎ᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ | ᠬᠤᠰᠢᠭᠤ ᠳᠠᠷᠤᠭ᠎ᠠ ᠱᠢ ᠵᠦᠩ ᠴᠢᠨ | ᠲᠥᠯᠥᠭᠡᠯᠡᠭᠴᠢᠳ ᠡ᠄ | ᠣᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠮᠦᠨᠴᠤ ᠬᠤᠰᠢᠭᠤ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠠ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠨᠢᠭᠡᠳᠤᠭᠡᠷ ᠬᠤᠷᠠᠯᠳᠤᠭᠠᠨ ᠠᠴᠠ ᠨᠠᠭᠠᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠᠷ | ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ | ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ ᠬᠡᠷᠡᠭᠵᠢᠭᠦᠯᠦᠨ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠳᠤᠬᠢᠴᠢᠯᠠᠭᠰᠠᠨ | ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠳᠠ ᠶᠢᠨ ᠰᠢᠨ᠎ᠡ ᠠᠶᠠᠨ ᠵᠠᠮ ᠳᠤ ᠠᠯᠬᠤᠨ ᠣᠷᠣᠪᠠ᠃ | — ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠨᠡᠮᠡᠭᠳᠡᠪᠡ᠃ ᠠᠵᠤ ᠠᠬᠤᠶ ᠶᠢᠨ | ᠬᠥᠭᠵᠢᠯᠲᠡ ᠶᠢᠨ ᠳᠠᠪᠠᠭ᠎ᠠ ᠶᠢ ᠳᠠᠪᠠᠵᠤ᠂ ᠲᠤᠭᠳᠠᠭᠤᠨ ᠤ ᠳᠤᠮᠳᠠ ᠤᠷᠤᠭᠰᠢᠯᠠᠨ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5.5% ᠪᠠᠷ ᠨᠡᠮᠡᠭᠳᠡᠪᠡ᠃ ᠲᠤᠭᠳᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ | ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 1.4% ᠪᠠᠷ ᠨᠡᠮᠡᠭᠳᠡᠭᠦᠯᠪᠡ᠃ ᠡᠳ᠋ ᠤᠨ ᠵᠠᠰᠠᠭ ᠤᠨ | ᠣᠷᠣᠯᠭ᠎ᠠ ᠶᠢᠨ ᠶᠠᠰᠤ ᠴᠢᠨᠠᠷ ᠢ ᠢᠯᠡᠳᠲᠡ ᠰᠠᠶᠢᠵᠢᠷᠠᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ | ᠶᠢ ᠵᠢᠯ ᠪᠦᠷᠢ ᠳᠤᠮᠳᠠᠴᠢ ᠪᠠᠷ 3.7% ᠪᠠᠷ ᠨᠡᠮᠡᠭᠳᠡᠭᠦᠯᠵᠦ᠂ ᠭᠠᠶᠢᠯᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢ | 60% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠡ᠃ ᠰᠠᠭᠤᠭᠠᠯᠢ ᠠᠷᠠᠳ ᠤᠨ ᠣᠷᠣᠯᠭ᠎ᠠ ᠶᠢ ᠨᠡᠯᠢᠶᠡᠳ | ᠲᠦᠷᠭᠡᠨ ᠨᠡᠮᠡᠭᠳᠡᠭᠦᠯᠵᠤ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ | ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠲᠤᠰ 5.5% ᠪᠠ 10.3% ᠪᠠᠷ | ᠨᠡᠮᠡᠭᠳᠡᠭᠦᠯᠪᠡ᠃ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠬᠦᠴᠦᠨ | ᠲᠡᠭᠦᠯᠳᠡᠷ ᠪᠥᠭᠡᠳ ᠪᠦᠲᠦᠮᠵᠢᠲᠡᠶ ᠪᠠᠶᠢᠵᠤ᠂ ᠰᠠᠢ ᠳ᠋ᠢ ᠵᠥᠪᠯᠡᠭᠴᠢ ᠶᠢᠨ ᠰᠤᠳᠤᠯᠭᠠᠨ ᠤ ᠲᠥᠪ ᠤᠨ ᠪᠠᠷᠠᠭᠤᠨ | ᠬᠡᠰᠡᠭ ᠤᠨ ᠭᠠᠵᠠᠷ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠵᠠᠭᠤᠨ ᠬᠦᠴᠦᠷᠬᠡᠭ ᠤᠨ ᠨᠡᠷᠡᠰ ᠤᠨ | ᠵᠢᠭᠰᠠᠭᠠᠯᠲᠠ ᠳᠤ ᠤᠷᠤᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 36.03 ᠳ᠋ᠦᠩᠰᠢᠭᠤᠷ | ᠲᠥᠭᠦᠷᠢᠭ ᠠᠷᠢᠯᠭᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠢ ᠪᠥᠬᠦ | ᠬᠤᠲᠠ ᠳᠤ ᠬᠠᠮᠤᠭ ᠲᠦᠷᠦᠭᠦᠨ ᠳᠤ ︽ᠤᠯᠠᠭᠠᠨ︾ ᠪᠠᠶᠢᠭᠰᠠᠨ ᠠᠴᠠ ︽ᠤᠯᠠᠪᠢᠷ︾ ᠪᠣᠯᠭᠠᠨ ᠬᠤᠪᠢᠷᠠᠭᠤᠯᠪᠠ᠃ | — ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠪᠡ᠃ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠤ᠂ ᠭᠤᠷᠪᠠᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ | 17.3᠄ 53᠄ 29.7 ᠪᠣᠯᠭᠠᠵᠤ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ | ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠶᠠᠭ ᠲᠦᠷᠭᠡᠨ ᠪᠦᠷᠢᠯᠳᠦᠵᠦ ᠪᠠᠶᠢᠨ᠎ᠠ᠃ ᠠᠮᠤ ᠪᠤᠳᠠᠭ᠎ᠠ᠂ ᠮᠠᠯ | ᠠᠵᠤ ᠠᠬᠤᠢ ᠶᠢᠨ ᠦᠢᠯᠡᠳᠪᠦᠷᠢᠯᠡᠯ ᠦᠷᠭᠦᠯᠵᠢᠯᠡᠨ ᠡᠯᠪᠡᠭ ᠬᠤᠷᠢᠶᠠᠯᠲᠠ ᠲᠠᠢ ᠪᠤᠯᠵᠤ᠂ ᠬᠤᠩᠭᠤᠷᠳᠠᠯ᠎ᠠ ᠶᠢᠨ | ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠤᠭᠰᠠᠨ ᠨᠤᠷᠮ᠎ᠠ ᠲᠤᠯᠤᠭᠠᠨ | ᠬᠤᠪᠢ ᠶᠢ ᠳᠠᠪᠠᠵᠤ᠂ ᠤᠯᠤᠰ ᠤᠨ ᠭᠠᠵᠠᠷ ᠵᠦᠢ ᠶᠢᠨ ᠳᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ 4 ᠶᠢ | ᠵᠦᠪᠰᠢᠶᠡᠷᠡᠭᠦᠯᠵᠤ᠂ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠤᠨ ᠪᠦᠲᠦᠭᠡᠭᠳᠡᠬᠦᠨ 49 | ᠪᠣᠯᠤᠨ ᠨᠡᠮᠡᠭᠳᠡᠪᠡ᠃ ᠬᠤᠪᠣᠷ ᠰᠢᠷᠣᠶ ᠶᠢᠨ ᠱᠡᠤ ᠥᠬᠡᠶᠢᠳᠡᠭᠦᠯᠬᠦ ᠲᠦᠷᠭᠡᠳᠬᠡᠭᠦᠷ ᠵᠡᠷᠭᠡ ᠨᠢᠭᠡ ᠪᠦᠯᠦᠭ ᠠᠵᠤ | ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠲᠣᠣᠷ ᠲᠤ ᠨᠡᠶᠢᠯᠡᠭᠦᠯᠬᠦ ᠠᠵᠢᠯ ᠢ 127 ᠲᠦᠮᠡᠨ ᠺᠢᠯᠣᠸᠠᠲ | ᠰᠢᠨ᠎ᠡ ᠪᠠᠷ ᠨᠡᠮᠡᠭᠳᠡᠭᠦᠯᠵᠦ᠂ ᠪᠦᠬᠦ ᠬᠤᠳᠠ ᠳᠤ ᠨᠢᠭᠡᠳᠦᠭᠡᠷ ᠲᠤ ᠣᠷᠣᠪᠠ᠃ ᠲᠤᠤ ᠮᠠ ᠭᠧᠤ ᠲᠠᠷᠢᠶᠠᠯᠠᠩ ᠤᠨ | ᠲᠠᠯᠠᠪᠠᠶ ᠵᠡᠷᠭᠡ ᠨᠢᠭᠡ ᠪᠦᠯᠦᠭ ᠰᠢᠨ᠎ᠡ ᠦᠵᠡᠮᠵᠢ ᠶᠢᠨ ᠣᠷᠣᠨ ᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ 6 ᠪᠣᠯᠭᠠᠨ ᠨᠡᠮᠡᠭᠳᠡᠭᠦᠯᠵᠦ᠂ ᠮᠠᠨ ᠤ ᠬᠤᠰᠢᠭᠤ ᠲᠦᠷᠦᠭᠦᠤ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠷᠤᠨ ᠪᠦᠰᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢᠶᠠᠷ ᠵᠥᠪᠰᠢᠶᠡᠷᠡᠭᠦᠯᠪᠡ᠃ | — ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠦᠨ ᠬᠡᠬᠦ ᠣᠶᠢᠯᠠᠭᠠᠭᠳᠠᠬᠤᠨ ᠬᠥᠮᠦᠰ ᠤᠨ | ᠰᠡᠳᠬᠢᠯ ᠳᠤ ᠬᠠᠳᠠᠩᠰᠢᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠭᠤᠣᠯ ᠮᠥᠷᠡᠨ ᠨᠠᠭᠤᠷ ᠴᠥᠭᠦᠷᠥᠮ | ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ | ᠨᠠᠭᠤᠷ ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠰᠠᠨ ᠦᠷ᠎ᠡ ᠪᠦᠲᠦᠮᠵᠢ ᠢᠯᠡᠳᠳᠡ ᠪᠠᠶᠢᠵᠤ᠂ ᠠᠮᠢ | ᠠᠬᠤᠶ ᠶᠢᠨ ᠰᠡᠷᠭᠦᠭᠡᠨ ᠵᠠᠰᠠᠯᠳᠠ 210 ᠲᠦᠮᠡᠨ ᠮᠥ ᠶᠢ ᠳᠠᠪᠠᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ | ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 14.9% ᠪᠠ 33.3% | ᠪᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤᠴᠢ ᠴᠢᠨᠠᠷᠲᠠᠶ | ᠬᠠᠷᠠᠯᠲᠠ ᠶᠢ ᠤᠷᠤᠭᠰᠢᠲᠠᠶ ᠪᠠᠷ ᠪᠡᠶᠡᠯᠡᠭᠦᠯᠵᠦ᠂ ᠪᠦᠭᠦ ᠬᠤᠰᠢᠭᠤᠨ ᠤᠲ᠋ᠤᠩᠭᠠᠯᠠᠭ ᠡᠳᠦᠷ ᠤᠨ ᠲᠤᠭ᠎ᠠ ᠶᠢᠨ | ᠬᠠᠷᠢᠴᠠᠯ ᠵᠢᠯ ᠳᠤᠮᠳᠠᠴᠢ ᠪᠠᠷ 92% ᠠᠴᠠ ᠳᠡᠭᠡᠭᠰᠢ ᠪᠤᠯᠵᠤ᠂ ᠦᠢᠯᠡᠳᠪᠦᠷᠢᠯᠡᠯ ᠠᠭᠤᠷᠬᠠᠶ ᠶᠢᠨ ᠭᠠᠵᠠᠷ ᠤᠨ | ᠣᠷᠴᠢᠨ ᠲᠣᠭᠤᠷᠢᠨ ᠤ ᠵᠠᠰᠠᠯᠲᠠ ᠶᠢᠨ ᠨᠤᠷᠮ᠎ᠠ 100% ᠳᠤ ᠬᠦᠷᠴᠦ᠂ ᠲᠦᠮᠡᠨ ᠲᠥᠭᠦᠷᠢᠭ ᠤᠨ GDP ᠶᠢᠨ | ᠡᠨᠧᠷᠭᠢ ᠶᠢᠨ ᠬᠤᠷᠣᠭᠳᠠᠯ 15% ᠪᠠᠷ ᠪᠠᠭᠤᠷᠠᠵᠤ᠂ ᠬᠤᠲᠠ ᠬᠥᠳᠡᠭᠡ ᠶᠢᠨ ᠤᠤᠭᠤᠬᠤ ᠤᠰᠤᠨ ᠤ ᠴᠢᠨᠠᠷ | 100% ᠪᠠᠷ ᠪᠠᠷᠢᠮᠵᠢᠶ᠎ᠠ ᠳᠤ ᠬᠦᠷᠴᠤ᠂ ᠪᠦᠭᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠤ ᠵᠥᠪᠰᠢᠶᠡᠷᠡᠯ ᠢ ᠤᠯᠪᠠ᠃ ᠲᠦᠪ ᠪᠠ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡ | ᠪᠦᠯᠦᠭ ᠠᠷᠠᠳ ᠲᠦᠮᠡᠨ ᠤ ᠳᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | | — ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠲᠦᠯᠬᠢᠨ ᠠᠬᠢᠭᠤᠯᠪᠠ᠃ | ᠪᠠᠲᠤᠬᠠᠭᠠᠯᠭ᠎ᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 48% ᠪᠠᠶᠢᠭᠰᠠᠨ ᠠᠴᠠ 53. | 7% ᠪᠣᠯᠭᠠᠨ ᠨᠡᠮᠡᠭᠳᠡᠭᠦᠯᠵᠤ᠂ 3354 ᠡᠷᠦᠬᠡ ᠶᠢᠨ ᠳᠥᠭᠦᠮ ᠪᠦᠲᠦᠴᠡᠳᠤ ᠣᠷᠣᠨ ᠰᠠᠭᠤᠴᠠ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ᠬᠤᠲᠠ ᠪᠠᠯᠭᠠᠰᠤ ᠶᠢᠨ ᠨᠣᠭᠤᠭᠠᠷᠠᠭᠤᠯᠤᠯᠲᠠ | ᠶᠢᠨ ᠪᠦᠷᠬᠦᠴᠡ ᠶᠢᠨ ᠨᠣᠷᠮ᠎ᠠ 40% ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ | ᠬᠤᠲᠠ ᠪᠠᠷ ᠵᠥᠪᠰᠢᠶᠡᠷᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠠᠷᠢᠭᠤᠨ | ᠴᠡᠪᠡᠷ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠦᠨᠡᠯᠡᠬᠦ | ᠭᠦᠢᠴᠡᠳᠬᠡᠯ ᠲᠤᠭ᠎ᠠ ᠠᠴᠠ 24 ᠵᠠᠭᠤᠨ ᠤ ᠬᠤᠪᠢ ᠳᠠᠪᠠᠵᠤ᠂ ᠮᠢᠩᠭᠠᠨ ᠪᠠᠯᠭᠠᠰᠤ ︽ᠤᠯᠤᠰ ᠤᠨ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠢᠵᠢᠭ ᠪᠠᠯᠭᠠᠰᠤ︾ ᠪᠠᠷ ᠰᠣᠩᠭᠤᠭᠳᠠᠵᠤ᠂ ᠬᠤᠩ ᠱᠠᠨ ᠽᠢ | ᠲᠣᠰᠬᠤᠨ ︽ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠪᠠᠷ | ᠨᠡᠷᠡᠶᠢᠳᠦᠭᠳᠡᠪᠡ᠃ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠪᠤᠭᠤᠲᠤ ᠠᠴᠠ ᠮᠠᠨᠳᠤᠯ ᠬᠥᠷᠬᠦ ᠲᠡᠮᠦᠷ ᠵᠠᠮ ᠤᠨ ᠭᠤᠷᠪᠠᠳᠤᠭᠠᠷ ᠬᠤᠭᠤᠴᠠᠭ᠎ᠠ᠂ ᠨᠡᠶᠢᠳᠡ ᠶᠢᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠨᠢᠭᠡ ᠪᠦᠯᠦᠭ ᠴᠢᠬᠤᠯᠠ ᠶᠡᠭᠡ ᠱᠠᠭᠤᠷᠢ ᠳᠦᠬᠦᠭᠡᠷᠦᠮᠵᠢ ᠶᠢ ᠵᠠᠯᠭᠠᠭ᠎ᠠ | ᠪᠠᠷ ᠪᠠᠶᠢᠭᠤᠯᠵᠤ᠂ ᠤᠯᠤᠰ ᠤᠨ ᠵᠠᠰᠠᠮᠠᠯ ᠵᠠᠮ ᠤᠨ 210 ᠱᠤᠭᠤᠮ ᠵᠡᠷᠭᠡ ᠭᠤᠷᠪᠠᠨ ᠵᠤᠷᠪᠤᠰ ᠵᠠᠰᠠᠮᠠᠯ ᠵᠠᠮ ᠤᠨ | ᠪᠥᠬᠦ ᠱᠤᠭᠤᠮ ᠢ ᠨᠡᠪᠲᠡᠷᠡᠭᠦᠯᠵᠦ᠂ ᠪᠣᠶ ᠪᠥᠬᠦᠶ ᠭᠠᠴᠠᠭ᠎ᠠ ᠲᠣᠰᠬᠤᠨ ᠳᠤ ᠴᠥᠮ ᠬᠠᠳᠠᠭᠤ ᠬᠤᠴᠢᠯᠳᠠ ᠲᠠᠢ ᠵᠠᠮ | ᠨᠡᠪᠲᠡᠷᠡᠵᠦ᠂ ᠮᠠᠨ ᠤ ᠬᠤᠰᠢᠭᠤ ᠪᠥᠬᠦ ᠬᠤᠲᠠ ᠶᠢᠨ ᠠᠩᠬᠠᠳᠠᠭᠴᠢ ︽ᠳᠥᠷᠪᠡᠨ ᠰᠠᠶᠢᠨᠲᠠᠶ ᠬᠥᠳᠡᠭᠡ ᠲᠣᠰᠬᠤᠨ ᠤ | ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠪᠣᠯᠪᠠ᠃ | — ᠥᠭᠡᠷᠡᠴᠢᠯᠡᠯᠲᠡ ᠨᠡᠭᠡᠭᠡᠯᠳᠡ ᠶᠢᠨ ᠲᠠᠯ᠎ᠠ ᠪᠠᠷ ᠤᠯᠠᠨ ᠲᠠᠯ᠎ᠠ ᠪᠠᠷ ᠰᠢᠪᠲᠤᠯᠤᠯᠲᠠ ᠭᠠᠷᠭᠠᠪᠡ᠃ 6 | ᠬᠦᠷᠢᠶᠡᠨ ᠳᠠᠬᠢ 175 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠵᠤ᠂ ᠨᠠᠮ ᠵᠠᠰᠠᠭ ᠤᠨ ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠡ ᠵᠡᠷᠭᠡ | ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠪᠠ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠨᠤᠲᠠᠯᠠᠬᠤ ᠠᠵᠢᠯ ᠦᠨᠳᠦᠰᠦᠨ ᠳᠡᠭᠡᠨ ᠳᠠᠭᠤᠰᠴᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ | ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ᠬᠤᠰᠢᠭᠤ ᠱᠠᠲᠤᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠲᠣᠰ ᠲᠣᠰ | 38.2% ᠪᠠ 42.7% ᠪᠠᠷ ᠪᠠᠭᠠᠰᠬᠠᠵᠤ᠂ 252 ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠳᠤ ᠬᠦᠷᠭᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ | ᠤᠨ ᠨᠡᠭᠡᠭᠡᠨ ᠡᠷᠭᠢᠯᠡᠬᠦ ᠴᠠᠭ ᠢ 0.5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠵᠢᠯ ᠳᠤᠮᠳᠠᠴᠢ ᠶᠢᠨ ᠨᠡᠮᠡᠭᠳᠡᠯ 900 ᠡᠷᠦᠬᠡ ᠶᠢ ᠳᠠᠪᠠᠪᠠ᠃ ᠪᠤᠭᠤᠮᠳᠠ ᠶᠢᠨ ᠭᠠᠳᠠᠭᠠᠳᠤ ᠠᠴᠠ | ᠣᠷᠣᠭᠤᠯᠤᠭᠰᠠᠨ ᠮᠢᠬᠠᠨ ᠤ ᠵᠦᠢᠯ ᠤᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠢ ᠪᠠᠶᠢᠭᠤᠯᠤᠨ | ᠵᠥᠪᠰᠢᠶᠡᠷᠡᠯ ᠤᠯᠵᠤ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠤᠶᠤᠨᠲᠤ ᠺᠠᠷᠲ᠂ ᠪᠢᠲᠡᠭᠦᠮᠵᠢᠯᠡᠭᠰᠡᠨ | ᠮᠠᠶ᠋ᠢᠭ ᠤᠨ ᠨᠡᠭᠦᠷᠡᠰᠦ ᠬᠠᠳᠠᠭᠠᠯᠠᠬᠤ ᠬᠦᠯᠡᠮᠵᠢ ᠵᠡᠷᠭᠡ ᠨᠢᠭᠡ ᠪᠦᠯᠦᠭ ᠴᠢᠳᠠᠮᠵᠢᠳᠣ ᠲᠥᠬᠦᠭᠡᠷᠦᠮᠵᠢ ᠶᠢ ᠠᠰᠢᠭᠯᠠᠯᠲᠠ | ᠳᠤ ᠣᠷᠣᠭᠤᠯᠵᠤ᠂ ᠪᠣᠭᠤᠮᠲᠠ ᠳᠤ ᠮᠡᠳᠡᠭᠦᠯᠦᠭᠰᠡᠨ ᠭᠠᠳᠠᠭᠠᠳᠤ ᠠᠴᠠ ᠣᠷᠣᠭᠤᠯᠵᠤ ᠭᠠᠷᠭᠠᠭᠰᠨ ᠪᠠᠷᠠᠭ᠎ᠠ ᠨᠡᠶᠢᠲᠡ | 398 ᠲᠦᠮᠡᠨ ᠲᠣᠨ ᠳᠤ ᠬᠦᠷᠪᠠ᠃ | — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠰᠢᠨ᠎ᠡ ᠪᠠᠷ | ᠨᠡᠮᠡᠭᠳᠡᠭᠰᠡᠨ ᠡᠳ᠋ ᠤᠨ ᠬᠦᠴᠦᠨ ᠤ 80% ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠬᠡᠷᠡᠭᠯᠡᠪᠡ᠃ 1379 ᠡᠷᠦᠬᠡ᠂ 2837 ᠨᠡᠷ᠎ᠡ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠶᠢ ᠲᠡᠳᠬᠦᠬᠦ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ | ᠭᠥᠷᠳᠡᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠢᠯ ᠤᠯᠤᠭᠰᠠᠨ | ᠦᠭᠡᠢ ᠭᠡᠷ ᠪᠦᠯᠢ ᠭᠡᠵᠤ ᠦᠭᠡᠢ ᠪᠤᠯᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ | ᠤᠨ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠡᠯ᠎ᠡ ᠲᠦᠷᠦᠯ ᠤᠨ ᠬᠦᠮᠦᠰ ᠤᠨ ᠨᠠᠰᠤᠵᠢᠯ | ᠤᠨ ᠠᠰᠠᠷᠠᠮᠵᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠦᠢᠯᠡᠰ | ᠴᠢᠨᠠᠷ ᠰᠠᠶᠢᠲᠠᠶ ᠬᠥᠭᠵᠢᠵᠦ᠂ ᠳᠤᠮᠳᠠ ᠵᠡᠷᠭᠡ ᠶᠢᠨ ᠰᠤᠷᠭᠠᠭᠤᠯᠢ ᠶᠢᠨ ᠰᠢᠯᠭᠠᠯᠳᠠ ᠪᠠᠷ ᠴᠢᠨᠠᠷᠯᠢᠭ ᠦᠳᠦᠷ ᠵᠡᠷᠭᠡ | ᠶᠢᠨ ᠳᠤᠮᠳᠠᠳᠤ ᠰᠤᠷᠭᠠᠭᠤᠯᠢ ᠳᠤ ᠡᠯᠰᠡᠭᠳᠡᠬᠦ ᠨᠤᠷᠮ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ | ᠶᠢᠨ ᠵᠢᠩᠬᠢᠨᠢ ᠠᠩᠭᠢ ᠶᠢᠨ ᠰᠤᠷᠭᠠᠭᠤᠯᠢ ᠳᠠᠪᠰᠢᠬᠰᠠᠨ ᠨᠣᠷᠮ᠎ᠠ ᠵᠡᠷᠭᠡᠪᠡᠷ ᠳᠡᠭᠡᠭᠰᠢᠯᠡᠪᠡ᠃ ︽ᠡᠷᠡᠭᠦᠯ ᠡᠩᠬᠡ | ᠳᠠᠷᠬᠠᠨ ᠮᠤᠤᠮᠢᠩᠭᠠᠨ︾ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠤ ᠬᠤᠲᠠ᠂ ᠡᠷᠡᠭᠦᠯ ᠡᠩᠬᠡ ᠶᠢ ᠠᠬᠢᠭᠤᠯᠬᠤ ᠬᠤᠰᠢᠭᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠦᠢᠯᠡᠰ ᠪᠥᠬᠦ ᠲᠠᠯ᠎ᠠ ᠪᠠᠷ ᠬᠥᠭᠵᠢᠵᠦ᠂ ᠤᠯᠠᠭᠠᠨᠮᠥ᠋ᠴᠢᠷ | ᠥᠪᠡᠷᠲᠡᠭᠡᠨ ᠵᠠᠰᠠᠬᠤ ᠣᠷᠣᠨ ᠤ ︽ᠨᠢᠭᠡᠳᠦᠭᠡᠷ ᠲᠥᠷᠥᠯ ᠤᠨᠰᠢᠯᠢᠳᠡᠭ ᠤᠯᠠᠭᠠᠨᠮᠥ᠋ᠴᠢᠷ︾ ᠤᠨ ᠴᠣᠯᠠ ᠶᠢ ᠳᠠᠬᠢᠨ | ᠬᠦᠷᠲᠡᠵᠤ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠡᠩᠨᠡᠭᠡᠨ ᠳᠤ ᠣᠷᠣᠪᠠ᠃ | | — ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠯᠭᠠᠨ᠎ᠠ᠃ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠤᠯᠤᠭᠠᠨ᠎ᠠ ᠶᠢᠨ ᠬᠢᠵᠢᠭ᠂ | ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠪᠠᠶᠢᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠦᠶᠡᠷ | ᠤᠰᠤ᠂ ᠬᠤᠢ ᠰᠠᠯᠬᠢ ᠶᠢᠨ ᠪᠠᠶᠢᠭᠠᠯᠢ ᠶᠢᠨ ᠭᠠᠮᠰᠢᠭ ᠢ ᠠᠮᠵᠢᠯᠲᠠ ᠲᠠᠢ ᠪᠠᠷ ᠠᠷᠭᠠᠴᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠦᠮᠦᠵᠢᠯ ᠢ ᠭᠦᠨᠵᠭᠡᠢ ᠦᠷᠨᠢᠭᠦᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠦᠨᠡᠨ ᠬᠦ | ᠪᠠᠲᠤᠯᠠᠭ᠎ᠠ ᠲᠠᠢ ᠪᠣᠯᠭᠠᠪᠠ᠃ ᠱᠠᠰᠢᠨ ᠰᠤᠷᠲᠠᠬᠤᠨ ᠤ ᠬᠦᠷᠢᠶᠡᠨ ᠳᠤ ᠡᠶ᠎ᠡ ᠨᠠᠶᠢᠷᠠᠮᠳᠠᠭᠤ ᠲᠣᠭᠲᠠᠭᠤᠨ ᠪᠠᠶᠢᠬᠤ ᠶᠢ | ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠵᠠᠯᠭᠠᠭ᠎ᠠ ᠪᠠᠷ | ᠨᠠᠢᠮᠠ ᠤᠳᠠᠭ᠎ᠠ ᠮᠠᠩᠯᠠᠶᠢᠯᠠᠪᠠ︾᠃ ᠬᠠᠤᠯᠢᠵᠢᠯ ᠤᠨ ᠳᠠᠷᠬᠠᠨ ᠮᠤᠤᠮᠢᠩᠭᠠᠨ᠂ ᠠᠮᠤᠷ ᠠᠮᠤᠭᠤᠯᠠᠩᠲ᠋ᠠᠷᠬᠠᠨ | ᠮᠤᠤᠮᠢᠩᠭᠠᠨ ᠤ ᠪᠠᠶᠢᠭᠤᠯᠤᠯᠲᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠪᠠ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠢᠯᠡᠷᠬᠡᠢ | ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠠᠵᠢᠯ ᠢ ᠦᠷᠭᠦᠯᠵᠢᠯᠡᠨ ᠴᠢᠩᠭᠠᠳᠬᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠨᠡᠩ ᠪᠠᠬᠢᠵᠢᠭᠦᠯᠵᠦ᠂ ᠠᠷᠠᠳ ᠲᠦᠮᠡᠨ ᠢ ᠨᠡᠩ ᠠᠮᠤᠷ | ᠵᠢᠮᠦᠷ ᠠᠵᠤ ᠲᠦᠷᠦᠭᠦᠯᠪᠡ᠃ ᠡᠮᠡᠭᠲᠡᠶᠢᠴᠦᠳ᠂ ᠬᠡᠤᠬᠡᠳ᠂ ᠴᠡᠷᠢᠭ ᠠᠴᠠ ᠬᠠᠯᠠᠭᠳᠠᠭᠰᠠᠳ᠂ ᠨᠠᠰᠤᠲᠠᠶᠢᠴᠤᠳ ᠪᠠ | ᠵᠡᠮᠳᠡᠭᠴᠦᠳ ᠤᠨ ᠡᠷᠬᠡ ᠠᠰᠢᠭ ᠢ ᠪᠥᠬᠦ ᠲᠠᠯ᠎ᠠ ᠪᠠᠷ ᠪᠠᠲᠤᠯᠠᠵᠤ᠂ ᠲᠠᠩᠰᠠ ᠡᠪᠬᠡᠮᠡᠯ᠂ ᠣᠶᠢᠯᠠᠯᠭ᠎ᠠ ᠲᠡᠤᠬᠡ᠂ | ᠤᠯᠠᠭᠠᠨ ᠵᠠᠭᠠᠯᠮᠠᠶᠢᠲᠠᠨ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠳᠠᠭᠠᠳᠤ ᠶᠠᠪᠤᠳᠠᠯ᠂ ᠬᠢᠨᠠᠨ | ᠪᠤᠳᠤᠬᠤ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃ | — ᠤᠯᠤᠰ ᠲᠦᠷᠦ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠪᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠵᠢᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ᠂ ᠪᠠᠶᠢᠩᠭᠤ ᠶᠢᠨ ᠬᠤᠷᠠᠯ ᠤᠨ ︽ᠨᠢᠭᠡᠳᠦᠭᠡᠷ ᠵᠥᠪᠯᠡᠬᠦ ᠵᠦᠢᠯ︾ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ | ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠨᠠᠷᠢᠨ | ᠨᠢᠮᠪᠠᠶ ᠥᠷᠨᠢᠭᠦᠯᠵᠦ᠂ ᠨᠠᠮ ᠤᠨ ᠬᠡᠰᠢᠭᠦᠨ ᠺᠠᠳ᠋ᠷ ᠤᠨ ︽ᠤᠯᠤᠰ ᠲᠦᠷᠦ ᠶᠢᠨ ᠭᠤᠷᠪᠠᠨ ᠴᠢᠳᠠᠪᠤᠷᠢ︾ ᠶᠢ | ᠢᠯᠡᠳᠳᠡ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠴᠠᠭᠠᠵᠠ ᠶᠢᠨ | ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠳᠠ ᠶᠢᠨ ᠨᠤᠷᠮ᠎ᠠ 100% ᠳᠤ ᠬᠦᠷᠪᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠪᠣᠳᠠᠲᠠᠶ ᠪᠠᠷ ᠲᠦᠯᠬᠢᠨ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠭᠤᠴᠠᠯᠭ᠎ᠠ ᠶᠢᠨ ᠲᠦᠷᠢᠮ ᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠡ᠃ᠶᠠᠳᠠᠭᠤ ᠶᠢ ᠲᠡᠳᠬᠦᠬᠦ᠂ ᠨᠡᠭᠦᠷᠡᠰᠦ᠂ | ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ | ᠳᠥᠯᠭᠢᠨ ᠠᠬᠢᠭᠤᠯᠵᠤ᠂ ᠰᠢᠨ᠎ᠡ ᠰᠤᠷᠲᠠᠯ ᠲᠥᠪ ᠰᠤᠷᠲᠠᠯ ᠲᠠᠰᠤᠷᠠᠯᠲᠠ ᠥᠬᠡᠶ ᠦᠷᠭᠡᠵᠢᠪᠠ᠃ | ᠲᠥᠯᠥᠭᠡᠯᠡᠭᠴᠢᠳ ᠡ︕ | ᠰᠠᠶ᠋ᠢᠬᠠᠨ ᠥᠩᠭᠡᠷᠡᠭᠰᠡᠨ 2021 ᠣᠨ ᠪᠤᠯ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠨᠢᠭᠡ ᠵᠢᠯ ᠪᠠᠶᠢᠯ᠎ᠠ | ᠃ ᠪᠢᠳᠡ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠪᠤᠳᠠᠳᠠᠢ ᠪᠠᠷ ᠠᠵᠢᠯᠯᠠᠨ᠂ ᠢᠳᠡᠷᠡᠭᠦᠨ ᠠᠯᠬᠤᠭ᠎ᠠ ᠪᠠᠷ ᠠᠮᠵᠢᠯᠲᠠ ᠪᠦᠲᠦᠮᠵᠢ ᠶᠢ | ᠡᠭᠦᠳᠴᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠵᠦ᠂ | ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ | ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠡᠨᠡ ᠨᠢᠭᠡ ᠵᠢᠯ ᠳᠤ ᠪᠢᠳᠡ ᠢᠳᠡᠪᠬᠢᠲᠡᠶ ᠪᠠᠷ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠬᠦᠴᠦᠨ | ᠢᠶᠠᠷ ᠢᠶᠠᠨ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ | ᠠᠬᠤᠶ ᠶᠢᠨ ᠠᠵᠢᠯᠯᠠᠭᠠᠨ ᠢ ᠲᠣᠭᠲᠠᠭᠤᠨ ᠢᠶᠠᠷ ᠪᠠᠬᠢᠵᠢᠭᠦᠯᠵᠦ᠂ ᠲᠣᠭᠲᠠᠭᠤᠨ ᠢᠶᠠᠷ ᠤᠷᠤᠭᠰᠢᠯᠠᠭᠤᠯᠪᠡ᠃ ᠵᠢᠱᠢᠯᠲᠡ | ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 101 ᠳ᠋ᠦᠩᠰᠢᠭᠤᠷ ᠲᠥᠭᠦᠷᠢᠭ | ᠪᠡᠶᠡᠯᠡᠭᠦᠯᠵᠦ᠂10.2% ᠢᠶᠠᠷ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 43.1 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 29.7% ᠪᠠᠷ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 7.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 30.7 % ᠪᠠᠷ ᠨᠡᠮᠡᠭᠳᠡᠭᠦᠯᠦᠨ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 17.2 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 6.2% ᠢᠶᠠᠷ ᠨᠡᠮᠡᠭᠳᠡᠭᠦᠯᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 46943 ᠲᠥᠭᠦᠷᠢᠭ | ᠪᠠ 20491 ᠲᠥᠭᠦᠷᠢᠭ ᠲᠤ ᠬᠦᠷᠴᠦ᠂ 8% ᠪᠠ 10% ᠪᠠᠷ ᠨᠡᠮᠡᠭᠳᠡᠪᠡ᠃ ᠠᠵᠤ ᠠᠬᠤᠶᠢᠯᠠᠯ ᠤᠨ ᠬᠡᠷᠡᠭᠯᠡᠬᠦ | ᠴᠠᠬᠢᠯᠭᠠᠨ ᠤ ᠥᠪᠡᠷ ᠤᠨ ᠥᠷᠲᠡᠭ 1570 ᠲᠦᠮᠡᠨ ᠲᠥᠭᠦᠷᠢᠭ ᠢ ᠬᠠᠰᠤᠵᠤ ᠭᠡᠯᠳᠦᠷᠢᠭᠦᠯᠵᠦ᠂ ᠰᠢᠨ᠎ᠡ ᠪᠠᠷ | ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠵᠠᠷᠤᠳᠠᠯ 3.68 ᠳ᠋ᠦᠩᠰᠢᠭᠤᠷ ᠲᠥᠭᠦᠷᠢᠭ | ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 2% ᠢᠶᠠᠷ | ᠨᠡᠮᠡᠭᠳᠡᠭᠦᠯᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠲᠠᠢ ᠪᠠᠶᠢᠬᠤ ᠪᠤᠯᠤᠨ ᠥᠷᠢ | ᠥᠭᠴᠡᠭᠡ ᠵᠢᠭᠡᠯᠡᠯᠭᠡ ᠲᠦᠯᠤᠬᠦ ᠤᠷᠬᠢᠯ ᠬᠤᠭᠤᠴᠠᠭ᠎ᠠ ᠳᠠᠪᠬᠤᠴᠠᠵᠤ ᠪᠠᠶᠢᠭ᠎ᠠ ᠳᠠᠷᠤᠯᠲᠠ ᠶᠢ ᠲᠤᠯᠵᠤ᠂ ᠲᠠᠯᠳᠠ | ᠥᠭᠴᠡᠭᠡ ᠶᠢ 5.73 ᠳ᠋ᠦᠩᠰᠢᠭᠤᠷ ᠲᠥᠭᠦᠷᠢᠭ ᠠᠷᠢᠯᠭᠠᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ | ᠦᠯᠦ ᠭᠠᠷᠭᠠᠬᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠪᠠ᠃ | ᠡᠨᠡ ᠨᠢᠭᠡ ᠵᠢᠯ ᠳᠤ᠂ ᠪᠢᠳᠡ ᠳᠠᠪᠠᠭᠤᠯᠢᠭ ᠲᠠᠭᠠᠨ ᠰᠠᠭᠤᠷᠢᠯᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠠᠬᠢᠨ ᠴᠣᠭᠴᠠᠯᠠᠪᠠ᠃ ︽ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠲᠡᠲᠡᠶ ᠪᠠᠷ ᠬᠥᠭᠵᠢᠭᠦᠯᠬᠦ | ︾ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠠᠵᠢᠯ ᠢ ᠲᠦᠷᠭᠡᠳᠬᠡᠨ ᠬᠢᠪᠡ᠃ 53 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 66.46 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠱᠠᠲᠤᠯᠢᠭ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠩᠬᠠᠳᠠᠭᠴᠢ ᠡᠨᠧᠷᠭᠢ ᠬᠠᠳᠠᠭᠠᠯᠠᠬᠤ ᠴᠢᠩᠭᠡᠯᠢᠭ ᠢ ᠲᠣᠤᠷ ᠲᠤ | ᠨᠡᠶᠢᠯᠡᠭᠦᠯᠵᠤ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠪᠠᠭᠠᠨᠡ ᠦᠢᠯᠡᠳᠬᠦ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠨᠠᠷᠠ ᠰᠠᠯᠬᠢᠨ ᠤ ᠡᠨᠧᠷᠬᠢ ᠶᠢᠨ ᠴᠠᠬᠢᠯᠭᠠᠨ | ᠤ ᠨᠡᠭᠡᠭᠡᠨ ᠬᠥᠭᠵᠢᠭᠦᠯᠦᠯᠲᠡ ᠶᠢᠨ ᠬᠡᠪᠴᠢᠶ᠎ᠡ 146 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠬᠤ ᠬᠡᠮᠵᠢᠶ᠎ᠡ ᠪᠤᠯᠤᠨ ᠦᠢᠯᠡᠳᠬᠦᠨ ᠤ ᠥᠷᠲᠡᠭ ᠲᠣᠰ ᠲᠣᠰ 12.8% ᠪᠠ 11.4% ᠪᠠᠷ | ᠨᠡᠮᠡᠭᠳᠡᠪᠡ᠃ ᠠᠮᠤ ᠪᠤᠳᠠᠭ᠎ᠠ᠂ ᠮᠢᠬᠠᠨ ᠤ ᠵᠦᠢᠯ ᠤᠨ ᠭᠠᠷᠤᠯᠲᠠ ᠲᠣᠰ ᠲᠣᠰ 27.6% ᠪᠠ 14% ᠪᠠᠷ | ᠨᠡᠮᠡᠭᠳᠡᠵᠦ᠂ ᠳᠠᠷᠬᠠᠨ ᠮᠤᠤᠮᠢᠩᠭᠠᠨ ᠤ ᠬᠤᠨᠴᠢᠷ ᠵᠡᠷᠭᠡ 4 ᠵᠦᠢᠯ ᠤᠨ ᠪᠦᠲᠦᠭᠡᠭᠳᠡᠬᠦᠨ ᠭᠤᠷᠪᠠᠳᠤᠭᠠᠷ ᠪᠦᠯᠦᠭ | ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ | ᠰᠣᠩᠭᠤᠭᠳᠠᠨ ᠣᠷᠣᠵᠤ᠂ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠤᠳᠤᠮᠰᠢᠯ ᠤᠨ | ᠲᠤᠷᠰᠢᠯᠲᠠ ᠶᠢᠨ ᠰᠠᠭᠤᠷᠢᠨ ᠭᠠᠵᠠᠷ ᠮᠠᠨ ᠤ ᠬᠤᠰᠢᠭᠤᠨ ᠳ᠋ᠤ᠋ᠰᠠᠭᠤᠷᠢᠰᠢᠨ᠂ ᠥᠨᠳᠥᠷ ᠬᠤᠪᠢ ᠪᠠᠷ ᠥᠪᠡᠷᠲᠡᠭᠡᠨ | ᠵᠠᠰᠠᠬᠤ ᠣᠷᠣᠨ ᠤ ᠲᠠᠰ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠤᠷᠰᠢᠯᠲᠠ ᠶᠢᠨ ᠬᠤᠰᠢᠭᠤ | ᠰᠢᠶᠠᠨ ᠢᠶᠠᠷ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ 31 ᠳ᠋ᠤᠭᠡᠷ ᠬᠤᠭᠤᠴᠠᠭᠠᠨ ᠤ ᠵᠢᠭᠤᠯᠴᠢᠯᠠᠯ ᠤᠨ | ᠨᠠᠭᠠᠳᠤᠮ ᠤᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠲᠣᠷᠭᠠᠨ ᠵᠠᠮ ᠤᠨ ᠮᠦᠷᠦᠭᠡᠳᠤᠯ ᠦᠵᠡᠮᠵᠢ | ᠶᠢᠨ ᠤᠷᠤᠨ ᠢ ᠬᠡᠶᠢᠳᠤ ᠪᠦᠮᠪᠦᠭᠡ ᠶᠢᠨ ᠦᠵᠡᠮᠵᠢ ᠰᠤᠨᠢᠷᠬᠠᠬᠤ ᠭᠠᠵᠠᠷ ᠪᠤᠯᠭᠠᠨ ᠪᠦᠲᠦᠭᠡᠨ ᠪᠠᠶᠢᠭᠤᠯᠵᠤ᠂ | ᠰᠢᠷᠠᠮᠦ᠋ᠷᠡᠨ ᠪᠠᠯᠭᠠᠰᠤ ᠶᠢᠨ ᠬᠠᠷ᠎ᠠ ᠤᠰᠤ ᠭᠠᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠲᠦᠷᠦᠭᠦᠤ ᠪᠦᠯᠦᠭ ᠤᠨ ᠭᠤᠤᠯᠳᠠᠯᠭ᠎ᠠ ᠲᠠᠢ ᠲᠣᠰᠬᠤᠨ ᠢᠶᠠᠷ ᠲᠣᠭᠲᠠᠭᠠᠪᠡ᠃ ᠶᠡᠭᠡ ᠬᠡᠮᠵᠢᠶᠡᠨ ᠤ | ᠲᠠᠸᠠᠷ ᠢ ᠭᠠᠳᠠᠭᠠᠳᠤ ᠠᠴᠠ ᠣᠷᠣᠭᠤᠯᠬᠤ ᠲᠤᠰᠬᠠᠶ ᠬᠡᠷᠡᠭᠯᠡᠭᠡᠨ ᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠴᠢᠩᠭᠡᠯᠢᠭ ᠢ ᠳᠡᠭᠦᠵᠢᠯᠡᠨ ᠤᠭᠰᠠᠷᠠᠬᠤ ᠶᠢ ᠲᠤᠷᠰᠢᠨ ᠠᠵᠢᠯᠯᠠᠭᠤᠯᠬᠤ ᠶᠢ ᠪᠡᠶᠡᠯᠡᠭᠦᠯᠵᠤ | ᠂ ᠲᠠᠪᠤᠨ ᠲᠣᠯᠣᠭᠠᠶ ᠪᠣᠭᠤᠮᠲᠠ ᠠᠴᠠ ᠬᠠᠩᠬᠢ ᠪᠣᠭᠤᠮᠲᠠ ᠬᠥᠷᠬᠦ ᠠᠭᠤᠷᠬᠠᠶ ᠶᠢᠨ ᠲᠡᠭᠡᠭᠡᠪᠦᠷᠢ ᠶᠢᠨ ᠵᠠᠰᠠᠮᠠᠯ ᠵᠠᠮ ᠢ | ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠪᠥᠬᠦ ᠵᠢᠯ ᠤᠨ ᠭᠠᠳᠠᠭᠠᠳᠤ ᠣᠷᠣᠭᠤᠯᠵᠤ ᠭᠠᠷᠭᠠᠬᠤ ᠪᠠᠷᠠᠭ᠎ᠠ ᠬᠢᠵᠢᠭ ᠤᠨ | ᠪᠠᠶᠢᠳᠠᠯ ᠤᠨ ᠰᠥᠷᠭᠡᠤ ᠨᠦᠯᠦᠭᠡᠨ ᠳᠤᠤᠷ᠎ᠠ 124.9% ᠪᠠᠷ ᠨᠡᠮᠡᠭᠳᠡᠪᠡ᠃ | ᠡᠨᠡ ᠨᠢᠭᠡ ᠵᠢᠯ ᠳᠤ᠂ ᠪᠢᠳᠡ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠳᠤ ᠬᠦᠴᠤ ᠲᠠᠯᠪᠢᠪᠠ᠃ ︽ᠳᠥᠷᠪᠡᠨ ᠲᠡᠷᠢᠭᠦᠨ ᠤ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠪᠥᠲᠥᠭᠡᠨ ᠪᠠᠶᠢᠭᠤᠯᠤᠯᠲᠠ ᠶᠢ ᠱᠠᠲᠤ ᠱᠠᠲᠤ ᠪᠠᠷ ᠠᠬᠢᠭᠤᠯᠵᠤ᠂ 22 ᠲᠠᠯ᠎ᠠ ᠶᠢᠨ 290 ᠵᠦᠢᠯ ᠤᠨ ᠠᠷᠠᠳ ᠲᠤ | ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨᠨᠥ᠋ᠬᠦᠴᠡᠯ ᠢ ᠰᠢᠯᠢᠳᠡᠭᠵᠢᠭᠦᠯᠬᠦ | ᠠᠩᠬᠠᠳᠠᠭᠴᠢ 24 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠬᠠᠮᠲᠤ ᠪᠠᠷ ᠴᠢᠷᠮᠠᠶᠢᠨ ᠬᠠᠮᠲᠤ | ᠪᠠᠷ ᠪᠡᠶᠡᠯᠡᠭᠦᠯᠵᠦ᠂ ᠲᠠᠨ ᠤ ᠰᠠᠨᠠᠭᠠᠨ ᠳᠤ ᠬᠦᠷᠭᠡᠬᠦ︾ ᠬᠤᠳᠠᠯᠳᠤᠭ᠎ᠠ ᠡᠷᠬᠢᠯᠡᠬᠦ ᠣᠷᠴᠢᠨᠨᠥ᠋ᠬᠦᠴᠡᠯ ᠤᠨ ᠨᠠᠷᠠᠲᠤ | ᠲᠡᠮᠳᠡᠭ ᠡᠳᠦᠷ ᠢᠷᠡᠬᠦᠶ᠎ᠡ ᠬᠥᠭᠵᠢᠵᠤ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 34. | 4% ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠭᠦ᠋ᠢᠴᠡᠳ ᠠᠬᠢᠭᠤᠯᠵᠤ᠂ ᠵᠢᠷᠭᠤᠭᠠᠨ | ᠠᠵᠤ ᠦᠢᠯᠡᠰ ᠤᠨ ᠬᠡᠯᠬᠢᠶ᠎ᠡ ︵ᠪᠦᠯᠦᠭ︶ ᠶᠢ ᠵᠡᠷᠭᠡᠪᠡᠷ ᠬᠦᠴᠦᠯᠡᠵᠦ᠂ ᠶᠢᠨ ᠱᠢ᠂ ᠶᠥᠩ ᠾᠧ ᠹᠯᠣᠷ ᠤᠨ ᠬᠢᠮᠢ | ᠶᠢᠨ ᠠᠵᠤ ᠦᠢᠯᠡᠳᠪᠤᠷᠢ᠂ᠬᠦᠴᠦᠳᠠᠯ ᠥᠭᠡᠷᠡᠴᠢᠯᠡᠬᠦ ᠴᠠᠬᠢᠯᠭᠠᠨ ᠤ ᠲᠡᠭᠡᠳᠤ ᠴᠡᠪᠡᠷ ᠠᠵᠤ ᠦᠢᠯᠡᠳᠪᠤᠷᠢ ᠶᠢᠨ | ᠴᠠᠬᠢᠭᠤᠷ ᠵᠡᠷᠭᠡ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠭᠡᠷ᠎ᠡ ᠲᠣᠭᠲᠠᠭᠰᠠᠨ ᠲᠦᠷᠦᠯ | ᠵᠦᠢᠯ ᠤᠨ ᠲᠤᠭ᠎ᠠ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ ᠲᠤᠰ ᠲᠤᠰ ᠣᠨ ᠤ ᠬᠠᠷᠠᠯᠲᠠ ᠶᠢᠨ | ᠢᠶᠠᠨ 220% ᠪᠠ 198% ᠶᠢ ᠪᠡᠶᠡᠯᠡᠭᠦᠯᠪᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠂ 6 ᠬᠦᠷᠢᠶ᠎ᠡ᠂ 90 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠦᠴᠦᠲᠡᠶ | ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ | ᠡᠬᠢᠯᠡᠭᠦᠯᠦᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠲᠦᠷᠢᠮ ᠤᠨ ᠨᠡᠩ ᠪᠣᠯᠪᠠᠰᠤᠷᠠᠩᠭᠤᠶ | ᠪᠤᠯᠵᠤ ᠬᠡᠯᠪᠡᠷᠢᠵᠢᠬᠦ ᠶᠢ ᠠᠬᠢᠭᠤᠯᠪᠠ᠃ | ᠡᠨᠡ ᠨᠢᠭᠡ ᠵᠢᠯ ᠳᠤ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠪᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠶᠢ ᠭᠦᠨᠵᠡᠭᠡᠶ ᠠᠬᠢᠭᠤᠯᠵᠤ᠂ ᠪᠥᠬᠦ | ᠬᠤᠲᠠ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠠᠵᠢᠯᠯᠠᠭ᠎ᠠ | ᠶᠢᠨ ᠲᠥᠰᠦᠯ ᠢ ᠬᠠᠮᠤᠭ ᠲᠦᠷᠦᠭᠦᠨ ᠳᠤ ᠨᠡᠶᠢᠲᠡᠯᠡᠵᠦ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠰᠢᠭᠤ ᠰᠢᠶᠠᠨ ᠤ ᠲᠤᠷᠰᠢᠯᠲᠠ ᠶᠢᠨ ᠴᠡᠭ ᠪᠣᠯᠵᠣ᠂ ᠪᠠᠷᠠᠭᠤᠨ | ᠠᠵᠤ ᠦᠢᠯᠡᠳᠪᠦᠷᠢ ᠶᠢᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠲᠣᠭᠤᠷᠢᠭ ᠤᠨ ᠲᠤᠷᠰᠢᠯᠲᠠ ᠶᠢᠨ ᠴᠡᠭ ᠢᠶᠠᠷ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠨᠢᠭᠡᠳᠦᠭᠡᠷ ᠪᠦᠯᠦᠭ ᠤᠨ ᠪᠠᠷᠢᠮᠵᠢᠶ᠎ᠠ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠲᠦᠪᠯᠡᠷᠡᠭᠰᠡᠨ | ᠲᠣᠭᠤᠷᠢᠭ ᠢᠶᠠᠷ ᠦᠨᠡᠯᠡᠭᠳᠡᠪᠡ᠃ ︽ᠬᠤᠶᠠᠷ ᠶᠡᠭᠡ︾ ᠶᠢᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ | ᠡᠷᠡᠰ ᠬᠤᠷᠢᠭᠯᠠᠵᠤ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ ᠴᠥᠮ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ | ︾ ᠭᠦᠢᠴᠡᠳᠬᠡᠯ ᠲᠤᠭ᠎ᠠ ᠶᠢ ︽ᠬᠤᠶᠠᠷ ᠪᠤᠬᠢᠷᠳᠤᠯ ᠦᠭᠡᠢ︾ ᠪᠤᠯᠭᠠᠬᠤ ᠶᠢ ᠪᠠᠳᠤᠯᠠᠪᠡ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠤᠲᠤᠭ ᠪᠡᠯᠴᠢᠭᠡᠷ ᠣᠶᠢᠲᠤ | ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠵᠤ᠂ | ᠬᠤᠲᠠ ᠶᠢᠨ ᠨᠠᠮ ᠤᠨ ᠬᠤᠷᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠲᠣᠭᠤᠷᠢᠨ ᠪᠠᠶᠢᠴᠠᠭᠠᠬᠤ ᠰᠠᠨᠠᠯ ᠢ | ᠪᠥᠬᠦ ᠲᠠᠯ᠎ᠠ ᠪᠠᠷ ᠲᠤᠤᠱᠯᠠᠭᠤᠯᠪᠠ᠃ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ 63.3 ᠲᠦᠮᠡᠨ ᠮᠥ | ᠬᠡᠷᠡᠭᠵᠢᠭᠦᠯᠵᠦ᠂ ᠪᠣᠭᠤᠮᠲᠠ᠂ ᠨᠢᠰᠬᠡᠯ ᠤᠨ ᠪᠠᠭᠤᠳᠠᠯ᠂ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ | ᠪᠥᠳᠥᠭᠡᠨ ᠪᠠᠶᠢᠭᠤᠯᠬᠤ ᠣᠷᠣᠨ ᠤ 10 ᠲᠦᠮᠡᠨ ᠮᠤ᠋ ᠦᠨᠳᠦᠰᠦᠨ ᠨᠤᠲᠤᠭ ᠪᠡᠯᠴᠢᠭᠡᠷ ᠢ ᠲᠣᠬᠢᠷᠠᠭᠤᠯᠤᠨ | ᠰᠢᠯᠢᠳᠡᠭᠵᠢᠭᠦᠯᠵᠤ᠂ ᠮᠠᠨ ᠤ ᠬᠤᠰᠢᠭᠤ ᠪᠥᠬᠦ ᠣᠷᠣᠨ ᠤ ᠴᠣᠷ ᠤᠨ ᠭᠠᠭᠴᠠ ︽ᠲᠠᠪᠤᠳᠤᠭᠠᠷ ᠪᠦᠯᠦᠭ ᠤᠯᠤᠰ ᠤᠨ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠢᠶᠠᠷ ᠵᠦᠪᠰᠢᠶᠡᠷᠡᠭᠳᠡᠵᠤ᠂ | ᠠᠮᠢ ᠠᠬᠤᠶ ᠪᠠᠷ ᠬᠤᠰᠢᠭᠤ ᠪᠠᠨ ᠬᠥᠭᠵᠢᠭᠦᠯᠬᠦ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠪᠡ᠃ | ᠡᠨᠡ ᠨᠢᠭᠡ ᠵᠢᠯ ᠳᠤ ᠪᠢᠳᠡ ᠬᠥᠮᠦᠨ ᠢᠶᠠᠷ ᠭᠤᠣᠯ ᠪᠣᠯᠭᠠᠨ ᠬᠤᠳᠠ ᠬᠥᠳᠡᠭᠡ ᠶᠢᠨ ᠵᠣᠬᠢᠴᠠᠩᠭᠤᠶ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠪᠥᠬᠦ ᠬᠤᠲᠠ ᠳᠤ ᠬᠠᠮᠤᠭ ᠲᠦᠷᠦᠭᠦᠨ ᠳᠤ ᠪᠣᠬᠢᠷᠲᠤᠯ ᠥᠬᠡᠶ ᠬᠤᠲᠠ | ᠶᠢᠨ ᠪᠥᠲᠥᠭᠡᠨ ᠪᠠᠶᠢᠭᠤᠯᠤᠯᠲᠠ ᠵᠢᠰᠦ᠋ᠪᠡᠭᠴᠢᠯᠡᠵᠤ᠂ 7 ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠵᠦ᠂ ᠪᠠᠲᠤᠬᠠᠭᠠᠯᠭ᠎ᠠ ᠪᠠᠯᠭᠠᠰᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠶᠠᠳᠤᠭᠠᠷ ᠪᠦᠯᠦᠭ ᠤᠨ ᠲᠡᠤᠬᠡ ᠰᠣᠶᠣᠯ ᠤᠨ ᠨᠠᠷᠠᠲᠤ ᠪᠠᠯᠭᠠᠰᠤ︾ ᠪᠠᠷ ᠰᠣᠩᠭᠤᠭᠳᠠᠪᠠ᠃ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂2934 ᠡᠷᠦᠬᠡ ᠶᠢᠨ ᠵᠣᠷᠯᠣᠩ ᠢ | ᠥᠭᠡᠷᠡᠴᠢᠯᠡᠨ ᠵᠠᠰᠠᠵᠤ᠂ ᠰᠢᠪᠠᠷᠬᠦ᠋ᠷᠢᠶ᠎ᠡ ᠪᠠᠯᠭᠠᠰᠤᠨ ᠤ ᠰᠠᠶᠢᠬᠤᠰᠤ ᠲᠣᠰᠬᠤᠨ ︽ᠳᠤᠮᠳᠠᠳᠤ ᠤᠯᠤᠰ ᠤᠨ | ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠢᠶᠠᠷ ᠦᠨᠡᠯᠡᠭᠳᠡᠪᠡ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ᠵᠢᠱᠢᠶ᠎ᠡ | ᠦᠵᠡᠭᠦᠯᠬᠦ ᠲᠣᠰᠬᠤᠨ 10 ᠶᠢ ᠪᠥᠲᠥᠭᠡᠨ ᠪᠠᠶᠢᠭᠤᠯᠪᠡ᠃ 377 ᠺᠢᠯᠣᠮᠧᠲᠷ ᠬᠢᠯᠢ ᠶᠢᠨ ᠵᠠᠮ ᠢ ᠰᠢᠨ᠎ᠡ ᠪᠠᠷ ᠨᠡᠮᠡᠨ | ᠵᠠᠰᠠᠵᠤ᠂ ᠣᠯᠠᠨ ᠲᠦᠮᠡᠨ ᠤ ᠬᠦᠰᠡᠭᠡᠳ ᠤᠳᠠᠭᠰᠠᠨ ᠪᠠᠶᠠᠨ ᠠᠴᠠ ᠮᠢᠩᠭᠠᠨ ᠬᠥᠷᠬᠦ ᠬᠡᠰᠡᠭ ᠤᠨ ᠵᠠᠰᠠᠮᠠᠯ ᠵᠠᠮ ᠤᠨ | ᠠᠵᠢᠯ ᠢ ᠡᠬᠢᠯᠡᠭᠦᠯᠦᠨ᠂ ᠪᠠᠶᠠᠨᠬᠤᠸᠠ ᠥᠷᠲᠡᠭᠡᠨ ᠤ ᠴᠢᠩᠭᠡᠯᠢᠭ ᠤᠨ ᠲᠡᠷᠭᠡ ᠠᠴᠢᠶᠠᠯᠠᠬᠤ ᠱᠤᠭᠤᠮ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠠᠳᠤᠬᠠᠭᠠᠯᠭ᠎ᠠ ᠨᠢᠰᠬᠡᠯ ᠤᠨ ᠪᠠᠭᠤᠳᠠᠯ ᠨᠢ ᠬᠡᠷᠡᠭᠯᠡᠬᠦ ᠵᠥᠪᠰᠢᠶᠡᠷᠡᠯ | ᠤᠨ ᠦᠨᠡᠮᠯᠡᠯ ᠢ ᠣᠯᠪᠡ᠃ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠳᠤᠮᠳᠠ ᠵᠢᠵᠢᠭ ᠰᠠᠪᠠ | ᠭᠠᠵᠠᠷ ᠢ ᠵᠠᠰᠠᠬᠤ ᠵᠡᠷᠭᠡ 8 ᠢᠨᠵᠧᠨᠧᠷᠢᠩ ᠢ ᠬᠡᠷᠡᠭᠵᠢᠭᠦᠯᠵᠦ᠂ 35 ᠲᠡᠭᠰᠢ ᠳᠥᠷᠪᠡᠯᠵᠢᠨ ᠺᠢᠯᠣᠮᠧᠲᠷ ᠬᠥᠷᠥᠰᠥ | ᠰᠢᠷᠣᠶ ᠶᠢᠨ ᠢᠳᠡᠭᠳᠡᠯ ᠢ ᠵᠠᠰᠠᠪᠠ᠃ | ᠡᠨᠡ ᠨᠢᠭᠡ ᠵᠢᠯ ᠳᠤ᠂ ᠪᠢᠳᠡ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ | ᠠᠮᠢᠳᠤᠷᠠᠯ ᠤᠨ ᠪᠠᠲᠤᠯᠠᠪᠤᠷᠢ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠡᠢ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠣᠭᠤᠮᠲᠠ ᠶᠢᠨ ᠪᠢᠲᠡᠭᠦᠦ ᠡᠷᠬᠢᠯᠳᠡ ᠶᠢᠨ | ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠴᠢᠩᠭ᠎ᠠ | ᠠᠷᠭ᠎ᠠ ᠬᠡᠮᠵᠢᠶ᠎ᠡ ᠶᠢ ᠬᠡᠷᠡᠭᠵᠢᠭᠦᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠲᠠᠷᠢᠬᠤ | ᠨᠥᠬᠦᠴᠡᠯ ᠳᠤ ᠨᠡᠶᠢᠴᠡᠭᠰᠡᠨ ᠬᠦᠮᠦᠨ ᠪᠦᠬᠦᠨ ᠳᠤ ᠲᠠᠷᠢᠯᠭ᠎ᠠ ᠲᠡᠷᠢᠬᠤ ᠶᠢ ᠪᠡᠶᠡᠯᠡᠭᠦᠯᠪᠡ᠃ ᠬᠤᠲᠠ ᠬᠥᠳᠡᠭᠡ ᠶᠢᠨ | ᠰᠠᠭᠤᠷᠢ ᠨᠠᠰᠤᠵᠢᠯ ᠤᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢᠲ᠋ᠤᠰᠠᠯᠠᠵᠤ ᠠᠰᠠᠷᠠᠨ ᠲᠡᠵᠢᠭᠡᠬᠦ ᠵᠡᠷᠭᠡ | ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 1 ᠲᠦᠮᠡ ᠭᠠᠷᠤᠶ ᠮᠠᠯᠴᠢᠨ ᠲᠠᠷᠢᠶᠠᠴᠢᠨ ᠡᠷᠦᠬᠡ ᠳᠤ | ᠡᠷᠦᠬᠡ ᠪᠦᠷᠢ ᠳᠤ 2 ᠲᠣᠨ ᠠᠴᠠ ᠳᠣᠤᠷ᠎ᠠ ᠥᠬᠡᠶ ᠡᠩ ᠤᠨ ᠦᠨ᠎ᠡ ᠶᠢᠨ ᠨᠡᠭᠦᠷᠡᠰᠦ ᠬᠠᠩᠭᠠᠪᠠ᠃ ᠠᠵᠢᠯ | ᠣᠯᠭᠤᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠳᠠ ᠪᠠᠯᠭᠠᠰᠤᠨ ᠳᠤ | 1409 ᠬᠥᠮᠦᠨ ᠳᠤ ᠰᠢᠨ᠎ᠡ ᠪᠠᠷ ᠠᠵᠢᠯ ᠣᠯᠭᠤᠪᠠ᠃ ︽ᠬᠤᠶᠠᠷ ᠢ ᠬᠥᠩᠭᠡᠯᠡᠬᠦ︾ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠨᠠᠶᠢᠳᠠᠪᠤᠷᠢᠵᠢᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠰᠤᠩᠭᠤᠨ ᠪᠠᠶᠢᠴᠠᠭᠠᠵᠤ ᠬᠢᠨᠠᠨ ᠬᠡᠮᠵᠢᠬᠦ ᠶᠢ ᠤᠷᠤᠭᠰᠢᠲᠠᠶ ᠥᠩᠭᠡᠷᠡᠭᠦᠯᠪᠡ᠃ ᠦᠨᠳᠦᠰᠦᠲᠡᠨ ᠤ ᠠᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠠᠳᠢᠶ᠎ᠠ ᠨᠥᠬᠦᠷ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ︽ᠬᠠᠮᠤᠭ ᠤᠨ | ᠭᠤᠶᠤ ᠴᠡᠷᠢᠭ ᠢᠶᠠᠨ ᠬᠦᠷᠢᠶᠡᠯᠡᠭᠴᠢ ᠬᠥᠮᠦᠰ︾ ᠤᠨ ᠢᠷᠠᠭᠤ ᠠᠯᠳᠠᠷ ᠢ ᠬᠦᠷᠳᠡᠪᠡ᠃ ᠨᠡᠶᠢᠭᠡᠮ ᠤᠨ ᠵᠠᠰᠠᠯᠲᠠ ᠶᠢ | ᠴᠢᠩᠭᠠᠳᠬᠠᠬᠵᠤ᠂ ᠲᠦᠪ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠪᠠ ᠲᠦᠪ ᠤᠨ ᠬᠤᠯᠪᠤᠭᠠᠯᠠᠨ ᠭᠦᠢᠴᠡᠳᠬᠡᠬᠦ | ᠠᠯᠪᠠᠨ ᠭᠡᠷ ᠠᠴᠠ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦᠨ ᠢ | ᠪᠦᠲᠦᠮᠵᠢᠲᠡᠶ ᠪᠠᠷ ᠰᠢᠢᠳᠪᠦᠷᠢᠯᠡᠵᠦ᠂ ᠤᠰᠤᠨ ᠰᠤᠪᠤᠷᠭ᠎ᠠ ᠵᠡᠭᠡᠯᠢ᠂ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ | ︽ᠥᠪᠡᠷᠲᠡᠭᠡᠨ ᠵᠠᠰᠠᠬᠤ ᠣᠷᠣᠨ ᠤ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ | ᠤᠨ ᠢᠷᠠᠭᠤ ᠠᠯᠳᠠᠷ ᠢ ᠭᠥᠷᠳᠡᠪᠡ᠃ | ᠲᠥᠯᠥᠭᠡᠯᠡᠭᠴᠢᠳ ᠡ︕ | ᠲᠠᠪᠤᠨ ᠵᠢᠯ ᠤᠨ ᠲᠤᠷᠰᠢᠬᠢ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠪᠢᠳᠡᠠᠮᠵᠢᠯᠲᠠ ᠪᠦᠲᠦᠮᠵᠢ | ᠶᠢ ᠬᠢᠯᠪᠠᠷ ᠪᠤᠰᠤ ᠪᠠᠷ ᠤᠯᠵᠤ᠂ ᠬᠥᠭᠵᠢᠯᠳᠡ ᠨᠢ ᠢᠳᠡᠭᠡᠯ ᠵᠤᠷᠢᠭ ᠢ ᠬᠥᠪᠴᠢᠯᠡᠭᠰᠡᠨ ᠶᠤᠮ᠃ᠪᠢᠳᠡᠨ ᠤ ᠶᠠᠪᠤᠵᠤ | ᠢᠷᠡᠭᠰᠡᠨ ᠠᠯᠬᠤᠮ ᠨᠢᠭᠡᠪᠦᠷᠢ ᠴᠥᠮ ᠬᠢᠯᠪᠠᠷ ᠪᠤᠰᠤ ᠪᠠᠶᠢᠵᠤ᠂ ᠬᠥᠮᠦᠨ ᠪᠦᠬᠦᠨ ᠬᠦᠴᠦ ᠪᠠᠨᠭᠠᠷᠭᠠᠵᠤ᠂ ᠬᠥᠮᠦᠨ | ᠪᠦᠬᠦᠨ ᠬᠦᠴᠢᠷ ᠢ ᠲᠤᠭᠤᠯᠤᠭᠰᠠᠨ ᠶᠤᠮ︕ ᠢᠯᠠᠩᠭᠤᠶ᠎ᠠ ᠡᠷᠬᠢᠮ ᠨᠠᠨᠳᠢᠨ ᠵᠦᠢᠯ ᠭᠡᠪᠡᠯ᠂ 2018 ᠣᠨ ᠳᠤ | ᠭᠡᠨᠡᠳᠲᠡ ᠡᠭᠦᠰᠦᠭᠰᠡᠨ ᠣᠨᠴᠠ ᠶᠡᠭᠡ ᠦᠶᠡᠷ ᠤᠨ ᠭᠠᠮᠰᠢᠭ ᠤᠨ ᠡᠮᠦᠨ᠎ᠡ᠂ 2019 ᠣᠨ ᠳᠤ ᠭᠡᠨᠡᠳᠲᠡ | ᠡᠭᠦᠰᠦᠭᠰᠡᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠪᠠ 2020 ᠣᠨ ᠳᠤ ᠭᠡᠨᠡᠳᠲᠡ ᠡᠭᠦᠰᠦᠭᠰᠡᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠬᠤᠰᠢᠭᠤᠨ ᠤ ᠥᠷᠭᠡᠨ ᠣᠯᠠᠨ | ᠨᠠᠮ ᠤᠨ ᠭᠡᠰᠢᠭᠦᠨ᠂ ᠺᠠᠳ᠋ᠷᠴᠤᠳ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠰᠡᠳᠬᠢᠯ ᠰᠠᠨᠠᠭ᠎ᠠ ᠪᠠᠨ ᠬᠠᠮᠲᠤ ᠶᠢᠨ ᠴᠢᠭᠯᠡᠯ ᠢᠶᠠᠨ ᠨᠢᠭᠡᠳᠬᠡᠨ᠂ᠦᠶᠡᠷ ᠢ ᠰᠡᠷᠭᠡᠶᠢᠯᠡᠬᠦ ᠬᠢᠵᠢᠭ ᠢ | ᠡᠰᠡᠷᠭᠦᠴᠡᠬᠦ ︽ᠪᠣᠯᠣᠳ ᠬᠡᠷᠡᠮ︾ ᠢ ᠦᠳᠲᠡᠷ ᠲᠦᠷᠭᠡᠨ ᠪᠠᠶᠢᠭᠤᠯᠵᠤ᠂ ᠬᠦᠴᠦ ᠪᠠᠨ ᠬᠠᠮᠲᠤᠳᠬᠠᠨ᠂ ᠴᠢᠩᠭ᠎ᠠ | ᠰᠡᠷᠭᠡᠶᠢᠯᠡᠨ ᠰᠠᠬᠢᠵᠤ᠂ ᠭᠠᠮᠰᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ | ᠳᠠᠷᠬᠠᠨ ᠮᠤᠤᠮᠢᠩᠭᠠᠨ ᠤ ᠵᠣᠷᠢᠭ ᠰᠠᠨᠠᠭ᠎ᠠ᠂ ᠳᠠᠷᠬᠠᠨ ᠮᠤᠤᠮᠢᠩᠭᠠᠨ ᠤ ᠬᠦᠴᠦᠨ ᠴᠢᠳᠠᠯ᠂ ᠳᠠᠷᠬᠠᠨ ᠮᠤᠤᠮᠢᠩᠭᠠᠨ ᠤ | ᠬᠠᠷᠢᠭᠤᠴᠠᠯᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠦᠢᠯᠡᠳᠦᠯᠭᠡ ᠭᠡᠷᠡᠴᠢᠯᠡᠭᠰᠡᠨ ᠨᠢ᠂ ᠵᠠᠩᠭᠢᠯᠠᠭ᠎ᠠ ᠶᠢᠨ | ᠦᠶ᠎ᠡ ᠳᠤ ᠮᠠᠨ ᠤ ᠬᠤᠰᠢᠭᠤᠨ ᠤ ᠺᠠᠳ᠋ᠷᠴᠤᠳ ᠢ ᠬᠡᠷᠡᠭᠯᠡᠵᠤ ᠳᠡᠶᠢᠯᠬᠦ᠂ ᠤᠷᠤᠭᠰᠢᠯᠠᠭᠤᠯᠵᠤ ᠳᠡᠶᠢᠯᠬᠦ᠂ ᠲᠡᠮᠡᠴᠡᠵᠤ | ᠳᠡᠶᠢᠯᠬᠦ᠂ ᠳᠦᠰᠢᠵᠤ ᠳᠡᠶᠢᠯᠦᠨ᠎ᠡ ᠭᠡᠳᠡᠭ ᠢ ᠦᠵᠡᠭᠦᠯᠵᠤ᠂ ᠦᠨᠡᠨᠴᠢ ᠰᠢᠳᠤᠷᠭᠤ ᠪᠠᠷ ᠠᠷᠠᠳ ᠤᠨ ᠲᠥᠯᠥᠭᠡ | ᠬᠠᠷᠢᠭᠤᠴᠠᠯᠭ᠎ᠠ ᠡᠭᠦᠷᠭᠡᠯᠡᠬᠦ ᠬᠦᠴᠦᠷᠬᠡᠭ ᠶᠡᠭᠡ ᠡᠩᠨᠡᠭᠡ ᠭᠡᠳᠡᠭ ᠢ ᠬᠠᠷᠠᠭᠤᠯᠪᠠ︔ ᠳᠠᠷᠬᠠᠨ ᠮᠤᠤᠮᠢᠩᠭᠠᠨ ᠤ ᠠᠷᠠᠳ | ᠲᠦᠮᠡᠨ ᠶᠡᠭᠡ ᠶᠣᠰᠣ ᠶᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠵᠤ᠂ ᠪᠦᠯᠬᠦᠮᠳᠡᠯ ᠢ ᠡᠷᠬᠢᠮᠯᠡᠵᠦ᠂ ᠳᠤᠷᠠᠲᠠᠶ᠎ᠠ | ᠬᠤᠪᠢ ᠨᠡᠮᠡᠷᠢ ᠦᠵᠡᠭᠦᠯᠳᠡᠭ ᠪᠠᠭᠠᠲᠤᠷᠯᠢᠭ ᠠᠷᠠᠳ ᠲᠦᠮᠡᠨ ᠮᠥᠨ︕ ᠡᠨᠡ ᠪᠣᠯ ᠪᠢᠳᠡᠨ ᠤ ᠠᠵᠢᠯ ᠦᠢᠯᠡᠰ | ᠪᠦᠲᠦᠭᠡᠬᠦᠵᠤᠷᠢᠭ ᠰᠠᠨᠠᠭ᠎ᠠ᠂ ᠠᠵᠢᠯ ᠦᠢᠯᠡᠰ ᠪᠦᠲᠦᠭᠡᠵᠦ ᠳᠡᠶᠢᠯᠬᠦ ᠦᠨᠳᠦᠰᠦᠨ ᠬᠦᠴᠦᠨ ᠴᠢᠳᠠᠯ ᠮᠥᠨ᠂ ᠪᠢᠳᠡᠨ | ᠳᠤ ᠳᠠᠷᠬᠠᠨ ᠮᠤᠤᠮᠢᠩᠭᠠᠨ ᠤ ᠠᠵᠢᠯ ᠢ ᠨᠡᠩ ᠰᠠᠶᠢᠨ ᠬᠢᠵᠦ᠂ ᠠᠷᠠᠳ ᠲᠦᠮᠡᠨ ᠳᠤ ᠨᠡᠩ ᠤᠯᠠᠨ ᠪᠤᠶᠠᠨ ᠬᠡᠰᠢᠭ | ᠬᠦᠷᠲᠡᠭᠡᠵᠦ᠂ ᠤᠯᠤᠰ ᠣᠷᠣᠨ ᠳᠠᠭᠠᠨ ᠨᠡᠩ ᠶᠡᠭᠡ ᠬᠤᠪᠢ ᠨᠡᠮᠡᠷᠢ ᠦᠵᠡᠭᠦᠯᠬᠦ ᠢᠲᠡᠭᠡᠯ ᠵᠣᠷᠢᠭ ᠪᠠ ᠴᠢᠳᠠᠪᠤᠷᠢ | ᠪᠦᠷᠢᠨ ᠪᠠᠶᠢᠨ᠎ᠠ︕ | ᠲᠥᠯᠥᠭᠡᠯᠡᠭᠴᠢᠳ ᠡ︕ | ᠥᠩᠭᠡᠷᠡᠭᠰᠡᠨ ᠲᠠᠪᠤᠨ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠬᠤᠰᠢᠭᠤᠨ ᠤ ᠨᠠᠮ ᠤᠨ ᠬᠤᠷᠢᠶ᠎ᠠ | ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠩᠭᠡᠷᠡᠭᠰᠡᠨ ᠤ ᠬᠤᠭᠤᠴᠠᠭ᠎ᠠ ᠪᠦᠷᠢ | ᠵᠢᠨᠬᠤᠰᠢᠭᠤ ᠵᠠᠰᠠᠭ ᠤᠨ ᠣᠷᠳᠣᠨ ᠤ ᠦᠷᠭᠦᠯᠵᠢᠯᠡᠨ ᠴᠢᠷᠮᠠᠶᠢᠨ ᠲᠡᠮᠡᠴᠡᠭᠰᠡᠨ ᠪᠠ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ | ᠳ᠋ᠦᠩ ᠮᠥᠨ᠂ ᠨᠠᠩ ᠴᠤ ᠪᠥᠬᠦ ᠬᠤᠰᠢᠭᠤᠨ ᠤ ᠠᠷᠠᠳ ᠲᠦᠮᠡᠨ ᠤ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ | ᠮᠥᠨ︕ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠦᠲᠦᠭᠡᠨ | ᠪᠠᠶᠢᠭᠤᠯᠤᠯᠲᠠ ᠪᠠ ᠬᠦᠭᠵᠢᠯᠲᠠ ᠳᠤ ᠬᠤᠪᠢ ᠨᠡᠮᠡᠷᠢ ᠭᠠᠷᠭᠠᠭᠰᠠᠨ ᠪᠦᠬᠦᠶᠢᠯᠡ ᠨᠠᠶᠢᠵᠠ ᠨᠥᠬᠦᠳ ᠲᠤ ᠪᠠᠨ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠤᠳᠬᠡᠯ ᠢᠶᠠᠨ ᠳᠡᠪᠰᠢᠭᠦᠯᠦᠶ᠎ᠡ︕ | ᠲᠠᠪᠤᠨ ᠵᠢᠯ ᠤᠨ ᠲᠤᠷᠰᠢᠬᠢ ᠠᠮᠵᠢᠯᠲᠠ ᠤᠯᠤᠭᠰᠠᠨ ᠦᠢᠯᠡᠳᠦᠯᠭᠡ ᠪᠠᠨ ᠳ᠋ᠦᠩᠨᠡᠪᠡᠯ᠄ ᠳᠠᠷᠬᠠᠨ ᠮᠤᠤᠮᠢᠩᠭᠠᠨ | ᠤ ᠠᠵᠢᠯ ᠢ ᠰᠠᠶᠢᠲᠤᠷ ᠬᠢᠬᠦ ᠳᠤ᠂ ᠡᠷᠬᠡᠪᠰᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠦᠢᠯᠡᠰ ᠤᠨ ᠢᠮᠠᠭᠲᠠ ᠵᠥᠪ ᠤᠯᠤᠰ ᠲᠦᠷᠦ ᠶᠢᠨ | ᠴᠢᠭᠯᠡᠯ ᠢᠶᠠᠷ ᠲᠤᠮᠤ ᠠᠯᠬᠤᠮ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠡᠷᠬᠡᠪᠰᠢ ᠬᠥᠭᠵᠢᠭᠦᠯᠬᠦ ᠶᠢ | ᠲᠡᠷᠢᠭᠦᠨ ᠴᠢᠬᠤᠯᠠ ᠡᠭᠦᠷᠭᠡ ᠪᠤᠯᠭᠠᠬᠤ ᠶᠢ ᠭᠤᠶᠢᠪᠢᠰᠢ ᠦᠭᠡᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠬᠦ ᠲᠠᠯ᠎ᠠ ᠪᠠᠷ ᠤᠨᠤᠪᠴᠢᠳᠠᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ | ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ︔ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠬᠡᠪ ᠴᠢᠨᠠᠷ | ᠢ ᠬᠦᠴᠦᠯᠡᠨ ᠰᠠᠶᠢᠵᠢᠷᠠᠭᠤᠯᠵᠤ᠂ ᠪᠦᠬᠦ ᠠᠷᠠᠳ ᠲᠦᠮᠡᠨ ᠤ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ | ᠬᠡᠷᠡᠭᠲᠡᠢ︔ ᠡᠷᠬᠡᠪᠰᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ | ᠬᠡᠷᠡᠭᠲᠠᠢ︔ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ | ᠥᠷᠭᠡᠳᠬᠡᠵᠦ᠂ ᠴᠠᠭ ᠢ ᠠᠮᠵᠢᠨ᠂ ᠰᠢᠭᠤᠷᠬᠠᠶᠢᠯᠠᠨ ᠠᠵᠢᠯᠯᠠᠵᠤ᠂ ᠲᠡᠷᠢᠭᠦᠨ ᠤ ᠬᠢ ᠶᠢ ᠲᠡᠮᠡᠴᠡᠨ ᠤᠯᠬᠤ ᠴᠤᠭ | ᠰᠦᠯᠳᠡ ᠪᠠᠷ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠳᠡᠭᠡᠷᠡᠬᠢ | ᠣᠶᠢᠯᠠᠭᠠᠯᠲᠠ ᠪᠣᠯ ᠲᠦᠢᠯ ᠤᠨ ᠡᠷᠬᠢᠮ ᠨᠠᠨᠳᠢᠨ ᠶᠤᠮ᠂ ᠪᠢᠳᠡ ᠦᠷᠭᠦᠯᠵᠢᠯᠡᠨ ᠦᠢᠯᠡᠳᠦᠯᠭᠡᠵᠢᠭᠦᠯᠵᠦ᠂ | ᠪᠠᠳᠠᠷᠠᠭᠤᠯᠤᠨ ᠳᠡᠯᠭᠡᠷᠡᠭᠦᠯᠦᠨ᠎ᠡ᠃ | ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠤ᠂ ᠮᠠᠨ ᠤ ᠬᠤᠰᠢᠭᠤᠨ ᠤ ᠬᠥᠭᠵᠢᠯᠲᠡ ᠶᠢᠨ | ᠳᠤᠮᠳᠠᠬᠢ ᠲᠡᠩᠴᠡᠭᠦᠷᠢ ᠥᠬᠡᠶ ᠭᠦᠢᠴᠡᠳ ᠥᠬᠡᠶ ᠠᠰᠠᠭᠤᠳᠠᠯ ᠮᠥᠨ ᠯᠡ ᠲᠣᠪᠤᠶᠢᠮ᠎ᠠ ᠪᠠᠶᠢᠵᠤ᠂ ᠲᠠᠷᠢᠶᠠᠯᠠᠩ ᠮᠠᠯ | ᠠᠵᠤ ᠠᠬᠤᠶ ︽ᠪᠠᠭ᠎ᠠ᠂ ᠲᠠᠷᠠᠬᠠᠶ᠂ ᠪᠠᠭᠤᠷᠠᠶ︾᠂ ᠬᠡᠪᠴᠢᠶᠡᠵᠢᠭᠰᠡᠨ᠂ ᠡᠷᠴᠢᠮᠵᠢᠭᠰᠡᠨ᠂ᠵᠠᠬ᠎ᠠ ᠳᠡᠯᠭᠡᠭᠦᠷᠵᠢᠭᠰᠡᠨ | ᠬᠡᠮᠵᠢᠶ᠎ᠡ ᠳᠣᠤᠷ᠎ᠠ ᠪᠠᠶᠢᠨ᠎ᠡ᠃ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠣᠬᠤᠷ᠂ ᠦᠢᠯᠡᠳᠬᠦᠨ ᠤ | ᠨᠡᠮᠡᠯᠲᠡ ᠥᠷᠲᠡᠭ ᠳᠣᠤᠷ᠎ᠠ ᠪᠠᠶᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ︽ᠰᠢᠯᠢᠳᠡᠭ︾ | ᠢ ᠲᠦᠪᠯᠡᠷᠡᠭᠦᠯᠵᠤ ︽ᠬᠦᠴᠦᠷᠭᠡᠭ︾ ᠢ ᠪᠦᠷᠢᠯᠳᠤᠭᠦᠯᠵᠤ ᠳᠡᠶᠢᠯᠦᠭᠡ ᠦᠭᠡᠢ︔ ᠵᠤᠭᠠᠴᠠᠯ᠂ ᠬᠢᠯᠢ ᠶᠢᠨ ᠪᠣᠭᠤᠮᠲᠠ | ᠪᠠᠷ ᠭᠤᠣᠯ ᠪᠣᠯᠭᠠᠭᠰᠠᠨ ᠦᠢᠯᠡᠴᠢᠯᠡᠭᠡᠨ ᠤ ᠦᠢᠯᠡᠰ ᠬᠠᠷᠠᠬᠠᠨ ᠬᠥᠭᠵᠢᠵᠤ ᠳᠡᠶᠢᠯᠦᠭᠡ ᠦᠭᠡᠢ᠂ ᠰᠣᠶᠣᠯ ᠵᠤᠭᠠᠴᠠᠯ | ᠤᠨ ᠠᠭᠤᠰᠤᠯᠴᠠᠯ᠂ ᠬᠢᠯᠢ ᠶᠢᠨ ᠪᠣᠭᠤᠮᠲᠠ ᠶᠢᠨ ᠠᠵᠤ ᠠᠬᠤᠢ ᠳᠣᠣᠷ᠎ᠠ ᠲᠦᠪᠰᠢᠨ ᠳᠤ ᠵᠣᠭᠰᠣᠩᠭᠤᠶᠢᠷᠠᠬᠰᠠᠭᠠᠷ | ᠪᠠᠶᠢᠨ᠎ᠡ᠃ ᠲᠦᠷᠦᠯ ᠵᠦᠢᠯ ᠤᠨ ᠲᠥᠯᠥᠪᠵᠢᠭᠦᠯᠭᠡ ᠶᠢᠨ ᠶᠠᠰᠤ ᠴᠢᠨᠠᠷ ᠥᠨᠳᠥᠷ ᠪᠢᠰᠢ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢᠨ ᠭᠤᠤᠯᠳᠠᠯᠭ᠎ᠠ ᠪᠠ ᠴᠢᠭᠯᠡᠯ ᠲᠣᠳᠣᠷᠬᠠᠢ ᠦᠭᠡᠢ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠲᠡᠷᠢᠭᠦᠨ ᠤ ᠪᠠᠷᠢᠮᠵᠢᠶ᠎ᠠ ᠳᠤ ᠬᠦᠷᠬᠦ ᠲᠠᠯ᠎ᠠ ᠪᠠᠷ ᠪᠠᠰᠠᠨᠡᠯᠢᠶᠡᠳ ᠵᠦᠷᠢᠶ᠎ᠡ ᠲᠠᠢ ᠪᠠᠶᠢᠭᠰᠠᠭᠠᠷ᠃ ᠡᠳ᠋ ᠤᠨ | ᠵᠠᠰᠠᠭ ᠤᠨ ᠣᠷᠣᠯᠭ᠎ᠠ ᠶᠢᠨ ᠶᠠᠰᠤ ᠴᠢᠨᠠᠷ ᠥᠨᠳᠥᠷ ᠪᠢᠰᠢ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ᠂ | ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠣᠷᠴᠢᠨ ᠨᠥᠬᠦᠴᠡᠯ ᠤᠨ ᠰᠠᠭᠤᠷᠢ ᠪᠠᠰᠠ ᠪᠠᠲᠤ ᠪᠠᠬᠢ ᠪᠢᠰᠢ ᠪᠠᠶᠢᠵᠤ᠂ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠬᠢᠭᠡᠳ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠡᠭᠦᠷᠭᠡ ᠬᠠᠲᠠᠭᠤ | ᠪᠡᠷᠬᠡ ᠪᠥᠭᠡᠳ ᠬᠦᠨᠳᠦ ᠪᠡᠷᠭᠡᠰᠢᠶᠡᠯ ᠲᠠᠢ ᠪᠠᠶᠢᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠰᠠᠭᠤᠷᠢ ᠨᠢᠮᠭᠡᠨ᠂ ᠥᠷᠢ ᠰᠢᠷᠢ ᠨᠡᠯᠢᠶᠡᠳ ᠤᠯᠠᠨ ᠪᠠᠶᠢᠵᠤ᠂ ᠤᠯᠠᠨ ᠲᠦᠮᠡᠨ ᠰᠤᠷᠭᠠᠨ ᠬᠥᠮᠦᠵᠢᠯ᠂ ᠡᠮ ᠡᠮᠨᠡᠯᠭᠡ᠂ | ᠠᠵᠢᠯ ᠤᠯᠭᠤᠯᠳᠠ ᠵᠡᠷᠭᠡ ᠲᠠᠯ᠎ᠠ ᠪᠠᠷ ᠪᠠᠰᠠ ᠬᠠᠨᠤᠮᠵᠢ ᠦᠭᠡᠢ ᠪᠠᠶᠢᠨ᠎ᠡ᠃ᠬᠡᠰᠡᠭ ᠺᠠᠳ᠋ᠷ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠰᠤᠷᠤᠯᠴᠠᠬᠤ ᠪᠠᠷ ᠬᠦᠷᠦᠯᠴᠡᠬᠦ ᠦᠭᠡᠢ᠂ ᠬᠥᠭᠵᠢᠯᠲᠡ ᠶᠢ ᠡᠷᠢᠯᠬᠢᠯᠡᠬᠦ᠂ ᠠᠵᠢᠯ ᠢ ᠠᠳᠬᠤᠬᠤ᠂ | ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠡᠳᠬᠢᠬᠦᠢ ᠪᠠ ᠦᠢᠯᠡ ᠠᠵᠢᠯᠯᠠᠭ᠎ᠠ ᠨᠢ ᠬᠡᠪᠰᠢᠮᠡᠯ ᠪᠠᠶᠢᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠴᠤᠭ ᠰᠦᠯᠳᠡ ᠦᠭᠡᠢ᠂ ᠠᠵᠢᠯ ᠤᠨ | ᠨᠠᠶᠢᠳᠠᠪᠤᠷᠢᠵᠢᠭᠤᠯᠤᠯᠲᠠ ᠪᠠ ᠰᠤᠷᠲᠠᠯ ᠤᠨ ᠬᠤᠪᠢᠷᠠᠭᠤᠯᠤᠯᠲᠠ ᠪᠠᠰᠠ ᠭᠦᠢᠴᠡᠳ ᠦᠭᠡᠢ ᠪᠠᠶᠢᠭᠰᠠᠭᠠᠷ᠃ ᠡᠲᠡᠭᠡᠷ | ᠠᠰᠠᠭᠤᠳᠠᠯ ᠪᠣᠯ ᠴᠥᠮ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ | ᠰᠠᠭᠠᠳ ᠲᠣᠳᠬᠠᠷ︾ ᠮᠥᠨ᠂ ᠪᠢᠳᠡ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠲᠡᠮᠡᠴᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠢᠳᠪᠦᠷᠢᠯᠡᠬᠦ ᠶᠣᠰᠣᠲᠠᠶ ᠠᠰᠠᠭᠤᠳᠠᠯ ᠢ ᠡᠷᠬᠡᠪᠰᠢ ᠰᠢᠢᠳᠪᠦᠷᠢᠯᠡᠨ᠎ᠡ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ | ᠪᠠ ᠭᠤᠣᠯ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠤ ᠠᠩᠬᠠᠨ ᠤ ᠲᠠᠪᠤᠨ ᠵᠢᠯ ᠪᠣᠯᠤᠨ᠎ᠠ᠂ ᠮᠥᠨᠴᠦ ᠣᠳᠣᠬᠢᠴᠢᠯᠠᠯᠲᠠ ᠶᠢᠨ | ᠰᠢᠨ᠎ᠡ ᠳᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠵᠠᠩᠭᠢᠯᠠᠭ᠎ᠠ ᠶᠢᠨ ᠲᠠᠪᠤᠨ ᠵᠢᠯ | ᠪᠣᠯᠤᠨ᠎ᠠ᠃ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠠᠬᠢ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ | ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠪᠣᠯᠤᠨ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ | ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠪᠦᠬᠦ ᠠᠷᠠᠳ ᠲᠦᠮᠡᠨ ᠤ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ | ᠪᠠᠷ ᠬᠠᠷᠠᠯᠲᠠ ᠪᠣᠯᠭᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠤᠯᠤᠨ ᠨᠡᠭᠡᠭᠡᠯᠲᠡᠲᠦ ᠬᠥᠭᠵᠢᠯᠲᠡ | ᠶᠢ ᠪᠠᠷᠢᠮᠲᠠᠯᠠᠵᠤ᠂ ︽ᠭᠤᠷᠪᠠᠨ ᠶᠡᠭᠡ ᠳᠠᠪᠠᠭᠤᠯᠢᠭ︾ ᠲᠤ ᠰᠠᠭᠤᠷᠢᠯᠠᠵᠤ᠂ ︽ᠭᠤᠷᠪᠠᠨ ᠶᠡᠭᠡ ᠪᠠᠶᠢᠯᠳᠤᠬᠤ | ᠪᠤᠳᠤᠯᠭ᠎ᠠ︾ ᠶᠢ ᠬᠡᠷᠡᠭᠵᠢᠭᠦᠯᠵᠦ᠂ ︽ᠭᠤᠷᠪᠠᠨ ᠶᠡᠭᠡ ᠠᠴᠢᠶᠠᠯᠠᠪᠤᠷᠢ︾ ᠶᠢ ᠴᠣᠭᠴᠠᠯᠠᠵᠤ᠂ ︽ᠭᠤᠷᠪᠠᠨ ᠦᠢᠯᠡᠰ | ᠤᠨ ᠠᠭᠤᠰᠤᠯᠴᠠᠯ︾ ᠢ ᠠᠬᠢᠭᠤᠯᠵᠤ᠂ ︽ᠭᠤᠷᠪᠠᠨ ᠳᠡᠭᠡᠭᠰᠢᠯᠡᠯᠲᠡ︾ ᠶᠢ ᠭᠦᠨᠵᠡᠭᠡᠶᠢᠷᠡᠭᠦᠯᠵᠦ᠂ ︽ᠭᠤᠷᠪᠠᠨ ᠶᠡᠭᠡ | ᠬᠠᠷᠢᠭᠤᠴᠠᠯᠭ᠎ᠠ︾ ᠶᠢ ᠪᠠᠲᠤ ᠡᠭᠦᠷᠭᠡᠯᠡᠵᠦ᠂ ᠠᠮᠢ ᠠᠬᠤᠢ᠂ ᠠᠮᠢᠵᠢᠷᠠᠯ ᠤᠨ ᠬᠦᠴᠦᠨ᠂ ᠠᠮᠤᠷ ᠠᠮᠤᠭᠤᠯᠠᠩ᠂ ᠡᠶ᠎ᠡ | ᠵᠣᠬᠢᠴᠠᠩᠭᠤᠢ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ | ᠢ ᠴᠢᠷᠮᠠᠶᠢᠨ ᠴᠣᠭᠴᠠᠯᠠᠨ᠎ᠠ᠃ | ᠡᠨᠡ ᠬᠦ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠳᠣᠤᠷᠠᠬᠢ ᠮᠡᠲᠦ ᠬᠥᠭᠵᠢᠯᠲᠡ ᠶᠢᠨ ᠬᠠᠷᠠᠯᠲᠠ ᠶᠢ | ᠲᠦᠷᠭᠡᠳᠬᠡᠨ ᠪᠡᠶᠡᠯᠡᠭᠦᠯᠦᠨ᠎ᠡ᠄ | — ᠠᠵᠤ ᠠᠬᠤᠶ ᠶᠢᠨ ᠨᠡᠮᠡᠭᠳᠡᠯ ᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠭᠤᠤᠯ ᠪᠣᠯᠬᠤ ᠠᠵᠤ | ᠠᠬᠤᠶ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠥᠬᠦ ᠣᠷᠣᠨ᠂ ᠪᠥᠬᠦ ᠬᠤᠲᠠ ᠶᠢᠨ ᠳᠤᠮᠳᠠᠴᠢ | ᠬᠢᠷᠢ ᠲᠦᠪᠰᠢᠨ ᠠᠴᠠ ᠥᠨᠳᠥᠷ ᠪᠠᠶᠢᠯᠭᠠᠵᠤ᠂ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠤ ᠵᠢᠯ ᠳᠤᠮᠳᠠᠴᠢ ᠶᠢᠨ ᠨᠡᠮᠡᠭᠳᠡᠯ ᠤᠨ ᠬᠢᠷᠢ ᠲᠦᠪᠰᠢᠨ ᠠᠴᠠ ᠥᠨᠳᠥᠷ ᠪᠠᠶᠢᠯᠭᠠᠨ᠎ᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠬᠤᠳᠠ ᠶᠢᠨ ᠲᠡᠷᠢᠭᠦᠨ | ᠳᠤ ᠤᠷᠤᠭᠤᠯᠬᠤ ᠪᠠᠷ ᠴᠢᠷᠮᠠᠶᠢᠨ᠎ᠡ᠃ | — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠨ ᠰᠢᠨ᠎ᠡ ᠦᠰᠦᠷᠦᠯᠲᠡ ᠶᠢ ᠪᠡᠶᠡᠯᠡᠭᠦᠯᠦᠨ᠎ᠡ᠃ | ᠣᠲᠣ ᠦᠶ᠎ᠡ ᠶᠢᠨ ᠡᠨᠧᠷᠭᠢ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ ᠤ ᠠᠵᠤ ᠦᠢᠯᠡᠰ | ᠤᠨ ᠬᠡᠯᠬᠢᠶ᠎ᠡ ᠪᠠ ᠪᠥᠬᠦᠤᠷᠤᠨ ᠪᠦᠰᠠ ᠶᠢᠨ ᠵᠢᠭᠤᠯᠴᠢᠯᠠᠯ᠂ ᠪᠣᠭᠤᠮᠲᠠ ᠶᠢᠨ ᠠᠵᠤ ᠠᠬᠤᠶ ᠶᠢᠨ ᠠᠵᠤ ᠦᠢᠯᠡᠰ ᠤᠨ | ᠪᠦᠭᠡᠮᠨᠡᠷᠡᠯ ᠢ ᠲᠦᠷᠭᠡᠳᠬᠡᠨ ᠪᠣᠶ ᠪᠣᠯᠭᠠᠵᠤ᠂ ᠡᠨᠧᠷᠭᠢ᠂ ᠪᠣᠭᠤᠮᠲᠠ᠂ ᠬᠦᠷᠢᠶᠡᠯᠡᠩ ᠲᠣᠭᠤᠷᠢᠭ ᠢᠶᠠᠷ ᠭᠤᠤᠯ | ᠠᠴᠢᠶᠠᠯᠠᠪᠤᠷᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠠᠩᠬ᠎ᠠ ᠠᠯᠬᠤᠮ | ᠬᠡᠪᠴᠢᠶᠡᠵᠢᠭᠦᠯᠦᠨ᠎ᠡ᠃ | — ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠪᠠᠷ ᠭᠤᠤᠯ ᠪᠣᠯᠭᠠᠵᠤ᠂ ᠠᠭᠤᠯᠠ ᠤᠰᠤ ᠣᠶ ᠰᠢᠭᠤᠶ | ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ | ᠨᠢᠭᠡᠳᠦᠯᠲᠡᠶ ᠲᠥᠯᠥᠪᠯᠡᠬᠦ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | — ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ | ᠤᠨ ᠥᠮᠴᠢᠯᠡᠯ ᠤᠨ ᠠᠵᠤ ᠠᠬᠤᠶᠢᠯᠠᠯ᠂ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ | ᠥᠭᠡᠷᠡᠴᠢᠯᠡᠯᠲᠡ ᠶᠢ ᠤᠷᠢᠳ ᠢᠶᠠᠷ ᠰᠢᠪᠲᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠳᠤ ᠴᠢᠬᠤᠯᠠ ᠶᠡᠭᠡ ᠦᠷ᠎ᠡ ᠪᠦᠲᠦᠭᠡᠯ ᠣᠯᠵᠤ᠂ ᠬᠥᠭᠵᠢᠯᠲᠡ ᠶᠢ ᠬᠠᠮᠠᠭᠠᠯᠠᠬᠤ᠂ ᠬᠥᠭᠵᠢᠯᠲᠡ ᠳᠤ | ᠦᠢᠯᠡᠴᠢᠯᠡᠬᠦ᠂ ᠬᠥᠭᠵᠢᠯᠲᠡ ᠶᠢ ᠳᠡᠮᠵᠢᠬᠦ ᠬᠠᠤᠯᠢ ᠪᠠᠷ ᠵᠠᠰᠠᠬᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠡᠷᠢᠭᠦᠨ ᠳᠤ ᠣᠷᠣᠭᠤᠯᠤᠨ᠎ᠠ᠃ | — ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃ ᠬᠤᠲᠠ ᠪᠠᠯᠭᠠᠰᠤ ᠶᠢ | ᠬᠡᠰᠡᠭ ᠲᠣᠭᠤᠷᠢᠭ᠂ ᠴᠠᠭ ᠬᠤᠭᠤᠴᠠᠭ᠎ᠠ ᠬᠤᠪᠢᠶᠠᠨ ᠵᠦᠷᠢᠶᠡᠵᠢᠬᠦᠯᠦᠨ ᠵᠠᠰᠠᠬᠤ ᠶᠢ ᠬᠠᠶᠢᠨ ᠰᠦᠪᠡᠭᠴᠢᠯᠡᠵᠦ᠂ | ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠳᠥᠯᠭᠢᠨ ᠠᠬᠢᠭᠤᠯᠵᠤ᠂ ᠬᠢᠯᠢ ᠬᠢᠵᠠᠭᠠᠷ ᠣᠷᠣᠨ ᠤ ᠡᠶ᠎ᠡ ᠵᠣᠬᠢᠴᠠᠯ ᠲᠠᠢ ᠠᠮᠤᠷ ᠠᠮᠤᠭᠤᠯᠠᠩ᠂ ᠦᠨᠳᠦᠰᠦᠲᠡᠨ ᠤ | ᠪᠦᠯᠬᠦᠮᠳᠡᠯ ᠤᠨ ᠤᠨᠴᠠ ᠰᠠᠶᠢᠨ ᠪᠠᠶᠢᠳᠠᠯ ᠢ ᠨᠠᠩ ᠪᠠᠬᠢᠵᠢᠭᠦᠯᠦᠨ᠎ᠡ᠃ | — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ ᠨᠡᠶᠢᠭᠡᠮ ᠤᠨ | ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠬᠥᠮᠦᠰ ᠤᠨ ᠰᠡᠳᠬᠢᠯ ᠳᠤ ᠨᠡᠩ ᠭᠦᠨ ᠰᠠᠭᠤᠭᠳᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠠᠰᠤᠵᠢᠯ ᠤᠨ ᠠᠰᠠᠷᠠᠮᠵᠢ᠂ ᠰᠣᠶᠣᠯ᠂ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠡᠮ ᠡᠮᠨᠡᠯᠭᠡ᠂ ᠣᠷᠣᠨ | ᠰᠠᠭᠤᠴᠠ ᠶᠢᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ | | ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠪᠤᠯ ᠬᠢᠯᠪᠠᠷ ᠶᠠᠪᠤᠳᠠᠯ ᠪᠢᠰᠢ ᠶᠤᠮ᠃ ᠪᠢᠳᠡ ᠡᠷᠬᠡᠪᠰᠢ ᠬᠠᠷᠠᠯᠲᠠ | ᠪᠠᠨ ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠭᠤᠣᠯᠳᠠᠯᠭ᠎ᠠ ᠲᠠᠢ ᠠᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠪᠠᠷ ᠬᠥᠭᠵᠢᠯᠲᠡ ᠶᠢᠨ ᠶᠠᠰᠤ ᠴᠢᠨᠠᠷ ᠦᠷ᠎ᠡ | ᠠᠰᠢᠭ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ | ︵ᠨᠢᠭᠡ︶ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠦᠵᠡᠯ | ᠰᠠᠨᠠᠭ᠎ᠠ ᠪᠠᠨ ᠲᠦᠢᠯᠪᠤᠷᠢᠲᠠᠶ ᠴᠢᠯᠥᠭᠡᠯᠡᠨ ᠦᠵᠡᠯᠲᠡ ᠲᠠᠨᠢᠯᠳᠠ ᠪᠠᠨ ᠰᠢᠨᠡᠳᠬᠡᠵᠦ᠂ ᠡᠷᠴᠢ ᠵᠣᠷᠢᠭ ᠢᠶᠠᠨ | ᠬᠥᠪᠴᠢᠯᠡᠨ᠎ᠡ᠃ ᠪᠢᠳᠠ ᠬᠢᠪᠡᠯ ᠬᠠᠮᠤᠭ ᠰᠠᠶᠢᠨ ᠬᠢᠵᠤ᠂ ᠲᠡᠮᠡᠴᠡᠪᠡᠯ ᠨᠢᠭᠡᠳᠦᠭᠡᠷ ᠢ ᠲᠡᠮᠡᠴᠡᠨ ᠤᠯᠵᠤ᠂ᠬᠡᠪ | ᠳᠠᠭᠤᠷᠢᠶᠠᠯ ᠪᠣᠯᠬᠤ ᠤᠢᠢᠯᠠᠭᠠᠭᠳᠠᠬᠤᠨ ᠢ ᠪᠠᠷᠢᠮᠲᠠᠯᠠᠵᠤ᠂ ᠶᠡᠭᠡ ᠦᠵᠡᠯ ᠰᠠᠨᠠᠭ᠎ᠠ ᠶᠢ ᠴᠢᠯᠥᠭᠡᠯᠡᠬᠦ ᠪᠠᠷ | ᠤᠢᠢᠯᠠᠭᠠᠭᠳᠠᠬᠤᠨ ᠤ ᠶᠡᠭᠡ ᠰᠢᠨᠡᠴᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ ᠣᠷᠴᠢᠨ ᠲᠣᠭᠤᠷᠢᠨ ᠤ ᠶᠡᠭᠡ | ᠰᠠᠶᠢᠵᠢᠷᠠᠯᠲᠠ᠂ ᠠᠵᠤ ᠠᠬᠤᠢ ᠶᠢᠨ ᠶᠡᠭᠡ ᠬᠥᠭᠵᠢᠯᠲᠡ ᠶᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ | ᠥᠷᠢᠰᠥᠯᠳᠦᠭᠡᠨ ᠤ ᠳᠤᠮᠳᠠ ᠡᠷᠡᠰ ᠰᠢᠭᠤᠷᠬᠠᠢ ᠪᠠᠷ ᠴᠢᠷᠮᠠᠶᠢᠨ ᠤᠷᠤᠭᠰᠢᠯᠠᠨ᠎ᠠ︕ ᠡᠯ᠎ᠡ ᠲᠥᠷᠥᠯ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ | ᠳᠠᠪᠠᠭᠤᠯᠢᠭ ᠢᠶᠠᠨ ᠳᠣᠪᠤᠶᠢᠯᠭᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠬᠤᠶ ᠪᠠᠶᠢᠳᠠᠯ ᠢ ᠪᠤᠢ ᠪᠤᠯᠭᠠᠨ᠂ | ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ᠂ ᠨᠢᠭᠡ ᠪᠦᠯᠦᠭ ᠰᠠᠶᠢᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠢᠶᠠᠨ ᠡᠬᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠮᠢᠶᠠᠷᠤᠯᠲᠠ ᠪᠠ ᠡᠯᠧᠮᠧᠨ᠋ᠲ ᠤᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢ ᠬᠦᠴᠦᠷᠭᠡᠭᠵᠢᠭᠦᠯᠦᠨ᠎ᠡ᠃ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ | ᠵᠡᠷᠭᠡ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠣᠭᠲᠠᠭᠠᠨ | ᠬᠡᠷᠡᠭᠵᠢᠭᠦᠯᠵᠦ᠂ ᠠᠷᠠᠳ ᠤᠯᠠᠨ ᠲᠠᠢ ᠨᠡᠩ ᠣᠶᠢᠷᠠᠳᠴᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ᠎ᠡ᠃ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ | ᠮᠣᠩᠭᠤᠯ ᠬᠢᠲᠠᠳ ᠡᠮ ᠤᠨ ᠮᠠᠲ᠋ᠧᠷᠢᠶᠠᠯ᠂ ᠪᠢᠴᠢᠯ ᠴᠠᠬᠢᠯᠭᠠᠨ ᠲᠣᠤᠷ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠬᠡᠪᠴᠢᠶᠡᠵᠢᠭᠦᠯᠦᠭᠰᠡᠨ ᠡᠨᠧᠷᠭᠢ ᠬᠠᠳᠠᠭᠠᠯᠠᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠥᠬᠡᠶ | ᠠᠵᠤ ᠦᠢᠯᠡᠰ ᠵᠡᠷᠭᠡ ᠳᠡᠭᠡᠳᠦ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠲᠣᠭᠠᠴᠢᠯᠠᠭᠰᠠᠨ ᠠᠵᠤ ᠠᠬᠤᠶ ᠶᠢ | ᠶᠡᠬᠡᠪᠡᠷ ᠬᠥᠭᠵᠢᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠴᠢᠨᠠᠷ᠂ ᠰᠢᠨ᠎ᠡ ᠶᠢ ᠡᠭᠦᠳᠬᠦ ᠪᠤᠯᠤᠨ | ᠪᠤᠬᠢᠷᠳᠤᠯ ᠦᠭᠡᠢ ᠪᠠᠶᠢᠬᠤ ᠶᠢ ᠲᠦᠷᠭᠡᠳᠬᠡᠨᠲ᠋ᠡᠭᠡᠭᠰᠢᠯᠡᠭᠦᠯᠦᠨᠡ᠃ 2026 ᠣᠨ ᠪᠣᠯᠬᠤ ᠳᠤ᠂ ᠪᠦᠭᠦ ᠬᠤᠰᠢᠭᠤᠨ | ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠦᠷᠢᠮ ᠠᠴᠠ ᠳᠡᠭᠡᠭᠰᠢᠬᠢ ᠠᠵᠤ ᠠᠬᠤᠶᠢᠯᠠᠯ ᠤᠨ ᠡᠵᠡᠯᠡᠬᠦ | ᠬᠠᠷᠢᠴᠠᠯ ᠢ 40% ᠠᠴᠠ ᠳᠡᠭᠡᠭᠰᠢ ᠪᠣᠯᠲᠠᠯ᠎ᠠ ᠨᠡᠮᠡᠭᠳᠡᠭᠦᠯᠦᠨ᠎ᠡ᠃ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠬᠦ ᠶᠢ | ᠪᠠᠷᠢᠮᠲᠠᠯᠠᠵᠤ᠂ ︽ᠨᠡᠭᠦᠳᠡᠯ ᠤᠨ ᠰᠢᠪᠠᠭᠤᠨ ᠤ ᠮᠠᠶ᠋ᠢᠭ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠴᠢᠳᠠᠪᠤᠷᠢᠲᠠᠨ ᠢᠶᠠᠷ ᠲᠦᠷᠦᠯ ᠵᠦᠢᠯ ᠢ ᠳᠠᠶᠢᠴᠢᠯᠠᠬᠤ᠂ ᠠᠵᠤ | ᠠᠬᠤᠶᠢᠯᠠᠯ ᠢ ᠬᠥᠭᠵᠢᠭᠦᠯᠬᠦ᠂ ᠠᠵᠤ ᠦᠢᠯᠡᠰ ᠢ ᠬᠦᠴᠦᠷᠬᠡᠭᠵᠢᠭᠦᠯᠬᠦ ᠶᠢ ᠪᠡᠶᠡᠯᠡᠭᠦᠯᠦᠨ᠎ᠡ᠃ ᠲᠦᠷᠪᠡᠨ ᠵᠦᠭ ᠨᠠᠢᠮᠠᠨ | ᠵᠣᠪᠬᠢᠰ ᠠᠴᠠ ︽ᠭᠤᠷᠪᠠ ᠶᠢ ᠡᠯᠰᠡᠵᠦ ᠭᠤᠷᠪᠠ ᠶᠢ ᠤᠷᠤᠭᠤᠯᠬᠤ︾ ᠠᠵᠢᠯᠯᠠᠭ᠎ᠠ ᠥᠷᠨᠢᠭᠦᠯᠵᠦ᠂ ᠰᠢᠯᠢᠳᠡᠭ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠲᠠᠯ᠎ᠠ ᠪᠠᠷ ᠡᠭᠦᠳᠴᠦ᠂ ᠠᠵᠤ ᠠᠬᠤᠶᠢᠯᠠᠯᠲᠠᠨ ᠨᠢᠭᠡᠪᠦᠷᠢ ᠶᠢ | ᠳᠠᠷᠬᠠᠨ ᠮᠤᠤᠮᠢᠩᠭᠠᠨ ᠢ ᠬᠠᠶᠢᠷᠠᠯᠠᠬᠤ ᠤᠴᠢᠷ ᠰᠢᠯᠳᠠᠭᠠᠨ ᠲᠠᠢ᠂ ᠳᠠᠷᠬᠠᠨ ᠮᠤᠤᠮᠢᠩᠭᠠᠨ ᠢ ᠰᠣᠩᠭᠤᠬᠤ ᠢᠲᠡᠭᠡᠯ ᠲᠠᠢ | ᠂ ᠳᠠᠷᠬᠠᠨ ᠮᠤᠤᠮᠢᠩᠭᠠᠨ ᠳᠤ ᠦᠢᠯᠡᠰ ᠪᠤᠰᠬᠠᠬᠤ ᠬᠦᠰᠡᠯ ᠡᠷᠡᠮᠡᠯᠵᠡᠯ ᠲᠠᠢ ᠪᠣᠯᠭᠠᠨ᠎ᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠬᠥᠭᠵᠢᠯᠲᠡ ᠶᠢ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ | ᠣᠨᠴᠠᠯᠢᠭ ᠲᠠᠢ ᠳᠠᠪᠠᠭᠤᠯᠢᠭ ᠲᠠᠢ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠪᠢᠳᠡ ᠡᠬᠢ ᠪᠠᠶᠠᠯᠢᠭ᠂ ᠣᠷᠣᠨ ᠪᠠᠶᠢᠷᠢ᠂ ᠣᠷᠣᠨ ᠵᠠᠶ ᠶᠢᠨ ︽ᠭᠤᠷᠪᠠᠨ ᠶᠡᠭᠡ ᠳᠠᠪᠠᠭᠤᠯᠢᠭ︾ ᠢ ᠲᠤᠪᠤᠶᠢᠯᠭᠠᠨ᠂ | ᠠᠮᠢ ᠠᠬᠤᠶ ᠪᠠᠷ ᠬᠤᠰᠢᠭᠤ ᠪᠠᠨ ᠬᠥᠭᠵᠢᠭᠦᠯᠬᠦ᠂ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ | ᠨᠡᠭᠡᠭᠡᠯᠳᠡᠳᠡᠢ ᠪᠠᠷ ᠬᠤᠰᠢᠭᠤ ᠪᠠᠨ ᠮᠠᠨᠳᠤᠭᠤᠯᠬᠤ ︽ᠭᠤᠷᠪᠠᠨ ᠶᠡᠭᠡ ᠪᠠᠶᠢᠯᠳᠤᠬᠤ ᠪᠤᠳᠤᠯᠭ᠎ᠠ︾ ᠶᠢ ᠬᠡᠷᠡᠭᠵᠢᠭᠦᠯᠵᠦ᠂ | ᠡᠨᠧᠷᠭᠢ᠂ ᠪᠣᠭᠤᠮᠲᠠ᠂ ᠬᠦᠷᠢᠶᠡᠯᠡᠩ ᠲᠣᠭᠤᠷᠢᠭ ᠢᠶᠠᠷ ᠣᠨᠴᠠᠯᠢᠭ ᠪᠣᠯᠭᠠᠭᠰᠠᠨ ᠳᠠᠪᠠᠭᠤᠯᠢᠭ ᠠᠵᠤ ᠦᠢᠯᠡᠰ ᠤᠨ | ᠪᠥᠭᠡᠮᠨᠡᠷᠡᠯ ᠢ ᠲᠦᠷᠭᠡᠪᠴᠢᠯᠡᠨ ᠪᠤᠢ ᠪᠣᠯᠭᠠᠨ᠎ᠠ᠃ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠪᠠᠷᠢᠮᠲᠠᠯᠠᠵᠤ᠂ ︽ᠴᠠᠬᠢᠯᠭᠠᠨ ᠡᠭᠦᠰᠭᠡᠭᠦᠷ ᠴᠠᠬᠢᠯᠭᠠᠨ ᠲᠤᠤᠷ ᠳᠠᠭᠠᠭᠠᠴᠠ ᠡᠨᠧᠷᠬᠢ ᠨᠦᠭᠡᠴᠡᠯᠡᠬᠦ ᠶᠢ | ᠨᠢᠭᠡ ᠴᠤᠭᠴᠠᠵᠢᠭᠤᠯᠬᠤ︾ ︽ᠨᠠᠷᠠ ᠰᠠᠯᠬᠢᠨ ᠤ ᠡᠨᠧᠷᠬᠢ ᠪᠠᠷ ᠤᠰᠤᠲᠥ᠋ᠷᠥᠭᠴᠢ ᠨᠥᠭᠡᠴᠡᠯᠡᠬᠦ︾ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠮᠢᠩᠭᠠᠨ ᠲᠦᠮᠡᠨ ᠲᠣᠨ ᠤ | ᠲᠠᠰ ᠤᠨ ᠠᠷᠠᠯᠵᠢᠶᠠᠨ ᠤ ᠪᠣᠭᠤᠮᠲᠠ ᠶᠢ ᠬᠦᠴᠦᠯᠡᠨ ᠪᠠᠶᠢᠭᠤᠯᠵᠤ᠂ ᠬᠢᠯᠢ ᠠᠯᠤᠰᠯᠠᠭᠰᠠᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠣᠷᠣᠨ ᠢ ᠭᠤᠶᠤᠴᠢᠯᠠᠨ ᠮᠡᠳᠡᠭᠦᠯᠵᠦ ᠪᠥᠲᠥᠭᠡᠨ ᠪᠠᠶᠢᠭᠤᠯᠵᠤ᠂ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ | ᠣᠷᠣᠭᠤᠯᠵᠤ ᠭᠠᠷᠭᠠᠬᠤ ᠲᠤᠰᠬᠠᠶ ᠪᠣᠭᠤᠮᠲᠠ ᠶᠢᠨ ᠬᠥᠭᠵᠢᠯᠲᠡ ᠶᠢ ᠲᠦᠷᠭᠡᠳᠬᠡᠨ᠂ ᠬᠢᠯᠢ ᠠᠯᠤᠰᠯᠠᠭᠰᠠᠨ ᠰᠠᠭᠤᠷᠢ | ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠯᠤᠰ ᠤᠨ ᠳᠤᠳᠤᠭᠠᠳᠤ | ᠶᠢᠨ ᠲᠤᠮᠤ ᠵᠠᠬ᠎ᠠ ᠳᠡᠯᠭᠡᠭᠦᠷ ᠤᠨ ᠪᠥᠬᠦ ᠣᠷᠣᠨ ᠪᠦᠰᠡ ᠳᠤ ᠬᠠᠨᠳᠤᠭᠤᠯᠤᠭᠰᠠᠨ ︽ᠭᠠᠳᠠᠭᠠᠳᠤ ᠨᠡᠭᠡᠭᠡᠯᠲᠡ ᠶᠢᠨ | ᠬᠦᠷᠢᠶ᠎ᠡ︾ ᠶᠢ ᠪᠥᠬᠦ ᠬᠦᠴᠦᠨ ᠢᠶᠠᠷ ᠢᠶᠠᠨ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠣᠭᠤᠮᠲᠠ ᠶᠢᠨ ᠵᠢᠯ ᠤᠨ ᠪᠠᠷᠠᠭ᠎ᠠ ᠶᠢ 1000 ᠲᠦᠮᠡᠨ | ᠲᠣᠨ ᠠᠴᠠ ᠳᠠᠪᠠᠭᠤᠯᠤᠨᠡ᠃ ᠮᠢᠩᠭᠠᠨ ᠳ᠋ᠦᠩᠰᠢᠭᠤᠷ ᠲᠦᠭᠦᠷᠢᠭ ᠤᠨ ᠦᠢᠯᠡᠳᠬᠦᠨ ᠤ ᠥᠷᠲᠡᠭ ᠲᠠᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠶᠠᠰᠤ | ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ᠤᠶᠤᠨᠳᠤ ᠠᠵᠤ | ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠨᠢ | ᠪᠣᠬᠢᠷᠲᠤᠯ ᠦᠭᠡᠶ ᠬᠤᠪᠣᠷ ᠰᠢᠷᠣᠶ ᠪᠣᠯᠪᠠᠰᠤᠷᠠᠭᠤᠯᠬᠤ᠂ ᠳᠡᠭᠡᠳᠦ ᠴᠡᠪᠡᠷ ᠣᠯᠠᠨ ᠲᠠᠯᠠᠰᠲᠤ ᠴᠠᠬᠢᠭᠤᠷ ᠵᠡᠷᠭᠡ ᠰᠢᠨ᠎ᠡ | ᠮᠠᠲ᠋ᠧᠷᠢᠶᠠᠯ ᠢ ᠭᠤᠣᠯᠳᠠᠯᠭ᠎ᠠ ᠲᠠᠢ ᠬᠥᠭᠵᠢᠭᠦᠯᠵᠦ᠂ ᠪᠠᠷᠠᠭᠤᠨ ᠪᠣᠯᠣᠳ ᠲᠡᠮᠦᠷ ᠤᠨ ᠬᠤᠪᠣᠷ ᠰᠢᠷᠣᠶ ᠶᠢᠨ ᠲᠦᠭᠦᠬᠡᠶ | ᠮᠠᠲ᠋ᠧᠷᠢᠶᠠᠯ ᠡᠳ᠋ᠰᠢᠭᠦᠯᠬᠦ ᠬᠦᠷᠢᠶᠡᠯᠡᠩ ᠨᠢ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠡᠷᠢᠭᠦᠨ ᠤ | ᠪᠣᠯᠣᠳ ᠲᠡᠮᠦᠷ ᠤᠨ ᠲᠦᠭᠦᠬᠡᠶ ᠮᠠᠲ᠋ᠧᠷᠢᠶᠠᠯ ᠵᠢᠴᠢ ᠡᠳ᠋ᠰᠢᠭᠦᠯᠬᠦ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ᠪᠠᠶᠠᠨᠬᠤᠸᠠ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠨᠢ ︽ᠴᠠᠬᠢᠯᠭᠠᠨ ᠡᠭᠦᠰᠭᠡᠭᠦᠷ | ᠴᠠᠬᠢᠯᠭᠠᠨ ᠲᠤᠤᠷ ᠳᠠᠭᠠᠭᠠᠴᠠ ᠡᠨᠧᠷᠬᠢ ᠨᠦᠭᠡᠴᠡᠯᠡᠬᠦ ᠶᠢ ᠨᠢᠭᠡ ᠴᠤᠭᠴᠠᠵᠢᠭᠤᠯᠬᠤ︾ ᠠᠵᠤ ᠦᠢᠯᠡᠰ ᠤᠨ | ᠪᠦᠭᠡᠮᠨᠡᠷᠡᠯ ᠢ ᠬᠥᠭᠵᠢᠭᠦᠯᠵᠦ᠂ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠪᠦᠭᠡᠮᠨᠡᠷᠡᠯ ᠤᠨ ᠳᠠᠪᠠᠭᠤᠯᠢᠭ | ᠢᠶᠠᠷ ᠢᠯᠡᠷᠬᠡᠶ᠂ ᠴᠢᠳᠠᠮᠵᠢ ᠶᠢᠨ ᠪᠠᠶᠢᠷᠢᠰᠢᠭᠤᠯᠤᠯᠲᠠ ᠪᠠᠷ ᠪᠦᠷᠢᠨ ᠲᠡᠭᠦᠯᠳᠡᠷ ᠠᠵᠤ ᠠᠬᠤᠶ ᠶᠢᠨ ᠬᠥᠭᠵᠢᠯᠲᠡ ᠶᠢᠨ | ᠠᠴᠢᠶᠠᠯᠠᠪᠤᠷᠢ ᠶᠢ ᠪᠣᠶ ᠪᠣᠯᠭᠠᠨ᠎ᠠ᠃ | ︵ᠭᠤᠷᠪᠠ︶ ᠠᠭᠤᠰᠤᠯᠴᠠᠨ ᠵᠢᠱᠢᠶ᠎ᠡ ᠦᠵᠡᠭᠦᠯᠵᠦ ᠳᠠᠶᠢᠴᠢᠯᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠣᠲᠣᠭᠠᠳᠤ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ | ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠪᠠᠬᠢᠵᠢᠭᠦᠯᠵᠦ᠂ ︽ᠲᠠᠪᠤ ᠪᠠᠷ | ᠬᠥᠭᠵᠢᠭᠦᠯᠦᠨ ᠮᠠᠨᠳᠤᠭᠤᠯᠬᠤ︾ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠲᠠᠷᠢᠶᠠᠯᠠᠩ ᠮᠠᠯ ᠠᠵᠤ | ᠠᠬᠤᠢ᠂ ᠰᠣᠶᠣᠯ ᠵᠤᠭᠠᠴᠠᠯ᠂ ᠠᠮᠢ ᠠᠬᠤᠢ ᠶᠢᠨ ︽ᠭᠤᠷᠪᠠᠨ ᠦᠢᠯᠡᠰ ᠢ ᠠᠭᠤᠰᠤᠯᠴᠠᠭᠤᠯᠬᠤ︾ ᠶᠢ | ᠲᠦᠷᠭᠡᠳᠬᠡᠵᠦ᠂ ᠪᠦᠬᠦ ᠤᠯᠤᠰ ᠤᠨ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦᠵᠢᠱᠢᠶᠡ | ᠦᠵᠡᠭᠦᠯᠬᠦ ᠣᠷᠣᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠴᠢᠷᠮᠠᠶᠢᠨ ᠪᠠᠶᠢᠭᠤᠯᠤᠨ᠎ᠠ᠃ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠵᠦ ᠮᠠᠯ ᠠᠵᠤ ᠠᠬᠤᠶ ᠶᠢ | ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠵᠦ ᠮᠠᠯ ᠠᠵᠤ ᠠᠬᠤᠶ ᠶᠢ | ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠵᠦ ᠮᠠᠯ ᠠᠵᠤ ᠠᠬᠤᠶ ᠶᠢ ᠬᠥᠭᠵᠢᠭᠦᠯᠬᠦ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠷᠣᠨ ᠪᠦᠰᠡ ᠶᠢᠨ ᠪᠠᠶᠢᠷᠢᠰᠢᠭᠤᠯᠤᠯ ᠪᠠ ᠦᠢᠯᠡᠳᠪᠦᠷᠢᠯᠡᠯ ᠤᠨ | ᠪᠦᠲᠦᠴᠡ ᠶᠢ ᠰᠢᠯᠢᠳᠡᠭᠵᠢᠭᠦᠯᠦᠨ᠂ ᠨᠢᠭᠡ ᠪᠦᠯᠦᠭ ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ | ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠣᠶ ᠪᠣᠯᠭᠠᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ | ᠢᠳᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠮᠢ | ᠠᠬᠤᠶ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ᠬᠤᠪᠢᠰᠬᠠᠯᠳᠤ ᠵᠢᠭᠤᠯᠴᠢᠯᠠᠯ᠂ ᠪᠣᠬᠢᠷᠲᠤᠯ ᠥᠬᠡᠶ ᠡᠷᠡᠭᠦᠯᠵᠢᠯ | ᠰᠤᠪᠢᠯᠠᠯᠲᠠ᠂ ᠤᠨᠴᠠᠯᠢᠬᠳᠤ ᠪᠠᠶᠠᠷ ᠳᠤᠷᠠᠰᠬᠠᠯ ᠤᠨ ︽ᠭᠤᠷᠪᠠᠨ ᠶᠡᠭᠡ ᠨᠠᠷᠠᠲᠤ ᠲᠡᠮᠳᠡᠭ︾ ᠢ ᠪᠣᠶ ᠪᠣᠯᠭᠠᠵᠤ᠂ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠰᠡᠯᠡᠭᠦᠴᠡᠯ ᠡᠷᠡᠭᠦᠯᠵᠢᠯ ᠰᠤᠪᠢᠯᠠᠯᠲᠠ | ᠠᠮᠠᠷᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ | ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠦᠢᠯᠡᠰ ᠢ ᠠᠮᠢ ᠠᠬᠤᠶᠢᠵᠢᠭᠤᠯᠵᠤ | ᠂ ᠠᠮᠢ ᠠᠬᠤᠶ ᠶᠢ ᠠᠵᠤ ᠦᠢᠯᠡᠰᠵᠢᠭᠦᠯᠤᠨ᠂ ᠪᠥᠬᠦ ᠬᠤᠲᠠ ᠳᠤ ᠬᠠᠮᠤᠭ ᠲᠦᠷᠦᠭᠦᠨ ᠳᠤ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠᠷ ᠴᠢᠷᠮᠠᠶᠢᠵᠤ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠤᠭᠰᠠᠨ ᠬᠤᠰᠢᠭᠤ ᠰᠢᠶᠠᠨ ᠢ ᠪᠠᠶᠢᠭᠤᠯᠤᠨ᠎ᠠ᠃ | ︵ᠲᠦᠷᠪᠡ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠪᠢᠳᠡ | ᠠᠷᠠᠳ ᠲᠦᠮᠡᠨ ᠢ ᠠᠵᠠ ᠵᠢᠷᠭᠠᠯ ᠲᠠᠢ ᠪᠠᠶᠢᠯᠭᠠᠬᠤ ᠶᠢ ᠪᠠᠲᠤ ᠴᠡᠭᠡᠵᠢᠯᠡᠵᠦ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠦᠢᠯᠡᠰ ᠤᠨ ︽ᠭᠤᠷᠪᠠ ᠶᠢ | ᠳᠡᠭᠡᠭᠰᠢᠯᠡᠭᠦᠯᠬᠦ︾ ᠳᠤ ᠬᠦᠴᠦ ᠪᠠᠨ ᠲᠥᠪᠯᠡᠷᠡᠭᠦᠯᠦᠨ᠂ ᠴᠢᠳᠠᠯ ᠤᠨ ᠢᠶᠠᠨ ᠬᠢᠷᠢ ᠪᠠᠷ ᠬᠢᠵᠦ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠢᠲᠡᠭᠡᠯ ᠵᠣᠷᠢᠭ ᠢ ᠨᠠᠩ ᠲᠡᠭᠦᠯᠳᠡᠷ᠂ᠪᠠᠶᠠᠷ ᠪᠠᠶᠠᠰᠤᠯ ᠲᠠᠢ᠂ | ᠠᠮᠢᠳᠤᠷᠠᠯ ᠤᠨ ᠴᠢᠨᠠᠷ ᠴᠢᠨᠰᠠᠭ᠎ᠠ ᠶᠢ ᠨᠠᠩ ᠥᠨᠳᠥᠷ ᠪᠣᠯᠭᠠᠬᠤ ᠪᠠᠷ ᠴᠢᠷᠮᠠᠶᠢᠨ᠎ᠠ᠃ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ | ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠡ᠃ ᠴᠢᠨᠠᠷ ᠰᠠᠶᠢᠲᠠᠶ ᠰᠤᠷᠭᠠᠨ ᠬᠥᠮᠦᠵᠢᠯ ᠢ | ᠰᠡᠳᠬᠢᠯ ᠲᠠᠯᠪᠢᠨ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠥᠲᠥᠭᠡᠨ | ᠪᠠᠶᠢᠭᠤᠯᠤᠨ᠎ᠠ᠃ ᠡᠷᠡᠭᠦᠯ ᠡᠩᠬᠡ ᠶᠢᠨ ᠬᠥᠭᠵᠢᠯᠲᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠨᠢᠭᠡ | ᠨᠠᠰᠤᠲᠠᠨ ᠨᠢᠭᠡ ᠬᠡᠤᠭᠡᠳ︾ ᠤᠨ ᠪᠠᠲᠤᠯᠠᠪᠤᠷᠢ ᠶᠢᠨ ᠲᠣᠣᠷ ᠢ ᠪᠠᠬᠢᠵᠢᠭᠦᠯᠵᠦ᠂ ᠬᠥᠮᠦᠨ ᠠᠮᠠ ᠶᠢᠨ ᠤᠷᠳᠤ | ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠤᠨ ᠦᠶ᠋ᠯᠡᠰ ᠢ | ᠴᠡᠴᠡᠭᠯᠡᠭᠦᠯᠦᠨ ᠬᠥᠭᠵᠢᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠪᠠᠲᠤᠬᠠᠭᠠᠯᠭ᠎ᠠ ᠪᠠᠯᠭᠠᠰᠤ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠦᠭᠡᠢ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠤᠨ ᠪᠣᠯᠪᠠᠰᠤᠨ ᠬᠤᠳᠠ᠂ ᠳᠤᠮᠳᠠᠳᠤ ᠤᠯᠤᠰ ᠤᠨ ᠲᠡᠦᠬᠡ | ᠰᠣᠶᠣᠯ ᠤᠨ ᠨᠡᠷᠡᠳᠤ ᠪᠠᠯᠭᠠᠰᠤ ᠶᠢ ᠡᠭᠦᠳᠦᠨ ᠪᠠᠶᠢᠭᠤᠯᠤᠨ᠎ᠠ᠃ ᠪᠤᠰᠤᠳ ᠰᠤᠮᠤ ᠰᠢᠶᠠᠩ ᠪᠠᠯᠭᠠᠰᠤ ᠨᠢ ᠡᠬᠢ | ᠪᠠᠶᠠᠯᠢᠭ ᠤᠨ ᠲᠥᠷᠥᠯᠬᠢ ᠳᠠᠪᠠᠭᠤᠯᠢᠭ ᠲᠠᠭᠠᠨ ᠰᠠᠭᠤᠷᠢᠯᠠᠨ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ | ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠶ ᠲᠥᠯᠥᠪᠯᠡᠨ᠂ ᠥᠨᠳᠥᠷ ᠦᠷ᠎ᠡ ᠪᠦᠲᠦᠮᠵᠢᠲᠡᠶ᠂ | ᠰᠠᠭᠤᠷᠢᠰᠢᠬᠤ ᠳᠤ ᠲᠣᠬᠢᠷᠠᠮᠵᠢᠲᠠᠶ ᠪᠥᠭᠡᠳ ᠴᠡᠪᠡᠷ ᠲᠤᠩᠭᠠᠯᠠᠭ ᠠᠭᠤᠷ ᠠᠮᠢᠰᠬᠤᠯ ᠲᠠᠢ ᠬᠤᠲᠠ ᠪᠠᠯᠭᠠᠰᠤ ᠶᠢᠨ | ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠤᠨ᠎ᠠ᠃ | ︵ᠲᠠᠪᠤ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠡᠬᠡ ᠤᠯᠤᠰ | ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤᠳᠬᠠᠨ ᠪᠠᠬᠢᠵᠢᠭᠦᠯᠦᠨ᠎ᠡ᠃ | ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠤ ᠤᠯᠤᠰ ᠲᠦᠷᠦ ᠶᠢᠨ ᠬᠠᠷᠢᠭᠤᠴᠠᠯᠭ᠎ᠠ | ᠶᠢ ᠡᠷᠡᠰ ᠡᠭᠦᠷᠭᠡᠯᠡᠵᠦ᠂ ᠨᠡᠩ ᠥᠨᠳᠥᠷ ᠲᠦᠪᠰᠢᠨ ᠲᠠᠢ᠂ ᠨᠡᠩ ᠡᠶ᠎ᠡ ᠵᠣᠬᠢᠴᠠᠩᠭᠤᠢ ᠠᠮᠤᠷ ᠠᠮᠤᠭᠤᠯᠠᠩ ᠳᠠᠷᠬᠠᠨ | ᠮᠤᠤᠮᠢᠩᠭᠠᠨ ᠢ ᠲᠦᠷᠭᠡᠳᠬᠡᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ | ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠦᠯᠬᠢᠨ | ᠠᠬᠢᠭᠤᠯᠵᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠬᠠᠮᠲᠤ ᠳᠤᠨᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ᠂ ᠬᠠᠤᠯᠢ ᠪᠠᠷ ᠵᠠᠰᠠᠬᠤ ᠳᠠᠷᠬᠠᠨ ᠮᠤᠤᠮᠢᠩᠭᠠᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠭᠴᠠᠵᠢᠭᠤᠯᠤᠨ | ᠪᠠᠶᠢᠭᠤᠯᠤᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠯ᠎ᠡ ᠲᠦᠷᠦᠯ ᠤᠨ ᠡᠶᠡᠳᠡᠭᠦᠯᠭᠡ ᠶᠢ ᠬᠠᠮᠲᠤᠷᠠᠨ | ᠪᠠᠶᠢᠭᠤᠯᠬᠤ ᠬᠠᠮᠲᠤᠷᠠᠨ ᠬᠥᠳᠡᠯᠦᠯᠴᠡᠬᠦ ᠬᠠᠮᠲᠤᠷᠠᠨ ᠵᠠᠰᠠᠬᠤ ᠬᠠᠮᠲᠤᠷᠠᠨ ᠲᠣᠬᠢᠷᠠᠭᠤᠯᠬᠤ ᠠᠵᠢᠯ ᠢ | ᠭᠦᠨᠵᠡᠭᠡᠶᠢᠷᠡᠭᠦᠯᠵᠦ᠂ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠨᠡᠶᠢᠭᠡᠮ᠂ ᠠᠷᠠᠳ ᠲᠦᠮᠡᠨ ᠪᠠ ᠬᠢᠯᠢ ᠬᠢᠵᠠᠭᠠᠷ ᠢ ᠨᠡᠩ ᠠᠮᠤᠷ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | | ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ | 2022 ᠣᠨ ᠳᠤ ᠮᠠᠨ ᠤ ᠨᠠᠮ ᠬᠤᠷᠢᠳᠤᠭᠠᠷ ᠶᠡᠭᠡ ᠬᠤᠷᠠᠯ ᠢᠶᠠᠨ ᠬᠤᠷᠠᠯᠳᠤᠭᠤᠯᠬᠤ ᠪᠠᠷ ᠪᠠᠶᠢᠭ᠎ᠠ ᠪᠤᠯᠬᠤᠷ᠂ | ᠲᠣᠭᠲᠠᠭᠤᠨ ᠪᠥᠭᠡᠳ ᠡᠷᠡᠭᠦᠯ ᠠᠵᠤ ᠠᠬᠤᠶ ᠶᠢᠨ ᠣᠷᠴᠢᠨ ᠨᠥᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ | ᠪᠠᠶᠢᠬᠤ ᠨᠡᠶᠢᠭᠡᠮ ᠤᠨ ᠣᠷᠴᠢᠨ ᠨᠥᠬᠦᠴᠡᠯ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ | ᠣᠷᠴᠢᠨ ᠨᠥᠬᠦᠴᠡᠯ ᠢ ᠪᠠᠲᠤᠯᠠᠬᠤ ᠴᠢᠬᠤᠯᠠᠲᠠᠶ ᠶᠤᠮ᠃ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠳᠡᠭ ᠠᠳᠠᠯᠢ ᠬᠤᠭᠤᠴᠠᠭᠠᠨ ᠤ ᠬᠢ ᠠᠴᠠ 7% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 7% ᠠᠴᠠ ᠳᠡᠭᠡᠭᠰᠢ ︵2021 ᠣᠨ ᠤ ᠨᠢᠭᠡ ᠯᠡ ᠤᠳᠠᠭ᠎ᠠ ᠶᠢᠨ ᠴᠢᠨᠠᠷᠲᠠᠶ | ᠭᠠᠶᠢᠯᠢ ᠶᠢᠨ ᠪᠤᠰᠤ ᠣᠷᠣᠯᠭ᠎ᠠ ᠶᠢ ᠭᠠᠷᠭᠠᠭᠠᠳ︶ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.5% ᠪᠠ 9% ᠠᠴᠠ ᠳᠡᠭᠡᠭᠰᠢ | ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.9% ᠶᠢᠨ | ᠳᠣᠲᠣᠷ᠎ᠠ ᠬᠢᠵᠠᠭᠠᠷᠯᠠᠨ᠎ᠠ᠃ ᠪᠣᠳᠠᠲᠠᠶ ᠠᠵᠢᠯ ᠤᠨ ᠳᠤᠮᠳᠠ᠂ ᠪᠢᠳᠡ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ | ᠬᠠᠷᠠᠭᠠᠯᠵᠠᠭᠰᠠᠨ ᠰᠠᠭᠤᠷᠢᠨ ᠳᠡᠭᠡᠷ᠎ᠡ᠂ ︽ᠳᠥᠷᠪᠡᠨ ᠵᠠᠷᠴᠢᠮ︾ ᠢ ᠡᠵᠡᠮᠰᠢᠬᠦ ᠶᠢ ᠳᠤᠪᠤᠶᠢᠯᠭᠠᠵᠤ᠂ ︽ᠠᠷᠪᠠᠨ ᠶᠡᠭᠡ | ᠰᠢᠪᠲᠤᠯᠤᠯᠲᠠ︾ ᠶᠢ ᠬᠦᠴᠦᠲᠡᠶ ᠲᠦᠯᠬᠢᠨ ᠠᠬᠢᠭᠤᠯᠵᠤ᠂ ︽ᠭᠤᠷᠪᠠᠨ ᠠᠷᠭ᠎ᠠ ᠪᠤᠳᠤᠯᠭ᠎ᠠ︾ ᠶᠢ ᠰᠠᠶᠢᠲᠤᠷ | ᠬᠡᠷᠡᠭᠯᠡᠵᠦ᠂ ᠨᠡᠩ ᠰᠢᠯᠢᠳᠡᠭ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠠᠯᠲᠠ ᠲᠠᠢ ᠪᠠᠷ ᠬᠤᠷᠠᠯᠳᠤᠬᠤ ᠶᠢ ᠤᠭᠲᠤᠨ᠎ᠠ᠃ | ︵ᠨᠢᠭᠡ︶ ᠠᠵᠤ ᠠᠬᠤᠶ ᠶᠢᠨ ᠦᠨᠳᠦᠰᠦᠨ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ | ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠠᠭᠤᠷᠢ | ᠶᠢ ᠪᠠᠬᠢᠵᠢᠭᠦᠯᠦᠨ᠎ᠡ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠤ ᠠᠬᠤᠶ ᠶᠢᠨ | ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠳᠥᠯᠭᠢᠨ | ᠠᠬᠢᠭᠤᠯᠤᠨ᠎ᠠ᠃ | ᠬᠠᠳᠠᠭᠠᠯᠠᠮᠵᠢ ᠠᠵᠤ ᠠᠬᠤᠶᠢᠯᠠᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ | ᠨᠦᠭᠦᠳ ᠢ ᠨᠡᠶᠢᠲᠡᠯᠡᠨ ᠬᠡᠷᠡᠭᠵᠢᠭᠦᠯᠵᠦ᠂ ︽ᠪᠢᠳᠡ ᠠᠵᠤ ᠠᠬᠤᠶᠢᠯᠠᠯ ᠳᠤ ᠵᠠᠬ᠎ᠠ ᠳᠡᠯᠭᠡᠭᠦᠷ ᠡᠷᠢᠵᠦ ᠥᠭᠬᠦ︾ | ᠠᠵᠢᠯᠯᠠᠭ᠎ᠠ ᠶᠢ ᠥᠷᠨᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠬᠥᠩᠭᠡᠯᠡᠨ ᠬᠦᠴᠢᠷᠳᠡᠯ ᠢ ᠨᠢ ᠰᠢᠢᠳᠪᠦᠷᠢᠯᠡᠵᠤ᠂ ᠲᠣᠭᠲᠠᠭᠤᠨ ᠢᠶᠠᠷ | ᠡᠵᠡᠩᠨᠡᠬᠦ ᠳᠤᠨᠢ ᠬᠠᠪᠰᠤᠷᠤᠨ᠎ᠠ᠃ ᠪᠦᠦ ᠰᠢᠨ ᠪᠤᠯᠤᠳ᠂ ᠰᠢᠪᠠᠷᠬᠦ᠋ᠷᠢᠶ᠎ᠡ ᠲᠡᠮᠦᠷ ᠤᠨ ᠠᠭᠤᠷᠬᠠᠶ ᠵᠡᠷᠭᠡ ᠭᠤᠤᠯᠳᠠᠯᠭ᠎ᠠ | ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠴᠡᠪᠡᠷᠰᠢᠭᠦᠯᠬᠦ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ | 100 ᠲᠦᠮᠡᠨ ᠲᠣᠨ ᠲᠡᠮᠦᠷ ᠬᠠᠶᠢᠯᠤᠭᠤᠯᠬᠤ᠂ 120 ᠲᠦᠮᠡᠨ ᠲᠣᠨ ᠪᠣᠯᠣᠳ ᠬᠠᠶᠢᠯᠤᠭᠤᠯᠬᠤ ᠪᠠ 100 | ᠲᠦᠮᠡᠨ ᠲᠣᠨ ᠪᠣᠯᠣᠳ ᠬᠡᠪᠰᠢᠭᠦᠯᠬᠦ ︵ᠰᠢᠳᠠᠮ ᠮᠠᠲ᠋ᠧᠷᠢᠶᠠᠯ︶ ᠦᠢᠯᠡᠳᠪᠦᠷᠢᠯᠡᠯ ᠤᠨ ᠱᠤᠭᠤᠮ ᠢ ᠲᠠᠰ | ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠠᠬᠢᠭᠤᠯᠵᠤ᠂ ᠰᠠᠨ ᠾᠧ ᠮᠢᠩ ᠤᠨ 50 ᠲᠦᠮᠡᠨ ᠲᠣᠨ | ᠠᠭᠤᠷᠬᠠᠶ ᠮᠠᠯᠲᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠪᠣᠷ ᠰᠢᠷᠣᠶ ᠶᠢᠨ | ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠦᠷᠭᠦᠯᠵᠢᠯᠡᠭᠦᠯᠵᠤ᠂ 15 ᠲᠦᠮᠡᠨ ᠲᠣᠨ ᠬᠤᠪᠣᠷ ᠰᠢᠷᠣᠶ ᠶᠢᠨ | ᠪᠣᠬᠢᠷᠲᠤᠯ ᠥᠬᠡᠶ ᠲᠡᠮᠦᠷᠯᠢᠭ ᠪᠣᠯᠪᠠᠰᠤᠷᠠᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠢ ᠵᠠᠯᠭᠠᠨ ᠬᠡᠷᠡᠭᠵᠢᠭᠦᠯᠦᠨ᠎ᠡ | ᠃ 1 ᠲᠦᠮᠡᠨ ᠲᠣᠨ ᠤ ᠥᠨᠳᠥᠷ ᠮᠥᠰᠥᠲᠦ ᠨᠢᠺᠤᠯ ᠤᠨ ᠵᠦᠢᠯᠡᠰ ᠤᠨ ᠠᠰᠢᠭᠯᠠᠯᠲᠠ ᠳᠤ ᠣᠷᠣᠬᠤ ᠡᠵᠡᠩᠨᠡᠯᠲᠡ ᠶᠢ | ᠲᠦᠯᠬᠢᠨ ᠠᠬᠢᠭᠤᠯᠵᠤ᠂ ᠲᠡᠮᠦᠷ ᠤᠨ ᠦᠯᠡᠳᠡᠭᠳᠡᠯ ᠬᠦᠳᠡᠷ ᠢ ᠰᠣᠩᠭᠤᠵᠤ ᠬᠠᠶᠢᠯᠤᠭᠤᠷ ᠵᠣᠩᠰᠢ ᠶᠢᠨ ᠡᠬᠢ ᠪᠠᠶᠠᠯᠢᠭ | ᠢ ᠡᠭᠡᠭᠦᠯᠦᠨ ᠬᠤᠷᠢᠶᠠᠬᠤ ᠵᠦᠢᠯᠡᠰ ᠢ ᠬᠡᠷᠡᠭᠵᠢᠭᠦᠯᠦᠨ᠎ᠡ᠃ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠢ | ᠪᠤᠶᠢᠵᠢᠭᠤᠯᠬᠤ ᠲᠥᠯᠥᠪᠯᠡᠭᠡ ᠶᠢ ᠥᠷᠨᠢᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ 3 ᠶᠢ ᠰᠢᠨ᠎ᠡ ᠪᠠᠷ ᠨᠡᠮᠡᠭᠳᠡᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | 69 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ᠂ ᠨᠡᠶᠢᠲᠡ 702 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠵᠢᠯ ᠤᠨ ᠳᠣᠲᠣᠷ᠎ᠠ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 20 ᠠᠴᠠ ᠳᠡᠭᠡᠭᠰᠢᠬᠢ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠭᠤᠯᠬᠤ ᠶᠢ | ᠦᠨᠡᠨ ᠬᠦ ᠪᠠᠲᠤᠯᠠᠨ᠎ᠠ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠪᠠᠷ ᠠᠬᠢᠭᠤᠯᠬᠤ᠂ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠵᠡᠷᠭᠡ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠴᠢᠬᠤᠯᠠ ᠶᠡᠭᠡ ᠲᠥᠷᠥᠯ ᠵᠦᠢᠯ ᠤᠨ ︽ᠲᠦᠷᠪᠡ ᠶᠢ ᠬᠢᠨᠠᠵᠤ ᠲᠦᠷᠪᠡ ᠶᠢ ᠪᠠᠲᠤᠯᠠᠬᠤ︾ ᠲᠣᠭᠲᠠᠴᠠ ᠶᠢ | ᠪᠠᠶᠢᠭᠤᠯᠤᠨ᠂ ᠵᠢᠷᠤᠭ ᠤᠨ ᠢᠯᠡᠷᠬᠡᠶᠢᠯᠡᠯ ᠢᠶᠠᠷ ᠠᠵᠢᠯᠯᠠᠵᠤ᠂ ︽ᠤᠯᠠᠭᠠᠨ ᠬᠠᠷ᠎ᠠ ᠶᠢᠨ ᠰᠠᠮᠪᠠᠷ᠎ᠠ︾ ᠶᠢᠨ ᠠᠵᠢᠯ ᠤᠨ | ᠠᠷᠭ᠎ᠠ ᠶᠢ ᠬᠡᠷᠡᠭᠵᠢᠭᠦᠯᠵᠦ᠂ ᠤᠰᠤ᠂ ᠴᠠᠬᠢᠯᠭᠠᠨ᠂ ᠭᠠᠵᠠᠷ ᠰᠢᠷᠣᠶ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠡᠪᠦᠯ ᠳᠤ ᠪᠠᠨ ᠴᠢᠯᠦᠭᠡᠳᠠᠢ ᠪᠠᠶᠢᠳᠠᠭ ᠢ ᠡᠪᠦᠯ ᠳᠤ ᠪᠠᠨᠶᠠᠭᠠᠷᠠᠤ | ᠪᠣᠯᠭᠠᠬᠤ︾ ᠤᠢᠢᠯᠠᠭᠠᠭᠳᠠᠬᠤᠨ ᠢᠴᠢᠩᠭᠠᠳᠬᠠᠵᠤ᠂ ᠡᠪᠦᠯ ᠤᠨ ᠤᠯᠠᠷᠢᠯ ᠤᠨ ᠲᠦᠷᠦᠯ ᠵᠦᠢᠯ ᠤᠨ ᠠᠵᠢᠯ ᠢ | ᠥᠷᠨᠢᠭᠦᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ | ᠳᠥᠷᠪᠡᠨ ᠵᠦᠢᠯ ᠤᠨ ᠭᠠᠷᠳᠠᠮ ᠢ ᠪᠦᠬᠦᠨ ᠢ ᠭᠦᠢᠴᠡᠳᠭᠡᠵᠤ ᠳᠠᠭᠤᠰᠬᠠᠬᠤ ᠶᠢ ᠦᠨᠡᠨ ᠬᠦ ᠪᠠᠲᠤᠯᠠᠵᠤ᠂ ᠨᠢᠭᠡᠳᠦᠭᠡᠷ | ᠤᠯᠠᠷᠢᠯ ᠳᠤ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠨᠣᠷᠮ᠎ᠠ ᠶᠢ 10% ᠠᠴᠠ ᠳᠡᠭᠡᠭᠰᠢ ᠳᠤ ᠬᠦᠷᠭᠡᠵᠤ᠂ | ᠬᠤᠶᠠᠳᠤᠭᠠᠷ ᠤᠯᠠᠷᠢᠯ ᠳᠤ 30% ᠠᠴᠠ ᠳᠡᠭᠡᠭᠰᠢ ᠳᠤ ᠬᠦᠷᠭᠡᠵᠤ᠂ ᠭᠤᠷᠪᠠᠳᠤᠭᠠᠷ ᠤᠯᠠᠷᠢᠯ ᠳᠤ 95% ᠠᠴᠠ | ᠳᠡᠭᠡᠭᠰᠢ ᠳᠤ ᠬᠦᠷᠭᠡᠬᠦ ᠬᠡᠷᠡᠭᠲᠡᠶ᠃ ᠪᠥᠬᠦ ᠵᠢᠯ ᠳᠤ ᠡᠯ᠎ᠡ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ | ᠲᠡᠮᠡᠴᠡᠨ ᠤᠯᠬᠤ ᠨᠤᠷᠮ᠎ᠠ ᠶᠢ 10% ᠠᠴᠠ ᠳᠡᠭᠡᠭᠰᠢ ᠪᠤᠯᠭᠠᠨ᠎ᠠ᠃ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ | ᠨᠢᠭᠡ ᠠᠵᠢᠯ ᠲᠥᠷᠥᠯ ᠨᠢᠭᠡ ᠠᠷᠭ᠎ᠠ ᠪᠣᠳᠣᠯᠭ᠎ᠠ︾ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠲᠠᠢ | ᠨᠢᠭᠲᠠ ᠤᠶᠠᠯᠳᠤᠭᠤᠯᠤᠨ᠂ ︽ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠣᠨ︾ ᠤ ᠠᠵᠢᠯᠯᠠᠭ᠎ᠠ ᠶᠢ | ᠥᠷᠨᠢᠭᠦᠯᠦᠨ᠎ᠡ᠃ ᠬᠤᠰᠢᠭᠤᠨ ᠤ ᠤᠳᠤᠷᠢᠳᠤᠯᠭ᠎ᠠ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠭᠠᠳᠠᠭᠰᠢ ᠭᠠᠷᠴᠤ | ᠬᠤᠳᠠᠯᠳᠤᠭᠠᠴᠢᠨ ᠤᠷᠢᠵᠤ᠂ ᠬᠦᠮᠦᠨ ᠪᠦᠷᠢ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢ ᠪᠠᠯᠠ | ᠣᠷᠣᠭᠤᠯᠤᠯᠲᠠ ᠶᠢ ᠨᠠᠶᠢᠳᠠᠪᠤᠷᠢᠵᠢᠭᠤᠯᠤᠨ᠎ᠠ︔ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ︽ᠨᠢᠭᠡᠳᠦᠭᠡᠷ ᠭᠠᠷ | ︾᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠤᠯᠠᠷᠢᠯ ᠪᠦᠷᠢ ᠳᠤ 2 | ᠤᠳᠠᠭ᠎ᠠ ᠠᠴᠠ ᠳᠡᠭᠡᠭᠰᠢ ᠬᠤᠳᠠᠯᠳᠤᠭᠠᠴᠢᠨ ᠤᠷᠢᠵᠤ᠂ ᠪᠥᠬᠦ ᠵᠢᠯ ᠳᠤ 3000 ᠲᠦᠮᠡᠨ ᠲᠥᠭᠦᠷᠢᠭ ᠠᠴᠠ ᠳᠡᠭᠡᠭᠰᠢ | ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ︽80 ᠶᠢ | ᠣᠷᠣᠭᠤᠯᠵᠤ᠂ 40 ᠶᠢ ᠨᠠᠶᠢᠳᠠᠪᠤᠷᠢᠵᠢᠭᠤᠯᠵᠤ᠂ 100 ᠶᠢ ᠨᠥᠭᠡᠴᠡᠯᠡᠬᠦ︾ ᠶᠢ ᠪᠡᠶᠡᠯᠡᠭᠦᠯᠦᠨ᠎ᠡ᠃ ︽ᠨᠢᠭᠡ | ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠲᠤᠰᠬᠠᠶ ᠠᠩᠭᠢ᠂ ᠨᠢᠭᠡ ᠬᠡᠷᠡᠭ ᠨᠢᠭᠡ ᠬᠠᠭᠤᠳᠠᠰᠤ᠂ ᠡᠴᠦᠰ | ᠲᠤᠨᠢ ᠲᠤᠯᠲᠠᠯ᠎ᠠ ᠠᠳᠬᠤᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ ᠤᠨ ᠭᠡᠷ᠎ᠡ ᠭᠦᠢᠴᠡᠳᠭᠡᠬᠦ ᠶᠢ ᠬᠢᠨᠠᠨ ᠰᠢᠯᠭᠠᠬᠤ ᠠᠷᠭ᠎ᠠ ᠪᠠ | ᠱᠠᠩᠨᠠᠨ ᠬᠥᠬᠢᠭᠦᠯᠬᠦ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠨᠡᠶᠢᠭᠡᠮ ᠤᠨ ᠡᠯ᠎ᠡ ᠡᠲᠡᠭᠡᠳ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ᠎ᠠ᠃ | ︽ᠨᠥᠬᠦᠴᠡᠯ ᠪᠦᠷᠢᠯᠳᠤᠭᠦᠯᠦᠨ ᠴᠢᠳᠠᠪᠤᠷᠢᠳᠠᠨ ᠤᠷᠢᠬᠤ︾ ᠲᠥᠯᠥᠪᠯᠡᠭᠡ ᠶᠢ ᠠᠬᠢᠭᠤᠯᠵᠤ᠂ ᠪᠤᠭᠤᠳᠤ ᠳᠤ | ᠰᠠᠭᠤᠭᠠᠬᠤᠯᠪᠤᠭᠠᠯᠠᠨ ᠦᠢᠯᠡᠴᠢᠯᠡᠬᠦ ᠲᠥᠪ ᠢ ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠤᠷᠢᠬᠤ ᠦᠢᠯᠡᠴᠢᠯᠡᠭᠡᠨ | ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠪᠥᠬᠦ ᠤᠷᠤᠨ ᠪᠦᠰᠡ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠷᠦᠯᠴᠡᠬᠦ | ᠴᠢᠨᠠᠷᠲᠠᠶ ᠬᠡᠷᠡᠭᠯᠡᠭᠡ ᠶᠢ ᠰᠡᠷᠭᠦᠭᠡᠬᠦ ᠶᠢ ᠲᠦᠷᠭᠡᠪᠴᠢᠯᠡᠨ ᠠᠬᠢᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠬᠤᠳᠠᠯᠳᠤᠭᠠᠨ ᠤ ᠲᠤᠮᠤ ᠠᠰᠠᠷ᠂ | ᠬᠤᠳᠠᠯᠳᠤᠭᠠᠨ ᠤ ᠶᠠᠪᠠᠭᠠᠨ ᠵᠡᠭᠡᠯᠢ ᠶᠢ ᠵᠢᠷᠤᠮᠵᠢᠭᠤᠯᠤᠨ ᠬᠠᠮᠢᠶᠠᠷᠤᠨ᠎ᠠ᠃ ᠬᠠᠰᠠᠷ ᠣᠳᠣᠨ ᠲᠠᠰ ᠤᠨ ᠪᠠᠭᠤᠳᠠᠯ᠂ | ᠰᠥᠨᠢ ᠶᠢᠨ ᠵᠢᠭᠤᠯᠴᠢᠯᠠᠯ ᠤᠨ ᠢᠳᠡᠭᠡᠨ ᠤᠮᠳᠠᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ ᠲᠥᠪ᠂ ᠣᠷᠣᠨ | ᠨᠤᠲᠤᠭ ᠤᠨ ᠢᠳᠡᠭᠡᠨ ᠤᠮᠳᠠᠭᠠᠨ ᠤ ᠴᠤᠭᠯᠠᠷᠠᠯ ᠤᠨ ᠣᠷᠣᠨ ᠢ ᠪᠠᠶᠢᠭᠤᠯᠤᠨ᠎ᠠ᠃ ᠠᠵᠤ ᠠᠬᠤᠶᠢᠯᠠᠯ ᠤᠨ ᠳᠡᠭᠡᠳᠦ | ᠬᠢᠵᠠᠭᠠᠷ ᠢ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠬᠡᠷᠡᠭᠵᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠢ ᠶᠡᠬᠡᠪᠡᠷ ᠬᠥᠭᠵᠢᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ 4 ᠠᠷᠠᠯᠵᠢᠶᠠᠨ ᠤ | ᠠᠵᠤ ᠠᠬᠤᠶᠢᠯᠠᠯ ᠢ ᠪᠠᠶᠢᠭᠤᠯᠤᠨ᠎ᠠ᠃ ᠬᠡᠷᠡᠭᠯᠡᠭᠡᠨ ᠤ ᠪᠦᠲᠦᠴᠡ ᠶᠢ ᠲᠦᠷᠭᠡᠪᠴᠢᠯᠡᠨ ᠰᠢᠯᠢᠳᠡᠭᠵᠢᠭᠦᠯᠵᠦ᠂ ᠰᠤᠷᠭᠠᠨ | ᠬᠥᠮᠦᠵᠢᠯ᠂ ᠬᠡᠦᠬᠡᠳ ᠰᠠᠭᠠᠲᠠᠭᠤᠯᠬᠤ ᠠᠵᠢᠯ᠂ ᠡᠮ ᠡᠮᠨᠡᠯᠭᠡ᠂ ᠡᠷᠡᠭᠦᠯᠵᠢᠯ᠂ ᠰᠣᠶᠣᠯ ᠵᠡᠷᠭᠡ ᠦᠢᠯᠡᠴᠢᠯᠡᠭᠡᠨ ᠤ | ᠬᠡᠷᠡᠭᠯᠡᠭᠡ ᠶᠢ ᠢᠳᠡᠪᠬᠢᠲᠡᠶ ᠬᠥᠭᠵᠢᠭᠦᠯᠵᠦ᠂ 5G ᠶᠢᠨ ᠰᠦᠯᠵᠢᠶ᠎ᠡ᠂ ᠤᠶᠤᠨᠲᠤ ᠭᠡᠷ ᠤᠨ ᠬᠡᠷᠡᠭᠰᠡᠯ᠂ ᠤᠶᠤᠨᠲᠤ | ᠬᠤᠳᠠᠯᠳᠤᠭᠠᠨ ᠤ ᠭᠡᠳᠤ ᠳᠡᠯᠭᠡᠭᠦᠷ ᠵᠡᠷᠭᠡ ᠦᠢᠯᠡᠳᠬᠦᠨ ᠤ ᠬᠡᠷᠡᠭᠯᠡᠭᠡ ᠶᠢ ᠥᠷᠭᠡᠳᠬᠡᠵᠦ᠂ ᠨᠡᠩ ᠤᠯᠠᠨ ᠰᠢᠨ᠎ᠡ | ᠬᠡᠷᠡᠭᠯᠡᠭᠡᠨ ᠤ ᠠᠬᠤᠶ ᠪᠠᠶᠢᠳᠠᠯ ᠪᠠ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠃ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠣᠷᠣᠨ ᠵᠠᠶ ᠶᠢᠨ ᠲᠥᠯᠥᠪᠵᠢᠭᠦᠯᠭᠡ ᠪᠠ ᠠᠵᠤ ᠦᠢᠯᠡᠰ ᠤᠨ | ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ︽ᠨᠢᠭᠡ ᠲᠣᠭᠤᠷᠢᠭ ᠭᠤᠷᠪᠠᠨ ᠬᠦᠷᠢᠶᠡᠯᠡᠩ︾ ᠤᠨ | ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠭᠦᠷᠡᠰᠦᠲᠥ᠋ᠷᠥᠭᠴᠢ ᠥᠬᠡᠶ ᠠᠵᠤ ᠦᠢᠯᠡᠰ ᠤᠨ | ᠬᠦᠷᠢᠶᠡᠯᠡᠩ᠂ ᠤᠶᠤᠨᠲᠤ ᠲᠣᠭᠤᠷᠢᠭ᠂ ᠤᠶᠤᠨᠲᠤ ᠠᠭᠤᠷᠬᠠᠶ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ | ᠴᠠᠬᠢᠯᠭᠠᠨ ᠬᠠᠩᠭᠠᠬᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠤᠨ ᠵᠠᠮ ᠤᠨ ᠥᠭᠡᠷᠡᠴᠢᠯᠡᠯᠲᠡ᠂ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ | ᠪᠠᠶᠢᠰᠢᠩ᠂ ᠳᠤᠮᠳᠠᠴᠢ ᠴᠢᠨᠠᠷ ᠤᠨ ᠤᠰᠤ ᠶᠢ ᠲᠠᠬᠢᠨ ᠬᠡᠷᠡᠭᠯᠡᠬᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ | ᠮᠡᠷᠭᠡᠵᠢᠯ ᠤᠨ ᠥᠭᠡᠷᠡᠴᠢᠯᠡᠯᠲᠡ᠂ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ᠂ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ | ᠶᠢᠨ ᠥᠷᠲᠡᠭᠡ᠂ ᠭᠠᠯ ᠤᠨᠲᠠᠷᠠᠭᠠᠬᠤ ᠥᠷᠲᠡᠭᠡ᠂ ᠳᠤᠮᠳᠠᠴᠢ ᠴᠢᠨᠠᠷ ᠤᠨ ᠤᠰᠤ ᠶᠢ ᠣᠷᠣᠭᠤᠯᠬᠤ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠠᠯᠠ ᠣᠷᠣᠭᠤᠯᠤᠯᠲᠠ ᠶᠢᠨ ᠡᠷᠴᠢᠮ᠂ ᠮᠥ ᠪᠦᠷᠢ ᠶᠢᠨ | ᠳᠤᠮᠳᠠᠴᠢ ᠠᠰᠢᠭ ᠣᠷᠣᠯᠭ᠎ᠠ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠵᠡᠷᠭᠡ ᠭᠦᠢᠴᠡᠳᠬᠡᠯ ᠲᠤᠭ᠎ᠠ ᠶᠢᠨ | ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢᠨ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠪᠠᠶ᠋ᠬᠠᠤᠪᠤᠭ᠎ᠠ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ | ᠯᠤᠭ᠎ᠠ ᠶᠢᠨ ︽ᠬᠤᠶᠠᠷ ᠭᠠᠵᠠᠷ ᠭᠤᠷᠪᠠᠨ ᠲᠠᠯ᠎ᠠ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ︽ | ᠹᠧᠢ ᠳ᠋ᠢ ᠲᠣᠭᠤᠷᠢᠭ︾ ᠢ ᠬᠠᠮᠲᠤ ᠪᠠᠷ ᠪᠠᠶᠢᠭᠤᠯᠬᠤ ᠪᠠᠷ ᠰᠦᠪᠡᠭᠴᠢᠯᠡᠨ᠎ᠡ᠃ | ︵ᠬᠤᠶᠠᠷ︶ ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ | ᠠᠬᠢᠭᠤᠯᠵᠤ᠂ ᠣᠳᠣᠬᠢᠴᠢᠯᠠᠭᠰᠠᠨ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ ᠠᠵᠤ ᠦᠢᠯᠡᠰ ᠤᠨ | ᠰᠢᠰᠲ᠋ᠧᠮ ᠶᠢ ᠪᠠᠶᠢᠭᠤᠯᠤᠨ᠎ᠠ᠃ ᠳᠠᠪᠠᠭᠤᠯᠢᠭ ᠢᠶᠠᠨ ᠪᠠᠳᠠᠷᠠᠭᠤᠯᠵᠤ ᠳᠤᠳᠠᠭᠳᠠᠯ ᠢᠶᠠᠨ ᠨᠥᠬᠦᠪᠤᠷᠢᠯᠡᠵᠤ᠂ ᠰᠢᠯᠢᠳᠡᠭ ᠢ | ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ︽ᠨᠢᠭᠡ ᠠᠵᠢᠯ ᠲᠦᠷᠦᠯ ᠳᠤ ᠨᠢᠭᠡ ᠠᠷᠭ᠎ᠠ | ᠪᠤᠳᠤᠯᠭ᠎ᠠ︾ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠭᠤᠣᠯᠯᠠᠬᠤ | ᠥᠷᠢᠰᠥᠯᠳᠦᠬᠦ ᠬᠦᠴᠦᠨ ᠲᠠᠢ ᠨᠡᠩ ᠤᠯᠠᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠯᠡᠯ ᠢ ᠬᠦᠴᠦᠯᠡᠨ | ᠪᠠᠶᠢᠭᠤᠯᠤᠨ᠎ᠠ᠃ | ᠠᠵᠤ ᠦᠢᠯᠡᠳᠪᠦᠷᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ ᠮᠢᠩᠭᠠᠨ ᠲᠦᠮᠡᠨ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠨ᠎ᠡ ᠡᠨᠧᠷᠭᠢ ᠶᠢᠨ | ᠰᠤᠷᠪᠤᠯᠵᠢ ᠶᠢ ᠲᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠤᠷᠪᠠᠨ ᠬᠠᠪᠴᠢᠯ᠂ ᠶᠢᠨ ᠹᠤᠩ᠂ | ᠲᠢᠶᠠᠨ ᠷᠦᠨ᠂ ᠱᠠᠩᠬᠠᠶ ᠶᠢᠨ ᠢ ᠱᠧᠩ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ᠂ 10 | ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠣᠷ ᠲᠤ ᠨᠡᠶᠢᠯᠡᠭᠦᠯᠬᠦ᠂ 76 ᠲᠦᠮᠡᠨ ᠺᠢᠯᠣᠸᠠᠲ ᠤᠨ | ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢ ᠡᠬᠢᠯᠡᠭᠦᠯᠵᠤ᠂ ᠪᠦᠬᠦ᠋ᠢᠯᠡ ᠰᠢᠶᠠᠨ ᠤ ᠬᠡᠷᠡᠯ ᠴᠡᠨᠡᠭ ᠤᠨ ᠲᠥᠷᠥᠯ ᠵᠦᠢᠯ ᠢ ᠴᠢᠷᠮᠠᠶᠢᠨ | ᠬᠡᠷᠡᠭᠵᠢᠭᠦᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠰᠢᠨ᠎ᠡ ᠪᠠᠷ ᠨᠡᠮᠡᠭᠳᠡᠬᠦ ᠠᠵᠢᠯ ᠡᠬᠢᠯᠡᠭᠦᠯᠬᠦ ᠬᠡᠪᠴᠢᠶ᠎ᠡ ᠶᠢ | ᠣᠳᠣᠬᠠᠨ ᠤ ᠲᠣᠣᠷ ᠲᠤ ᠨᠡᠶᠢᠯᠡᠭᠦᠯᠬᠦ ᠬᠡᠪᠴᠢᠶᠡᠨ ᠤ ᠬᠢᠷᠢ ᠲᠦᠪᠰᠢᠨ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ | ᠰᠢᠨ᠎ᠡ ᠡᠨᠧᠷᠭᠢ ᠶᠢᠨ ᠰᠤᠷᠪᠤᠯᠵᠢ ᠶᠢ ᠤᠷᠲᠤᠳᠬᠠᠨ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠶᠧ ᠲᠠᠢ | ᠶᠠᠩ ᠭᠤᠸᠠᠩ︾᠂ ᠨᠡᠭᠦᠷᠡᠰᠦᠲᠥ᠋ᠷᠥᠭᠴᠢ ᠦᠭᠡᠢ ᠲᠦᠯᠡᠰᠢ ᠪᠠ 60 ᠲᠦᠮᠡᠨ ᠺᠢᠯᠤᠸᠠᠲ ᠤᠨ ᠪᠤᠬᠢᠷᠳᠤᠯ ᠦᠭᠡᠢ | ᠴᠠᠬᠢᠯᠭᠠᠨ ᠢᠶᠠᠷ ᠦᠢᠯᠡᠳᠬᠦ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠲᠦᠷᠭᠡᠳᠬᠡᠵᠦ᠂ | 20 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠬᠦ ᠢᠨᠵᠧᠨᠧᠷᠢᠩ | ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ᠪᠤᠬᠢᠷᠳᠤᠯ ᠦᠭᠡᠢ ᠤᠰᠤᠲᠥ᠋ᠷᠥᠭᠴᠢ ᠪᠠᠷ | ᠪᠣᠯᠪᠠᠰᠤᠷᠠᠭᠤᠯᠬᠤ᠂ ᠰᠢᠪᠲᠦᠷ ᠢ ᠨᠡᠶᠢᠯᠡᠭᠦᠯᠬᠦ᠂ ᠨᠦᠭᠡᠴᠡ ᠡᠨᠧᠷᠬᠢ ᠶᠢᠨ ᠴᠠᠬᠢᠯᠭᠠᠨ ᠦᠷᠳᠡᠭᠡ᠂ ᠬᠤᠳᠠ ᠶᠢᠨ | ᠡᠨᠧᠷᠭᠢ ᠬᠡᠷᠡᠭᠯᠡᠬᠦ ᠴᠡᠪᠡᠷᠵᠢᠭᠦᠯᠦᠯᠲᠡ ᠶᠢᠨ ᠥᠭᠡᠷᠡᠴᠢᠯᠡᠯᠲᠡ ᠵᠡᠷᠭᠡᠲ᠋ᠦ᠋ᠷᠦᠯ ᠵᠦᠢᠯ ᠢ ᠣᠷᠣᠭᠤᠯᠤᠨ ᠬᠡᠷᠡᠭᠵᠢᠭᠦᠯᠵᠤ᠂ | ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ᠎ᠡ᠃ ᠰᠢᠨ᠎ᠡ | ᠡᠨᠧᠷᠭᠢ ᠶᠢᠨ ᠲᠣᠨᠣᠭᠯᠠᠯ ᠤᠨ ᠢᠵᠢ ᠪᠦᠷᠢᠳᠦᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠶᠢᠭᠠᠯᠢ ᠶᠢᠨ ᠡᠨᠧᠷᠭᠢ ᠶᠢᠨ | ᠬᠦᠨᠳᠦ ᠠᠵᠤ ᠦᠢᠯᠡᠳᠪᠦᠷᠢ ᠶᠢᠨ ᠰᠤᠪᠤᠷᠭᠠᠨ ᠪᠠᠭᠠᠨ᠎ᠠ ᠶᠢ ᠦᠢᠯᠡᠳᠬᠦ ᠲᠦᠷᠦᠯ ᠵᠦᠢᠯ ᠢ ᠠᠰᠢᠭᠯᠠᠯᠲᠠ ᠳᠤ | ᠣᠷᠣᠭᠤᠯᠤᠨ ᠡᠵᠡᠩᠨᠡᠬᠦ ᠶᠢ ᠲᠦᠯᠬᠢᠨ ᠠᠬᠢᠭᠤᠯᠵᠤ᠂ ᠤᠶᠤᠨᠴᠢᠯᠠᠭᠰᠠᠨ ᠠᠷᠠᠭᠠᠲᠤ ᠬᠦᠷᠳᠦᠨ ᠬᠠᠶᠢᠷᠴᠠᠭ ᠤᠨ | ᠲᠦᠷᠦᠯ ᠵᠦᠢᠯ ᠢ ᠲᠦᠷᠭᠡᠳᠭᠡᠨ ᠪᠠᠶᠢᠭᠤᠯᠤᠨ᠎ᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ | ᠢ ᠲᠦᠷᠭᠡᠳᠬᠡᠨ ᠪᠠᠶᠢᠭᠤᠯᠤᠨ᠎ᠠ᠃ ᠮᠢᠩᠭᠠᠨ ᠳ᠋ᠦᠩᠰᠢᠭᠤᠷ ᠲᠦᠭᠦᠷᠢᠭ ᠤᠨ ᠲᠡᠰ ᠤᠨ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠶᠢᠨ ᠱᠢ ᠶᠢᠨ 36 ᠲᠦᠮᠡᠨ ᠲᠣᠨ ᠹᠯᠣᠷᠲᠤ | ᠬᠦᠡᠭᠬᠡᠨ ᠴᠠᠭᠠᠨ᠂ 30 ᠲᠦᠮᠡᠨ ᠲᠣᠨ ᠤᠰᠤᠲᠥ᠋ᠷᠥᠭᠴᠢᠲᠦ ᠹᠯᠣᠷ ᠤᠨ ᠬᠦᠴᠢᠯ ᠤᠨ ᠲᠥᠷᠥᠯ ᠵᠦᠢᠯ ᠢ ᠰᠢᠨ᠎ᠡ | ᠪᠠᠷ ᠪᠠᠶᠢᠭᠤᠯᠵᠤ᠂ ᠶᠦᠩ ᠾᠧ ᠶᠢᠨ 6 ᠲᠦᠮᠡᠨ ᠲᠣᠨ ᠰᠢᠨ᠎ᠡ ᠡᠨᠧᠷᠭᠢ ᠶᠢᠨ ᠮᠠᠲ᠋ᠧᠷᠢᠶᠠᠯ᠂ 10 ᠲᠦᠮᠡᠨ | ᠲᠣᠨᠨᠡᠶᠢᠯᠡᠮᠡᠯ ᠪᠤᠳᠠᠰ᠂ 12 ᠲᠦᠮᠡᠨ ᠲᠣᠨ ᠬᠥᠷᠥᠭᠡᠭᠴᠢ ᠡᠳ᠋ ᠵᠡᠷᠭᠡ ᠹᠯᠣᠷ ᠤᠨ ᠮᠠᠲ᠋ᠧᠷᠢᠶᠠᠯ ᠤᠨ ᠲᠥᠷᠥᠯ ᠵᠦᠢᠯ | ᠢ ᠨᠠᠶᠢᠳᠠᠪᠤᠷᠢᠵᠢᠭᠤᠯᠬᠤ ᠶᠢ ᠲᠥᠯᠬᠢᠨ ᠠᠬᠢᠭᠤᠯᠤᠨ᠎ᠠ᠃ ᠪᠠᠯ ᠴᠢᠯᠠᠭᠤᠨ ᠤ ᠮᠠᠲ᠋ᠧᠷᠢᠶᠠᠯ ᠤᠨ ᠠᠵᠤ ᠦᠢᠯᠡᠰ ᠢ | ᠬᠥᠭᠵᠢᠭᠦᠯᠵᠤ᠂ 3 ᠲᠦᠮᠡᠨ ᠲᠣᠨ ᠪᠠᠯ ᠴᠢᠯᠠᠭᠤᠨ ᠤ ᠪᠢᠯᠢᠭ ᠲᠦᠢᠯ ᠤᠨ ᠮᠠᠲ᠋ᠧᠷᠢᠶᠠᠯ᠂ 5000 ᠲᠣᠨ ᠳᠡᠯᠡᠵᠦ | ᠪᠣᠯᠬᠤ ᠪᠠᠯ ᠴᠢᠯᠠᠭᠤ ᠶᠢ ᠴᠡᠪᠡᠷᠵᠢᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠹᠣᠰᠹᠣᠷ ᠬᠦᠴᠢᠯ ᠤᠨ ᠲᠡᠮᠦᠷ ᠯᠢᠲ᠋ᠢ ᠶᠢᠨ ᠠᠷᠭ᠎ᠠ ᠲᠦᠢᠯ ᠤᠨ ᠮᠠᠲ᠋ᠧᠷᠢᠶᠠᠯ ᠪᠠ ᠪᠠᠯ ᠴᠢᠯᠠᠭᠤᠨ ᠤ ᠬᠠᠪᠲᠠᠰᠤᠨ | ᠮᠠᠲ᠋ᠧᠷᠢᠶᠠᠯ᠂ ᠴᠤᠯᠤ ᠴᠡᠪᠡᠷ ᠪᠠᠯ ᠴᠢᠯᠠᠭᠤ᠂ ᠪᠠᠯ ᠴᠢᠯᠠᠭᠤᠨ ᠤ ᠠᠯᠺᠤᠨ ᠵᠡᠷᠭᠡ ᠲᠦᠷᠦᠯ ᠵᠦᠢᠯ ᠢ ᠣᠷᠣᠭᠤᠯᠤᠨ | ᠠᠪᠴᠢᠷᠠᠵᠤ ᠬᠡᠷᠡᠭᠵᠢᠭᠦᠯᠦᠨ᠎ᠡ᠃ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ | ᠂ᠬᠦᠴᠦᠳᠠᠯ ᠥᠭᠡᠷᠡᠴᠢᠯᠡᠬᠦ ᠴᠠᠬᠢᠯᠭᠠᠨ ᠤ ᠠᠵᠤ ᠦᠢᠯᠡᠳᠪᠤᠷᠢ ᠶᠢᠨ 40 ᠲᠦᠮᠡᠨ ᠲᠣᠨ ᠴᠡᠪᠡᠷ ᠠᠵᠤ ᠦᠢᠯᠡᠳᠪᠦᠷᠢ | ᠶᠢᠨ ᠴᠠᠬᠢᠭᠤᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠯᠠᠨ ᠲᠠᠯᠠᠰᠲᠤ ᠴᠠᠬᠢᠭᠤᠷ᠂ | ᠲᠠᠩ ᠲᠠᠯᠠᠰᠲᠤ ᠴᠠᠬᠢᠭᠤᠷ ᠵᠡᠷᠭᠡ ᠳᠠᠭᠠᠯᠲᠠ ᠤᠷᠤᠰᠬᠠᠯ ᠤᠨ ᠠᠵᠤ ᠦᠢᠯᠡᠰ ᠢ ᠢᠳᠡᠪᠬᠢᠲᠡᠶ ᠪᠠᠷ ᠣᠷᠣᠭᠤᠯᠤᠨ | ᠠᠪᠴᠢᠷᠠᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ 7 ᠲᠦᠮᠡᠨ | ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠮᠢᠩᠭᠠᠨ | ᠮᠥ ᠲᠥᠪᠯᠡᠷᠡᠨ ᠵᠠᠯᠭᠠᠯᠳᠤᠭᠰᠠᠨ ᠲᠠᠷᠢᠮᠠᠯ ᠤᠨ ᠣᠷᠣᠨ 7 ᠶᠢ ᠪᠠᠶᠢᠭᠤᠯᠵᠤ᠂ ᠮᠢᠩᠭᠠᠨ ᠮᠥ ᠲᠣᠭᠠᠴᠢᠯᠠᠭᠰᠠᠨ ᠲᠠᠷᠢᠮᠠᠯ | ᠤᠨ ᠰᠠᠭᠤᠷᠢᠨ ᠭᠠᠵᠠᠷ 1 ᠶᠢ ᠪᠥᠲᠥᠭᠡᠨ ᠪᠠᠶᠢᠭᠤᠯᠤᠨ᠎ᠠ᠃ ᠣᠲᠣ ᠦᠶ᠎ᠡ ᠶᠢᠨ ᠥᠨᠳᠥᠷ ᠦᠷ᠎ᠡ ᠠᠰᠢᠭᠲᠤ ᠠᠮᠢ | ᠠᠬᠤᠶ ᠶᠢᠨ ᠮᠠᠯ ᠠᠵᠤ ᠠᠬᠤᠶ ᠶᠢ ᠬᠥᠭᠵᠢᠭᠦᠯᠵᠦ᠂ ᠲᠦᠮᠡᠨ ᠮᠢᠬᠠᠨ ᠤ ᠬᠤᠨᠢ᠂ ᠮᠢᠩᠭᠠᠨ ᠮᠢᠬᠠᠨ ᠤ ᠦᠬᠡᠷ ᠤᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5 ᠪᠠᠶᠢᠭᠤᠯᠵᠤ᠂ 500 ᠠᠴᠠ | ᠳᠡᠭᠡᠭᠰᠢᠬᠢᠮᠢᠬᠠᠨ ᠤ ᠬᠤᠨᠢᠨ ᠤ ᠬᠡᠪᠴᠢᠶᠡᠵᠢᠭᠰᠡᠨ ᠬᠤᠷᠰᠢᠶ᠎ᠠ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 26 | ᠬᠥᠭᠵᠢᠭᠦᠯᠵᠦ᠂ ᠮᠠᠯ ᠠᠵᠤ ᠠᠬᠤᠢ ᠪᠠ ᠬᠡᠷᠡᠯ ᠤᠨ ᠡᠨᠧᠷᠬᠢ ᠶᠢᠨ ᠬᠠᠷᠢᠯᠴᠠᠨ ᠨᠥᠬᠦᠪᠥᠷᠢᠯᠡᠬᠦ ᠣᠲᠣ ᠦᠶ᠎ᠡ ᠶᠢᠨ | ᠣᠶᠤᠨᠴᠢ ᠮᠠᠯ ᠠᠵᠤ ᠠᠬᠤᠶ᠂ ᠠᠮᠢᠳᠤ ᠪᠣᠳᠠᠰ ᠤᠨ ᠬᠠᠶᠠᠭᠳᠠᠮᠠᠯ ᠪᠣᠳᠠᠰ ᠢ ᠡᠳ᠋ᠰᠢᠭᠦᠯᠬᠦ ᠵᠡᠷᠭᠡ ᠲᠥᠷᠥᠯ ᠵᠦᠢᠯ ᠢ | ᠬᠡᠷᠡᠭᠵᠢᠭᠦᠯᠦᠨ᠎ᠡ᠃ ᠦᠷ᠎ᠡ ᠶᠢᠨ ᠦᠢᠯᠡᠰ ᠢ ᠬᠦᠭᠵᠢᠭᠦᠯᠬᠦ ᠠᠵᠢᠯᠯᠠᠭ᠎ᠠ ᠶᠢ ᠠᠬᠢᠭᠤᠯᠵᠤ᠂ ᠲᠠᠷᠢᠶᠠᠯᠠᠩ ᠤᠨ ᠦᠷ᠎ᠡ | ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ | ᠲᠠᠢ ᠬᠠᠮᠲᠤᠷᠠᠨ ᠬᠤᠤᠰ ᠪᠤᠯᠴᠢᠩᠲᠤ ᠮᠣᠩᠭᠤᠯ ᠦᠬᠡᠷ ᠢ ᠪᠤᠶᠢᠵᠢᠭᠤᠯᠵᠤ᠂ ᠭᠤᠪᠢ ᠶᠢᠨ ᠣᠬᠤᠷ ᠰᠡᠭᠦᠯᠲᠦ ᠬᠤᠨᠢᠨ | ᠤ ᠡᠭᠦᠯᠳᠡᠷ ᠪᠤᠶᠢᠵᠢᠭᠤᠯᠬᠤ ᠶᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠤᠨ᠂ ᠲᠦᠮᠡᠨ ᠮᠥ ᠬᠤᠨᠴᠢᠷ ᠤᠨ | ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠬᠤᠩᠭᠤᠷᠲᠠᠯ᠎ᠠ ᠶᠢᠨ | ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠢ | ᠠᠬᠤᠶ ᠶᠢᠨ ᠲᠠᠬᠢᠶ᠎ᠠ ᠶᠢ ᠨᠢᠲᠤᠯᠵᠤ ᠡᠳ᠋ᠰᠢᠭᠦᠯᠬᠦ᠂ ᠰᠠᠭᠠᠯᠢ ᠶᠢᠨ ᠬᠤᠨᠢ ᠶᠢ ᠥᠷᠭᠡᠳᠬᠡᠨ ᠲᠡᠵᠢᠭᠡᠨ ᠦᠷᠡᠵᠢᠭᠦᠯᠬᠦ | ᠵᠢᠴᠢ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ᠂ᠮᠢᠬᠠᠨ ᠤ ᠦᠬᠡᠷ ᠨᠢᠲᠤᠯᠵᠤ ᠭᠦᠨᠵᠡᠭᠡᠶ ᠡᠳ᠋ᠰᠢᠭᠦᠯᠬᠦ ᠵᠡᠷᠭᠡ | ᠲᠥᠷᠥᠯ ᠵᠦᠢᠯ ᠢ ᠪᠠᠶᠢᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠵᠢᠱᠢᠶ᠎ᠡ ᠦᠵᠡᠭᠦᠯᠬᠦ ᠭᠠᠵᠠᠷ ᠢ 5 ᠠᠴᠠ ᠳᠡᠭᠡᠭᠰᠢ ᠪᠠᠶᠢᠭᠤᠯᠤᠨ᠎ᠠ᠃ ︽ᠮᠧᠩ︾ | ᠦᠰᠦᠭᠳᠤ ᠲᠠᠸᠠᠷ ᠤᠨ ᠲᠡᠮᠳᠡᠭ ᠢ ᠪᠠᠳᠤᠯᠠᠭᠤᠯᠵᠤ᠂ ︽ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ︽ | ᠳᠠᠷᠬᠠᠨ ᠮᠤᠤᠮᠢᠩᠭᠠᠨ ᠤ ᠬᠤᠨᠢᠨ ᠮᠢᠬ᠎ᠠ︾ ᠶᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠲᠡᠮᠳᠡᠭ ᠤᠨ | ᠬᠡᠷᠡᠭᠯᠡᠯᠲᠡ ᠶᠢ ᠠᠬᠢᠭᠤᠯᠬᠤ ᠲᠥᠷᠥᠯ ᠵᠦᠢᠯ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠢᠭᠡ ᠪᠦᠯᠦᠭ | ᠲᠣᠭᠲᠠᠵᠤ ᠳᠡᠶᠢᠯᠬᠦ᠂ ᠨᠡᠷ᠎ᠡ ᠠᠯᠳᠠᠷ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠡᠭᠦᠳᠦᠨ᠎ᠡ᠃ | ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠠᠮᠢᠳᠤᠯᠢᠭᠵᠢᠭᠤᠯᠵᠤ | ᠤᠨᠴᠠᠯᠢᠭᠵᠢᠭᠤᠯᠤᠨᠠ᠃ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠰᠢᠨ᠎ᠡ ᠰᠢᠪᠲᠤᠯᠤᠯᠲᠠ | ᠲᠠᠢ ᠪᠣᠯᠭᠠᠨ᠎ᠠ᠃ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠶᠢ | ᠳᠡᠭᠦᠯᠳᠡᠷᠵᠢᠭᠦᠯᠵᠤ᠂ ᠳᠠᠷᠬᠠᠨ ᠮᠤᠤᠮᠢᠩᠭᠠᠨ ᠤ ᠵᠤᠭᠠᠴᠠᠯ ᠢ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ | ᠵᠤᠭᠠᠴᠠᠯ ᠤᠨ ᠨᠢᠭᠡᠳᠦᠭᠡᠷ ᠵᠢᠭᠰᠠᠭᠠᠯ ᠳᠤ ᠣᠷᠣᠭᠤᠯᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠨᠡᠷᠡᠳᠦ | ᠵᠤᠭᠠᠴᠠᠯ ᠤᠨ ᠬᠠᠷᠠᠯᠲᠠᠲᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠣᠣ | ᠮᠠ ᠭᠧᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠲᠣᠷᠭᠠᠨ ᠵᠠᠮ ᠤᠨ ᠮᠦᠷᠦᠭᠡᠳᠤᠯ ᠬᠤᠶᠠᠳᠤᠭᠠᠷ | ᠬᠤᠭᠤᠴᠠᠭ᠎ᠠ᠂ ᠬᠥᠮᠦᠨ ᠥᠬᠡᠶ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ | ᠲᠥᠷᠥᠯ ᠵᠦᠢᠯ ᠢ ᠬᠡᠷᠡᠭᠵᠢᠭᠦᠯᠵᠦ᠂ᠠᠭᠠᠷ ᠤᠨ ᠠᠵᠤ ᠦᠢᠯᠡᠰ ᠤᠨ ᠬᠦᠷᠢᠶᠠᠯᠠᠩ ᠢ ᠲᠦᠯᠦᠪᠯᠡᠨ ᠪᠠᠶᠢᠭᠤᠯᠵᠤ᠂ | ᠬᠤᠩᠭᠤᠷ ᠤᠪᠤᠭ᠎ᠠ ᠦᠵᠡᠮᠵᠢ ᠶᠢᠨ ᠣᠷᠣᠨ ᠤ AAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠵᠥᠪᠰᠢᠶᠡᠷᠡᠯ ᠤᠯᠬᠤ ᠶᠢ ᠳᠥᠯᠭᠢᠨ ᠠᠬᠢᠭᠤᠯᠤᠨ᠎ᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ | ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠬᠤᠪᠢᠰᠬᠠᠯ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ | ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠦᠪᠡᠷ ᠢᠶᠠᠨ | ᠵᠢᠯᠣᠭᠤᠳᠬᠤ ᠵᠢᠭᠤᠯᠴᠢᠯᠠᠯ᠂ ᠪᠣᠭᠤᠮᠲᠠ ᠶᠢᠨ ᠵᠢᠭᠤᠯᠴᠢᠯᠠᠯ᠂ ᠪᠠᠲᠤᠬᠠᠭᠠᠯᠭ᠎ᠠ ᠶᠢᠨ ᠰᠥᠨᠢ ᠶᠢᠨ ᠦᠵᠡᠮᠵᠢ ᠶᠢᠨ | ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠤᠯᠭᠠᠵᠤ᠂ ᠶᠢᠰᠦᠳᠦᠭᠡᠷ ᠬᠤᠭᠤᠴᠠᠭᠠᠨ ᠤ | ᠰᠣᠶᠣᠯ ᠵᠢᠭᠤᠯᠴᠢᠯᠠᠯ ᠤᠨ ᠨᠠᠶᠢᠷ ᠢ ᠰᠠᠶᠢᠲᠤᠷ ᠡᠷᠬᠢᠯᠡᠵᠦ᠂ ᠨᠢᠭᠡ ᠪᠦᠯᠦᠭ ᠨᠡᠷ᠎ᠡ ᠠᠯᠳᠠᠷ ᠲᠠᠢ ᠤᠨᠴᠠᠯᠢᠭᠳᠤ | ᠵᠢᠭᠤᠯᠴᠢᠯᠠᠯ ᠤᠨ ᠪᠦᠲᠦᠭᠡᠭᠳᠡᠬᠦᠨ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠦᠨ᠎ᠡ᠃ | ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ 5G ᠶᠢᠨ | ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠦᠢᠯᠡᠴᠢᠯᠡᠭᠡ ᠶᠢ ᠬᠥᠭᠵᠢᠭᠦᠯᠵᠦ᠂ ︽ᠨᠢᠭᠡ ᠭᠠᠷ | ᠤᠲᠠᠰᠤᠨ ᠳᠠᠬᠢ ᠳᠠᠷᠬᠠᠨ ᠮᠤᠤᠮᠢᠩᠭᠠᠨ ᠤ ᠵᠢᠭᠤᠯᠴᠢᠯᠠᠯ︾ ᠢ ᠪᠡᠶᠡᠯᠡᠭᠦᠯᠦᠨ᠎ᠡ᠃ ᠰᠢᠷᠠᠮᠥ᠋ᠷᠡᠨ ᠤ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠵᠠᠰᠠᠨ ᠴᠡᠭᠴᠡᠯᠡᠯᠲᠡ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠪᠥᠬᠦ ᠵᠢᠯ ᠤᠨ ᠵᠢᠭᠤᠯᠴᠢᠯᠠᠯ | ᠤᠨ ᠭᠥᠯᠢᠶᠡᠨ ᠠᠪᠬᠤ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠦᠨ᠎ᠡ᠃ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠲᠣᠭᠠᠴᠢᠯᠠᠭᠰᠠᠨ ᠠᠵᠤ ᠠᠬᠤᠶ | ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠵᠤ᠂ ᠨᠢᠭᠡ ᠪᠦᠯᠦᠭ ︽ᠳᠤᠰᠬᠠᠢ ᠰᠢᠯᠢᠳᠡᠭ ᠤᠨᠴᠠᠯᠢᠭᠳᠤ ᠰᠢᠨ᠎ᠡ︾ ᠠᠵᠤ | ᠠᠬᠤᠶᠢᠯᠠᠯ ᠢ ᠤᠷᠢᠨ ᠤᠷᠤᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠳᠠᠷᠬᠠᠨ ᠮᠤᠤᠮᠢᠩᠭᠠᠨ ᠳᠤ | ᠣᠷᠣᠭᠤᠯᠵᠤ᠂ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠪᠤᠭᠤᠳᠤ ᠬᠤᠳᠠ ᠶᠢᠨ ᠪᠠᠭᠰᠢ ᠶᠢᠨ | ᠳᠡᠭᠡᠳᠤ ᠰᠤᠷᠭᠠᠭᠤᠯᠢ ᠲᠠᠢ ︽ᠵᠠᠰᠠᠭ ᠠᠵᠤ ᠠᠬᠤᠶᠢᠯᠠᠯ ᠰᠢᠨᠵᠢᠯᠡᠬᠦ ᠤᠬᠠᠭᠠᠨ ᠰᠤᠳᠤᠯᠭᠠᠨ ᠬᠡᠷᠡᠭᠯᠡᠭᠡ︾ ᠶᠢᠨ ᠪᠦᠬᠦ | ᠲᠠᠯ᠎ᠠ ᠶᠢᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠵᠤ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠥᠪ ᠤᠨ ᠲᠥᠷᠥᠯ | ᠵᠦᠢᠯ ᠢ ᠬᠡᠷᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠤᠨ᠎ᠠ᠃ ︽ | ᠡᠭᠦᠯᠡᠨ ᠪᠤᠳᠤᠯᠲᠠ ᠶᠢ ᠲᠤᠭ᠎ᠠ ᠬᠡᠮᠵᠢᠶ᠎ᠡ ᠪᠠᠷ ᠤᠶᠤᠨᠴᠢᠯᠠᠬᠤ︾ ᠠᠵᠢᠯᠯᠠᠭ᠎ᠠ ᠶᠢ ᠥᠷᠨᠢᠭᠦᠯᠵᠦ᠂ ︽5G ᠤᠶᠤᠨᠲᠤ | ᠠᠵᠤ ᠦᠢᠯᠡᠳᠪᠦᠷᠢ + ᠤᠶᠤᠨᠲᠤ ᠦᠢᠯᠡᠳᠪᠦᠷᠢ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠲᠣᠭᠠᠴᠢᠯᠠᠭᠰᠠᠨ ᠠᠷᠠᠯᠵᠢᠶ᠎ᠠ᠂ ᠲᠣᠭᠠᠴᠢᠯᠠᠭᠰᠠᠨ ᠰᠣᠶᠣᠯ ᠤᠨ ᠡᠭᠦᠳᠦᠯᠲᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ᠃ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ︾ ᠶᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠮᠡᠳᠡᠭᠡ | ᠵᠠᠩᠭᠢ ᠶᠢ ᠲᠣᠰᠬᠤᠨ ᠳᠤ ᠣᠷᠣᠭᠤᠯᠵᠤ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠦᠨ᠂ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠣᠮᠣ | ᠳ᠋ᠠᠶᠢᠲ᠋ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯᠯᠠᠭᠤᠯᠵᠤ ᠪᠠᠲᠤᠯᠠᠬᠤ ᠲᠥᠪ ᠢ ᠪᠠᠶᠢᠭᠤᠯᠤᠨ᠂ ᠰᠢᠨ᠎ᠡ ᠡᠨᠧᠷᠬᠢ | ᠶᠢ ᠠᠵᠢᠯᠯᠠᠭᠤᠯᠵᠤ ᠪᠠᠲᠤᠯᠠᠬᠤ ᠰᠤᠷᠭᠠᠭᠤᠯᠢ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ᠂ ᠰᠢᠨ᠎ᠡ ᠡᠨᠧᠷᠭᠢ ᠶᠢᠨ ᠶᠡᠷᠦᠩᠬᠡᠶ ᠬᠡᠯᠲᠡᠰ ᠤᠨ ᠠᠵᠤ ᠠᠬᠤᠶ ᠶᠢᠨ | ᠬᠦᠷᠢᠶᠡᠯᠡᠩ ᠢ ᠪᠠᠶᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠦᠴᠦᠯᠡᠨ | ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ | ᠨᠡᠭᠡᠭᠡᠯᠲᠡ ᠶᠢᠨ ᠥᠨᠳᠦᠷᠯᠢᠭ ᠢ ᠴᠣᠭᠴᠠᠯᠠᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ | ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠰᠢᠨ᠎ᠡ ᠶᠢ ᠡᠭᠦᠳᠬᠦ | ᠠᠴᠠ ᠬᠥᠳᠡᠯᠭᠡᠬᠦ ᠬᠦᠴᠦᠨ ᠣᠯᠵᠤ᠂ ᠨᠡᠬᠡᠬᠡᠯᠳᠡ ᠠᠴᠠ ᠣᠷᠣᠨ ᠵᠠᠢ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ | ᠨᠡᠩ ᠰᠠᠶᠢᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠭᠤᠤᠯᠳᠠᠯᠭ᠎ᠠ ᠲᠠᠢ ᠬᠦᠷᠢᠶᠠᠨ ᠤ ᠥᠭᠡᠷᠡᠴᠢᠯᠡᠯᠳᠡ ᠶᠢ ᠳᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ | ᠬᠦᠷᠢᠶᠡᠨ ᠳᠠᠬᠢ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠦᠷᠢᠶ᠎ᠡ | ᠬᠡᠪᠴᠢᠶ᠎ᠠ ᠬᠤᠪᠢᠶᠠᠨ ᠲᠦᠯᠬᠢᠨ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ | ᠲᠠᠪᠴᠠᠩ ᠢ ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠶᠢ | ᠰᠢᠯᠢᠳᠡᠭᠵᠢᠭᠦᠯᠦᠨ ᠲᠣᠬᠢᠷᠠᠭᠤᠯᠵᠤ᠂ ᠡᠨᠧᠷᠭᠢ᠂ ᠰᠣᠶᠣᠯ ᠵᠢᠭᠤᠯᠴᠢᠯᠠᠯ᠂ ᠪᠣᠭᠤᠮᠲᠠ᠂ ᠬᠦᠷᠢᠶᠡᠯᠡᠩ ᠲᠣᠭᠤᠷᠢᠭ᠂ | ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ | ᠴᠣᠭᠴᠠᠲᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠡᠨ ᠲᠠᠢ | ᠪᠣᠯᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠵᠠᠭᠠᠯᠳᠤᠬᠤ ᠪᠠ ᠡᠶᠡᠳᠡᠭᠦᠯᠬᠦ᠂ ᠠᠯᠪᠠᠨ ᠤ ᠡᠶᠡᠳᠡᠭᠦᠯᠭᠡ᠂ ᠰᠤᠷᠪᠤᠯᠵᠢᠯᠠᠬᠤ ᠪᠠ ᠡᠶᠡᠳᠡᠭᠦᠯᠬᠦ ᠶᠢᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ᠂ | ᠡᠮᠴᠢᠯᠡᠭᠡᠨ ᠤ ᠬᠤᠯᠪᠣᠭᠠᠲᠤ ᠴᠣᠭᠴᠠ᠂ ᠨᠠᠰᠤᠵᠢᠯ ᠤᠨ ᠬᠤᠯᠪᠣᠭᠠᠲᠤ ᠴᠣᠭᠴᠠ ᠵᠡᠷᠭᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠣᠯᠠᠨ ᠱᠠᠲᠤᠨ ᠤ ᠡᠮᠴᠢᠯᠡᠭᠡᠨ ᠤ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | | ᠭᠠᠳᠠᠭᠠᠳᠤ ᠨᠡᠭᠡᠭᠡᠯᠳᠡ ᠶᠢᠨ ᠰᠢᠨ᠎ᠡ ᠥᠨᠳᠦᠷᠯᠢᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠮᠠᠨᠳᠤᠯ ᠪᠣᠭᠤᠮᠲᠠ ᠶᠢᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ ᠶᠢ ᠨᠠᠶᠢᠷᠠᠭᠤᠯᠵᠤ᠂ ᠪᠣᠭᠤᠮᠲᠠ ᠶᠢᠨ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠪᠠᠷ ᠲᠡᠮᠡᠴᠡᠨ ᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠠᠮᠤᠷ | ᠲᠦᠪᠰᠢᠨ᠂ ᠣᠶᠤᠨᠴᠢ᠂ ᠪᠣᠬᠢᠷᠲᠤᠯ ᠥᠬᠡᠶ᠂ ᠥᠨᠳᠥᠷ ᠦᠷ᠎ᠡ ᠪᠦᠲᠦᠮᠵᠢᠲᠡᠶ︾ ᠶᠡᠭᠡ ᠬᠡᠮᠵᠢᠶᠡᠨ ᠤ ᠲᠠᠸᠠᠷ ᠢ | ᠭᠠᠳᠠᠭᠠᠳᠤ ᠠᠴᠠ ᠣᠷᠣᠭᠤᠯᠬᠤ ᠲᠤᠰᠬᠠᠶ ᠬᠡᠷᠡᠭᠯᠡᠭᠡᠨ ᠤ ᠪᠣᠭᠤᠮᠲᠠ ᠶᠢ ᠪᠠᠶᠢᠭᠤᠯᠵᠤ᠂ ᠮᠢᠩᠭᠠᠨ ᠲᠦᠮᠡᠨ ᠲᠣᠨ ᠤ | ᠲᠠᠰ ᠤᠨ ᠠᠷᠠᠯᠵᠢᠶᠠᠨ ᠤ ᠪᠣᠭᠤᠮᠲᠠ ᠶᠢ ᠪᠠᠶᠢᠭᠤᠯᠤᠨ᠎ᠠ᠃ ︽ᠤᠶᠤᠨᠲᠤ ᠪᠣᠭᠤᠮᠲᠠ᠂ ᠤᠶᠤᠨᠲᠤ ᠬᠢᠯᠢ ᠬᠢᠵᠠᠭᠠᠷ᠂ | ᠤᠶᠤᠨᠲᠤ ᠡᠳ᠋ᠯᠡᠭᠡ ᠶᠢ ᠬᠤᠯᠪᠣᠭᠠᠯᠠᠨ ᠨᠡᠪᠲᠡᠷᠡᠭᠦᠯᠬᠦ︾ ᠶᠢ ᠨᠢᠭᠡ ᠴᠤᠭᠴᠠᠵᠢᠭᠤᠯᠤᠨ ᠳᠦᠯᠬᠢᠨ ᠠᠬᠢᠭᠤᠯᠵᠤ᠂ | ᠪᠠᠷᠠᠭᠠᠨ ᠤ ᠲᠡᠭᠡᠭᠡᠪᠦᠷᠢ ᠶᠢᠨ ︽ᠲᠠᠷᠠᠬᠠᠶ ᠪᠤᠲᠠᠷᠬᠠᠶ ᠪᠠᠶᠢᠭᠰᠠᠨ ᠢ ᠲᠥᠪᠯᠡᠷᠡᠭᠦᠯᠦᠨ ᠴᠤᠭᠯᠠᠭᠤᠯᠬᠤ︾ ᠠᠯᠬᠤᠴᠠ ᠶᠢ | ᠲᠦᠷᠭᠡᠳᠬᠡᠨ᠂ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠷᠭᠡ ᠠᠴᠢᠶᠠᠯᠠᠬᠤ | ᠰᠠᠭᠤᠷᠢᠨ ᠭᠠᠵᠠᠷ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠥᠷᠭᠡᠳᠬᠡᠨ ᠪᠠᠶᠢᠭᠤᠯᠬᠤ᠂ ᠣᠯᠠᠨ ᠤᠯᠤᠰ | ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠦᠢᠯᠡᠴᠢᠯᠡᠭᠡᠨ ᠤ ᠲᠣᠭᠤᠷᠢᠭ ᠵᠡᠷᠭᠡ ᠲᠥᠷᠥᠯ ᠵᠦᠢᠯ ᠢ | ᠬᠡᠷᠡᠭᠵᠢᠭᠦᠯᠵᠦ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ ᠢ ᠡᠮᠬᠢ ᠵᠢᠷᠤᠮ ᠲᠠᠢ ᠪᠠᠷ ᠥᠷᠭᠡᠳᠬᠡᠨ | ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠮᠢᠬᠠᠨ ᠤ ᠵᠦᠢᠯ ᠤᠨ ᠵᠢᠭᠠᠨ ᠲᠣᠭᠲᠠᠭᠠᠭᠰᠠᠨ ᠬᠢᠨᠠᠯᠲᠠ | ᠬᠠᠮᠢᠶᠠᠷᠤᠯᠲᠠ ᠶᠢᠨ ᠲᠠᠯᠠᠪᠤᠷ ᠢ ᠡᠬᠢᠯᠡᠨ ᠠᠵᠢᠯᠯᠠᠭᠤᠯᠤᠨ᠎ᠠ᠃ ᠭᠠᠶᠢᠯᠢ ᠪᠠᠲᠤᠯᠠᠬᠤ ᠣᠷᠣᠨ ᠤ ᠲᠥᠷᠥᠯ ᠵᠦᠢᠯ ᠢ | ᠤᠯᠬᠤ ᠪᠠᠷ ᠢᠳᠡᠪᠬᠢᠲᠡᠶ ᠴᠢᠷᠮᠠᠶᠢᠵᠤ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ | ᠭᠤᠶᠤᠴᠢᠯᠠᠨ ᠪᠠᠶᠢᠭᠤᠯᠤᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ | ᠶᠢ ᠠᠬᠢᠭᠤᠯᠵᠤ᠂ ᠲᠠᠪᠤᠨ ᠲᠣᠯᠣᠭᠠᠶ ᠠᠴᠠ ᠬᠠᠩᠬᠢ ᠪᠣᠭᠤᠮᠲᠠ ᠬᠥᠷᠬᠦ ᠠᠭᠤᠷᠬᠠᠶ ᠶᠢᠨ ᠲᠡᠭᠡᠭᠡᠪᠦᠷᠢ ᠶᠢᠨ ᠵᠠᠰᠠᠮᠠᠯ | ᠵᠠᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠵᠢᠯ ᠤᠨ ᠳᠣᠲᠣᠷ᠎ᠠ | 300 ᠲᠦᠮᠡᠨ ᠲᠣᠨ ᠤ ᠪᠠᠷᠠᠭ᠎ᠠ ᠥᠩᠭᠡᠷᠡᠭᠦᠯᠬᠦ ᠶᠢ ᠪᠡᠶᠡᠯᠡᠭᠦᠯᠦᠨ᠎ᠡ᠃ ︽ᠴᠢᠯᠥᠭᠡᠲᠡᠶ ᠪᠠᠶᠢᠯᠭᠠᠬᠤ︾ ︽ | ᠰᠡᠷᠭᠡᠶᠢᠯᠡᠬᠦ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠪᠣᠭᠤᠮᠲᠠ ᠶᠢᠨ ᠬᠢᠵᠢᠭ ᠤᠨ ᠪᠠᠶᠢᠳᠠᠯ ᠤᠨ ᠪᠢᠲᠡᠭᠦᠦ | ᠡᠷᠬᠢᠯᠳᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ | ᠰᠡᠷᠭᠡᠶᠢᠯᠡᠯᠲᠡ ᠶᠢᠨ ᠱᠤᠭᠤᠮ ᠢ ᠪᠠᠳᠤᠳᠬᠠᠵᠤ᠂ ᠮᠠᠨᠳᠤᠯ ᠪᠣᠭᠤᠮᠲᠠ ᠶᠢᠨ ᠠᠮᠤᠷ ᠲᠦᠪᠰᠢᠨ᠂ ᠲᠣᠭᠲᠠᠭᠤᠨ᠂ | ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠭᠠᠳᠠᠭᠰᠢ ᠨᠡᠭᠡᠭᠡᠯᠲᠡ ᠬᠢᠬᠦ ᠴᠢᠳᠠᠪᠤᠷᠢ ᠶᠢᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ | ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠬᠦᠴᠦᠯᠡᠬᠦ ᠴᠡᠭ ᠪᠣᠯᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠴᠥᠭᠡᠨ ᠰᠠᠶᠢᠨ ᠲᠦᠷᠭᠡᠨ︾ ᠦᠢᠯᠡᠴᠢᠯᠡᠭᠡ ᠪᠠᠷ ᠬᠠᠷᠠᠯᠳᠠ ᠪᠣᠯᠭᠠᠵᠤ᠂ ︽ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠤᠷᠲᠠᠯ ᠢ ᠰᠢᠯᠢᠳᠡᠭᠵᠢᠭᠦᠯᠦᠨ ᠴᠡᠭᠴᠡᠯᠡᠨ ᠵᠠᠰᠠᠬᠤ ᠣᠨ︾ ᠤ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ 10 ᠵᠦᠢᠯ ᠠᠴᠠ ᠳᠡᠭᠡᠭᠰᠢᠬᠢ | ᠭᠤᠤᠯ ᠰᠡᠳᠦᠪᠲᠦ ᠦᠢᠯᠡᠴᠢᠯᠡᠭᠡ ᠶᠢ ᠬᠠᠩᠭᠠᠨ᠎ᠠ᠃ ︽ᠲᠦᠷᠪᠡ ᠵᠢᠭᠦ᠋ᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶ | ᠲᠦᠯᠬᠢᠨ ᠠᠬᠢᠭᠤᠯᠵᠤ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠲᠤᠷᠰᠢᠨ | ᠬᠡᠷᠡᠭᠵᠢᠭᠦᠯᠵᠦ᠂ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠶᠢ ᠥᠷᠭᠡᠳᠬᠡᠵᠦ | ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ | ᠶᠢ ᠪᠡᠶᠡᠯᠡᠭᠦᠯᠦᠨ᠎ᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ | ᠠᠯᠤᠰᠯᠠᠨ ᠬᠤᠯᠪᠣᠭᠠᠯᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠵᠢᠪᠦ᠋ᠷᠬᠦᠬᠦᠯᠦᠨᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ | ᠵᠤᠭᠰᠤᠩᠭᠤᠢ ᠡᠷᠦᠬᠡ︾ ︽ᠤᠷᠤᠨᠴᠠᠭ ᠡᠷᠦᠬᠡ︾ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ | ᠶᠣᠰᠣᠭᠠᠷ ᠬᠦᠴᠦᠨ ᠦᠭᠡᠢ ᠪᠤᠯᠭᠠᠨ᠎ᠡ᠃ ᠠᠵᠤ ᠦᠢᠯᠡᠳᠪᠦᠷᠢ ᠶᠢᠨ ᠲᠣᠭᠤᠷᠢᠭ ᠤᠨ ᠦᠨᠡᠯᠡᠨ ᠵᠢᠱᠢᠬᠦ ᠠᠵᠢᠯ ᠢ | ᠪᠥᠬᠦ ᠲᠠᠯ᠎ᠠ ᠪᠠᠷ ᠪᠡᠶᠡᠯᠡᠭᠦᠯᠦᠨ᠎ᠡ᠃ | ︵ᠳᠥᠷᠪᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ | ᠣᠳᠣᠬᠢᠴᠢᠯᠠᠭᠰᠠᠨ ᠰᠢᠨᠡᠲ᠋ᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ ᠨᠣᠭᠤᠭᠠᠨ ᠬᠠᠯᠬᠠᠪᠴᠢ ᠶᠢ | ᠪᠠᠬᠢᠵᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ | ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ᠳᠠᠷᠬᠠᠨ | ᠮᠤᠤᠮᠢᠩᠭᠠᠨ ᠤ ᠲᠠᠯ᠎ᠠ ᠨᠤᠲᠤᠭ ᠢ ︽ᠬᠦᠬᠡᠮᠳᠤᠭ᠌ ᠳᠠᠷᠬᠠᠨ ᠮᠤᠤᠮᠢᠩᠭᠠᠨ︾᠂ ︽ᠨᠤᠮᠢᠨ ᠨᠤᠭᠤᠭᠠᠨ ᠲᠠᠯ᠎ᠠ ᠨᠤᠲᠤᠭ | ︾ ᠪᠤᠯᠭᠠᠨ᠎ᠠ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠠᠵᠢᠯᠯᠠᠭ᠎ᠠ ᠶᠢ | ᠬᠦᠴᠦ ᠪᠠᠨ ᠬᠠᠮᠲᠤᠳᠬᠠᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ | ᠨᠢ ᠪᠠᠭᠤᠷᠠᠭᠤᠯᠬᠤ ︽1+10+N︾ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠥᠪᠦᠷ ᠮᠤᠩᠭᠤᠯ | ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠨ ᠲᠠᠯ᠎ᠠ ᠨᠤᠲᠤᠭ ᠤᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠣᠷᠣᠨ ᠢ ᠪᠥᠲᠥᠭᠡᠨ ᠪᠠᠶᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ | ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠪᠠᠷ ᠮᠡᠳᠡᠭᠦᠯᠦᠨ᠎ᠡ᠃ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠤ ᠠᠬᠤᠶ ᠶᠢ ᠢᠳᠡᠪᠬᠢᠲᠡᠶ | ᠬᠥᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ | ᠲᠣᠭᠲᠠᠪᠤᠷᠢᠵᠢᠭᠤᠯᠤᠨ ᠭᠠᠳᠠᠭᠰᠢᠯᠠᠭᠤᠯᠬᠤ ᠶᠢ ᠪᠠᠭᠠᠰᠬᠠᠬᠤ ᠰᠤᠳᠤᠯᠭᠠᠨ ᠢ ᠴᠢᠩᠭᠠᠳᠬᠠᠨ᠂ ᠪᠠᠶᠠᠨᠬᠤᠸᠠ ᠶᠢᠨ | ᠨᠡᠭᠦᠷᠡᠰᠦ ᠪᠠᠷ ᠣᠷᠭᠠᠨᠢᠭ ᠪᠣᠷᠲᠣᠭᠤᠷ ᠦᠢᠯᠡᠳᠭᠦ ᠵᠡᠷᠭᠡ ᠲᠥᠷᠥᠯ ᠵᠦᠢᠯ ᠢ ᠠᠬᠢᠭᠤᠯᠤᠨ᠎ᠠ᠃ ᠥᠨᠳᠦᠷᠯᠢᠭ ᠤᠨ | ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ | ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠠᠶᠠᠨᠬᠠᠩᠭᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠲᠣᠬᠢᠷᠠᠭᠤᠯᠤᠯᠲᠠ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠠᠬᠢᠭᠤᠯᠤᠨ᠎ᠡ᠃ ᠬᠠᠲᠤᠨ ᠭᠤᠤᠯ | ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠲᠩᠷᠢ ᠨᠠᠭᠤᠷ ᠤᠨ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠨ ᠵᠠᠰᠠᠬᠤ᠂ ᠠᠮᠢ ᠠᠬᠤᠶ ᠶᠢᠨ | ᠰᠢᠰᠲ᠋ᠧᠮ ᠤᠨ ᠪᠠᠶᠢᠷᠢ ᠲᠣᠭᠲᠠᠭᠠᠨ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠵᠡᠷᠭᠡ ᠲᠥᠷᠥᠯ ᠵᠦᠢᠯ ᠢ | ᠴᠢᠷᠮᠠᠶᠢᠨ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠴᠠᠬᠢᠯᠭᠠᠨ ᠢᠶᠠᠷ | ᠤᠷᠤᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠬᠤᠲᠠ ᠳᠤ ᠬᠦᠯᠡᠮᠵᠢ ᠶᠢᠨ ᠬᠡᠶ ᠪᠡᠶᠡᠲᠦ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠢ ᠡᠩ ᠲᠡᠷᠢᠭᠦᠨ ᠳᠤ | ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠰᠢᠭᠤ ᠰᠢᠶᠠᠨ ᠤ ᠲᠤᠷᠰᠢᠯᠲᠠ ᠶᠢᠨ ᠴᠡᠭ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠤᠬᠢᠷᠳᠤᠯ ᠥᠬᠡᠶ ᠴᠡᠴᠡᠷᠯᠢᠭ᠂ ᠪᠤᠬᠢᠷᠳᠤᠯ ᠥᠬᠡᠶ ᠵᠣᠴᠢᠳ ᠤᠨ | ᠪᠠᠭᠤᠳᠠᠯ᠂ ᠪᠤᠬᠢᠷᠳᠤᠯ ᠥᠬᠡᠶ ᠬᠤᠳᠠᠯᠳᠤᠭᠠᠨ ᠤ ᠬᠡᠲᠦ ᠳᠡᠯᠭᠡᠭᠦᠷ᠂ ᠪᠤᠬᠢᠷᠳᠤᠯ ᠥᠬᠡᠶ ᠲᠠᠯᠠᠪᠠᠶ ᠣᠷᠳᠣᠨ ᠵᠡᠷᠭᠡ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠥᠬᠡᠶ ᠳᠠᠷᠬᠠᠨ ᠮᠤᠤᠮᠢᠩᠭᠠᠨ ᠤ ᠬᠥᠭᠵᠢᠯᠲᠡ | ᠶᠢᠨ ᠰᠢᠰᠲ᠋ᠧᠮ ᠢ ᠤᠷᠢᠳᠠᠪᠠᠷ ᠪᠠᠶᠢᠭᠤᠯᠤᠨ᠎ᠠ᠃ | ᠬᠦᠴᠦᠨ ᠢᠶᠠᠨ ᠲᠥᠪᠯᠡᠷᠡᠭᠦᠯᠦᠨ ᠠᠮᠢ ᠠᠬᠤᠶ ᠶᠢᠨ ᠣᠷᠴᠢᠨ ᠨᠥᠬᠦᠴᠡᠯ ᠤᠨ ᠴᠢᠨᠠᠷ ᠢ ᠰᠠᠶᠢᠵᠢᠷᠠᠭᠤᠯᠤᠨ᠎ᠠ᠃ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠡᠵᠡᠮᠳᠡᠬᠦ︾ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠨ᠎ᠡ ᠳᠠᠷᠬᠠᠨ ᠮᠤᠤᠮᠢᠩᠭᠠᠨ ᠤ ᠬᠤᠪᠣᠷ ᠰᠢᠷᠣᠶ ᠶᠢᠨ ᠬᠠᠶᠢᠯᠠᠭᠤᠯᠭᠠ ᠶᠢᠨ ᠬᠤᠭᠤᠯᠠᠢ ᠶᠢᠨ | ᠪᠤᠬᠢᠷᠳᠤᠯ ᠬᠡᠶ ᠶᠢ ᠵᠠᠰᠠᠵᠤ᠂ ᠵᠢᠢ ᠳ᠋ᠦᠩ ᠱᠦᠢᠨᠢ ᠶᠢᠨ ᠥᠨᠳᠥᠷ ᠴᠢᠳᠠᠮᠵᠢᠳᠤ ᠴᠠᠬᠢᠯᠭᠠᠨ ᠮᠠᠰᠢᠨ ᠪᠠ ᠰᠠᠯᠬᠢᠨ | ᠮᠠᠰᠢᠨ ᠢ ᠰᠣᠯᠢᠬᠤ᠂ ᠪᠦᠦ ᠰᠢᠨ ᠣᠨᠴᠠ ᠪᠣᠯᠣᠳ ᠲᠡᠮᠦᠷ ᠤᠨ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠦᠴᠢᠯᠲᠥ᠋ᠷᠥᠭᠴᠢ ᠳᠤ ᠬᠤᠯᠪᠣᠭᠳᠠᠬᠤ | ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠪᠠᠲᠤᠯᠠᠨ᠎ᠠ᠃12668 ᠡᠷᠦᠬᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ | ᠪᠡᠶᠡᠯᠡᠭᠦᠯᠦᠨ᠎ᠡ᠃ ᠴᠢᠬᠤᠯᠠ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠠᠬᠢᠭᠤᠯᠵᠤ᠂ ᠬᠤᠲᠠ | ᠬᠥᠳᠡᠭᠡ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ | ᠶᠢ ᠪᠠᠶᠢᠭᠤᠯᠤᠨ᠂ ᠵᠠᠳᠠᠭᠠᠶ ᠭᠤᠤᠯ᠂ ᠠᠶᠢᠪᠠᠭ᠎ᠠ ᠭᠤᠤᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠠᠶᠢᠪᠠᠭ᠎ᠠ | ᠭᠤᠤᠯ ᠤᠨ ᠤᠰᠤᠨ ᠴᠥᠭᠦᠷᠥᠮ᠂ ᠳ᠋ᠦᠩ ᠴᠢᠤᠸᠠᠨ ᠽᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠨ᠎ᠡ᠃ | ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠠᠬᠤᠶ ᠶᠢ ᠡᠩ ᠲᠡᠷᠢᠭᠦᠨ ᠳᠤ ᠬᠠᠮᠠᠭᠠᠯᠠᠵᠤ᠂ ᠬᠢᠮᠢ ᠶᠢᠨ | ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ | ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠡᠷᠴᠢᠮ ᠢ ᠴᠢᠩᠭᠠᠷᠠᠭᠤᠯᠵᠤ᠂ ᠬᠤᠭ ᠨᠣᠪᠰᠢ ᠶᠢ ᠲᠦᠷᠦᠯ | ᠬᠤᠪᠢᠶᠠᠬᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ᠎ᠡ᠃ | ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠢ ᠴᠡᠭᠴᠡᠯᠡᠨ᠂ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠤ ᠵᠠᠰᠠᠨ ᠴᠡᠭᠴᠡᠯᠡᠯᠲᠡ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢ | ᠦᠢᠯᠡᠳᠪᠦᠷᠢᠯᠡᠯ ᠤᠨ ᠠᠭᠤᠷᠬᠠᠶ ᠶᠢᠨ ᠶᠡᠷᠦᠩᠬᠡᠶ ᠲᠤᠭ᠎ᠠ ᠶᠢᠨ 50% ᠠᠴᠠ ᠳᠡᠭᠡᠭᠰᠢ ᠳᠤ ᠬᠦᠷᠦᠭᠦᠯᠦᠨ᠎ᠡ᠃ | ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ ᠬᠤᠶᠠᠳᠤᠭᠠᠷ ᠡᠭᠡᠯᠵᠢ ᠶᠢᠨ ᠵᠢᠷᠭᠤᠳᠤᠭᠠᠷ ᠪᠦᠯᠦᠭ ᠤᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠨ᠎ᠠ᠃ | ᠠᠮᠢ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠬᠦᠴᠦ ᠪᠠᠨ ᠲᠥᠪᠯᠡᠷᠡᠭᠦᠯᠦᠨ | ᠲᠡᠭᠦᠯᠳᠡᠷᠵᠢᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠭᠦᠨᠵᠡᠭᠡᠶ ᠳᠥᠯᠭᠢᠨ ᠠᠬᠢᠭᠤᠯᠵᠤ᠂ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ | ᠶᠢᠨ ᠲᠥᠯᠥᠪᠵᠢᠭᠦᠯᠭᠡ ᠶᠢᠨ ︽ᠵᠢᠷᠤᠭ︾ ᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠦᠨ᠎ᠡ᠃ ᠰᠢᠨ᠎ᠡ ᠨᠢᠭᠡᠨ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ | ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ | ᠲᠦᠷᠢᠮ ᠢ ᠲᠡᠭᠦᠯᠳᠡᠷᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ | ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ | ᠤᠨ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠲᠦᠯᠬᠢᠨ ᠠᠬᠢᠭᠤᠯᠤᠨ᠎ᠠ᠃ ᠣᠷᠴᠢᠨ ᠠᠬᠤᠶ ᠶᠢᠨ | ᠪᠣᠬᠢᠷᠲᠤᠯ ᠤᠨ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠳᠠᠭᠤ | ᠠᠷᠭ᠎ᠠ ᠪᠤᠳᠤᠯᠭ᠎ᠠ ᠠᠪᠴᠤ᠂ ᠠᠮᠢ ᠠᠬᠤᠶ ᠶᠢᠨ ᠣᠷᠴᠢᠨ ᠨᠥᠬᠦᠴᠡᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ | ᠬᠢᠬᠦ ᠪᠠ ᠠᠮᠢ ᠠᠬᠤᠶ ᠶᠢᠨ ᠣᠷᠴᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠠᠪᠬᠤ᠂ ᠬᠠᠷᠢᠭᠤᠴᠠᠯᠭ᠎ᠠ ᠶᠢ | ᠨᠠᠰᠤᠨ ᠲᠤᠷᠰᠢᠳᠠ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠬᠤᠶᠠᠷ ᠶᠡᠭᠡ︾ ᠶᠢᠨ ᠲᠥᠷᠥᠯ ᠵᠦᠢᠯ ᠤᠨ | ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠲᠥᠷᠥᠯ ᠬᠤᠪᠢᠶᠠᠨ ᠰᠢᠢᠳᠪᠦᠷᠢᠯᠡᠬᠦ᠂ ᠬᠥᠳᠡᠯᠦᠩᠭᠦᠶ ᠪᠠᠷ ᠬᠢᠨᠠᠨ | ᠡᠵᠡᠮᠳᠡᠬᠦ ᠶᠢ ᠴᠢᠩᠭᠠᠳᠬᠠᠨ᠎ᠠ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠲᠦᠷᠭᠡᠳᠬᠡᠵᠦ᠂ | ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ | ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ᠂ ᠬᠤᠲᠠ ᠶᠢᠨ ᠬᠥᠭᠵᠢᠯᠲᠡ ᠶᠢᠨ ᠴᠢᠳᠠᠪᠤᠷᠢ | ᠶᠢᠨ ᠳᠡᠰ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠤᠷᠠᠨ ᠳᠠᠷᠬᠠᠨ ᠤ ᠵᠣᠷᠢᠭ ᠰᠠᠨᠠᠭ᠎ᠠ ᠪᠠᠷ ᠬᠤᠳᠠ ᠶᠢᠨ ᠴᠢᠨᠠᠷ ᠢ ᠳᠡᠭᠡᠭᠰᠢᠯᠡᠭᠦᠯᠬᠦ ᠠᠵᠢᠯ ᠢ ᠰᠠᠶᠢᠲᠤᠷ | ᠠᠳᠬᠤᠨ᠎ᠠ᠃ ︽ᠬᠤᠪᠢᠰᠬᠠᠯᠲᠦ ᠪᠠᠲᠤᠬᠠᠭᠠᠯᠭ᠎ᠠ᠂ ᠲᠠᠯ᠎ᠠ ᠨᠤᠲᠤᠭ ᠤᠨ ᠰᠢᠨ᠎ᠡ ᠥᠷᠲᠡᠭᠡ︾ ᠶᠢᠨ ᠬᠤᠲᠠ ᠶᠢᠨ | ᠪᠠᠶᠢᠷᠢ ᠲᠣᠭᠲᠠᠭᠠᠯᠲᠠ ᠶᠢ ᠳᠣᠪᠤᠶᠢᠯᠭᠠᠨ᠂ ᠰᠣᠶᠣᠯ ᠤᠨ ᠠᠭᠤᠯᠬᠤᠨ ᠢ ᠵᠤᠵᠠᠭᠠᠳᠬᠠᠨ᠂ ᠠᠮᠢ ᠠᠬᠤᠶ ᠶᠢᠨ | ᠦᠵᠡᠯᠲᠡ ᠶᠢ ᠴᠢᠩᠭᠠᠷᠠᠭᠤᠯᠵᠤ᠂ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ ᠶᠢ | ᠪᠥᠲᠥᠭᠡᠨ ᠪᠠᠶᠢᠭᠤᠯᠤᠨ᠎ᠠ᠃ᠬᠤᠪᠢᠰᠬᠠᠯᠳᠤ ᠵᠢᠭᠤᠯᠴᠢᠯᠠᠯ᠂ ᠰᠥᠨᠢ ᠶᠢᠨ ᠦᠵᠡᠮᠵᠢ ᠶᠢᠨ ᠵᠢᠭᠤᠯᠴᠢᠯᠠᠯ ᠢ | ᠪᠤᠶᠢᠵᠢᠭᠤᠯᠤᠨ ᠬᠥᠭᠵᠢᠭᠦᠯᠵᠦ᠂ ᠡᠳᠦᠷ ᠬᠤᠪᠢᠰᠬᠠᠯ ᠤᠨ ᠭᠠᠵᠠᠷ ᠢᠶᠠᠷ ᠵᠢᠭᠤᠯᠴᠢᠯᠠᠵᠤ᠂ᠦᠳᠡᠰᠢᠳᠧᠩ ᠤᠨ ᠬᠡᠷᠡᠯ | ᠤᠨ ᠦᠵᠡᠰᠬᠦᠯᠡᠩ ᠢ ᠰᠣᠨᠢᠷᠬᠠᠵᠤ᠂ ᠲᠠᠯ᠎ᠠ ᠨᠤᠲᠤᠭ ᠤᠨ ᠰᠣᠶᠣᠯ ᠤᠨ ᠬᠤᠲᠠ ᠶᠢ ᠪᠡᠶᠡᠴᠢᠯᠡᠨ ᠣᠶᠢᠯᠠᠭᠠᠬᠤ | ᠣᠳᠣᠬᠢᠴᠢᠯᠠᠭᠰᠠᠨ ᠵᠢᠭᠤᠯᠴᠢᠯᠠᠯ ᠤᠨ ᠬᠤᠲᠠ ᠪᠠᠯᠭᠠᠰᠤ ᠶᠢ ᠪᠠᠶᠢᠭᠤᠯᠤᠨ᠎ᠠ᠃ ᠤᠨᠴᠠᠯᠢᠬᠳᠤ ᠵᠡᠭᠡᠯᠢ ᠲᠣᠭᠤᠷᠢᠭ᠂ | ᠭᠤᠤᠯ ᠰᠡᠳᠦᠪᠲᠦ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ | ᠠᠬᠢᠭᠤᠯᠵᠤ᠂ ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ | ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠪᠠᠷ ᠡᠭᠦᠳᠦᠨ | ᠪᠠᠶᠢᠭᠤᠯᠤᠨ᠎ᠠ᠃ ᠬᠤᠲᠠ ᠰᠢᠨᠡᠳᠬᠡᠬᠦ ᠠᠵᠢᠯᠯᠠᠭ᠎ᠠ ᠶᠢ ᠲᠦᠷᠭᠡᠳᠬᠡᠨ᠂ ᠪᠦᠯᠬᠦᠮᠳᠡᠯ ᠵᠠᠮ᠂ᠪᠠᠳᠤᠬᠠᠭᠠᠯᠭ᠎ᠠ ᠶᠡᠭᠡ | ᠵᠡᠭᠡᠯᠢ ᠵᠡᠷᠭᠡ ᠵᠠᠮ ᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠰᠤ ᠴᠠᠬᠢᠯᠭᠠᠨ ᠳᠤᠯᠠᠭᠠᠯᠭ᠎ᠠ ᠮᠡᠳᠡᠭᠡ | ᠬᠤᠯᠪᠤᠭ᠎ᠠ᠂ ᠬᠠᠭᠤᠴᠢᠨ ᠪᠠᠭ᠎ᠠ ᠲᠣᠭᠤᠷᠢᠭ᠂ᠪᠠᠭ᠎ᠠ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ | ᠢ ᠥᠷᠨᠢᠭᠦᠯᠦᠨ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠣᠷᠣᠨ ᠢ ᠴᠡᠭᠴᠡᠯᠡᠨ ᠵᠠᠰᠠᠵᠤ ᠨᠤᠭᠤᠭᠠᠷᠠᠭᠤᠯᠤᠨ | ᠂ ᠰᠢᠨ᠎ᠡ ᠡᠨᠧᠷᠬᠢ ᠶᠢᠨ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠨᠡᠶᠢᠲᠡ | ᠶᠢᠨ ᠲᠡᠷᠭᠡ ᠵᠣᠭᠰᠣᠭᠠᠬᠤ ᠪᠠᠶᠢᠷᠢ ᠶᠢ 700 ᠶᠢ ᠨᠡᠮᠡᠵᠤ᠂ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠨᠢᠭᠡ ᠪᠦᠯᠦᠭ ᠥᠷᠲᠡᠭᠡᠨ ᠤ ᠮᠠᠶ᠋ᠢᠭ ᠤᠨ ᠨᠡᠶᠢᠲᠡ ᠶᠢᠨ ᠵᠣᠷᠯᠣᠩ ᠰᠢᠨ᠎ᠡ ᠪᠠᠷ ᠪᠠᠶᠢᠭᠤᠯᠤᠨ᠎ᠠ᠃ ᠬᠤᠳᠠ ᠶᠢᠨ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ | ᠶᠢᠨ ᠬᠤᠭ ᠨᠣᠪᠰᠢ ᠶᠢ ᠨᠢᠭᠡ ᠴᠤᠭᠴᠠᠵᠢᠭᠤᠯᠤᠨ ᠰᠢᠢᠳᠪᠦᠷᠢᠯᠡᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠤᠶᠤᠨᠲᠤ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂︽ᠵᠡᠭᠡᠯᠢ ᠶᠢᠨ ᠳᠠᠷᠤᠭ᠎ᠠ ᠶᠢᠨ ᠳᠦᠷᠢᠮ︾ ᠤᠨ | ᠬᠠᠮᠢᠶᠠᠷᠤᠯᠳᠠ ᠶᠢ ᠬᠡᠷᠡᠭᠵᠢᠭᠦᠯᠵᠤ᠂ ︽ᠬᠤᠲᠠ ᠶᠢᠨ ᠬᠠᠮᠢᠶᠠᠷᠤᠭᠴᠢ · ᠰᠡᠳᠬᠢᠯ ᠲᠠᠯᠪᠢᠨ ᠦᠢᠯᠡᠴᠢᠯᠡᠬᠦ︾ ᠨᠠᠷᠠᠲᠤ | ᠲᠡᠮᠳᠡᠭᠲᠦ ᠶᠢ ᠪᠣᠶ ᠪᠣᠯᠭᠠᠨ᠎ᠠ᠃ | ᠨᠡᠩ ᠦᠨᠳᠦᠷ ᠪᠠᠷᠢᠮᠵᠢᠶ᠎ᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠳᠣᠨ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ | ᠶᠢ ᠲᠦᠯᠬᠢᠨ ᠠᠬᠢᠭᠤᠯᠤᠨ᠎ᠠ᠃ 3903 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠡᠯ᠎ᠡ ᠲᠥᠷᠥᠯ | ᠤᠨ ᠲᠥᠷᠥᠯ ᠵᠦᠢᠯ 14 ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠪᠡ᠃ ᠪᠥᠬᠦ ᠬᠤᠰᠢᠭᠤᠨ ᠤ 40% ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠣᠷᠣᠯᠭ᠎ᠠ ᠶᠢ 20 ᠲᠦᠮᠡᠨ ᠲᠥᠭᠦᠷᠢᠭ ᠠᠴᠠ ᠳᠡᠭᠡᠭᠰᠢ ᠪᠤᠯᠭᠠᠵᠤ᠂ ᠪᠠᠭ᠎ᠠ ᠤᠩᠭᠤᠨ ᠰᠢᠶᠠᠩ ᠤᠨ | ᠡᠷᠳᠡᠨᠢ ᠰᠢᠰᠢ ᠶᠢ ᠬᠥᠯᠳᠡᠭᠡᠵᠦ ᠪᠣᠭᠤᠳᠠᠯᠯᠠᠬᠤ᠂ ᠯᠠ ᠳ᠋ᠦᠢ ᠵᠢᠦ ᠠᠵᠤ ᠦᠢᠯᠡᠰ ᠤᠨ ᠲᠣᠭᠤᠷᠢᠭ ᠤᠨ ᠪᠦᠲᠦᠭᠡᠨ | ᠪᠠᠶᠢᠭᠤᠯᠤᠯᠳᠠ ᠶᠢ ᠦᠷᠨᠢᠭᠦᠯᠵᠤ᠂ᠬᠥᠳᠡᠭᠡ ᠲᠣᠰᠬᠤᠨ ᠤ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠲᠦᠷᠦᠯ ᠵᠦᠢᠯ ᠢ ᠴᠢᠷᠮᠠᠶᠢᠨ ᠬᠡᠷᠡᠭᠵᠢᠭᠦᠯᠦᠨ᠎ᠡ᠃ ᠬᠥᠳᠡᠭᠡ ᠲᠣᠰᠬᠤᠨ | ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠠᠬᠢᠭᠤᠯᠵᠤ᠂ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠵᠦ ᠲᠥᠪᠬᠢᠨᠡᠭᠦᠯᠬᠦ ᠴᠡᠭ ᠤᠨ ᠵᠠᠮ᠂ ᠪᠣᠬᠢᠷ ᠤᠰᠤᠨ ᠤ ᠬᠤᠭᠤᠯᠠᠶ ᠲᠣᠤᠷ ᠵᠢᠴᠢ ᠲᠡᠭᠦᠨ ᠤ | ᠳᠠᠭᠠᠯᠲᠠ ᠪᠡᠯᠡᠳᠬᠡᠮᠵᠢ ᠵᠡᠷᠭᠡ ᠲᠥᠷᠥᠯ ᠵᠦᠢᠯ ᠢ ᠳᠥᠯᠭᠢᠨ ᠠᠬᠢᠭᠤᠯᠤᠨ᠎ᠠ᠃ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠲᠦᠷᠭᠡᠳᠬᠡᠵᠦ᠂ | ᠰᠤᠮᠤ ᠰᠢᠶᠠᠩ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠶᠢ 2 ᠪᠠᠶᠢᠭᠤᠯᠵᠤ᠂ ᠪᠠᠶᠢᠭᠤᠯᠤᠮᠵᠢᠳᠤ | ᠪᠠᠯᠭᠠᠰᠤ ᠶᠢᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠦᠨ᠎ᠡ᠃ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠡᠷᠦᠬᠡ ᠶᠢᠨ ᠰᠢᠨ᠎ᠡ ᠶᠢ ᠡᠭᠦᠳᠬᠦ ᠦᠨᠡᠯᠡᠯᠲᠡ ᠶᠢ | ᠠᠬᠢᠭᠤᠯᠵᠤ᠂ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ | ᠤᠨ ᠰᠤᠷᠲᠠᠯ ᠢ ᠪᠣᠶ ᠪᠣᠯᠭᠠᠨ᠎ᠠ᠃ | ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠤᠯᠤᠰ | ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ | ᠪᠠᠶᠢᠷᠢᠯᠠᠭᠤᠯᠬᠤ ᠠᠵᠠ ᠲᠣᠬᠢᠶᠠᠯ ᠢ ᠠᠳᠬᠤᠵᠤ᠂ ᠨᠢᠭᠡ ᠪᠦᠯᠦᠭ ᠰᠠᠭᠤᠷᠢ ᠲᠠᠯᠪᠢᠬᠤ᠂ ᠴᠢᠳᠠᠮᠵᠢ ᠪᠠᠨ | ᠴᠢᠩᠭᠠᠳᠬᠠᠬᠤ᠂ ᠠᠯᠤᠰ ᠬᠡᠲᠦ ᠳᠤ ᠠᠰᠢᠭᠲᠠᠶ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ | ᠲᠥᠯᠥᠪᠯᠡᠨ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠪᠤᠭᠤᠲᠤ ᠮᠠᠨᠳᠤᠯ ᠲᠡᠮᠦᠷ ᠵᠠᠮ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ | ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠥᠷᠬᠦ ᠬᠡᠰᠡᠭ | ᠤᠨ ᠵᠠᠰᠠᠮᠠᠯ ᠵᠠᠮ ᠢ ᠵᠢᠯ ᠤᠨ ᠳᠣᠲᠣᠷ᠎ᠠ ᠳᠠᠭᠤᠰᠬᠠᠵᠤ᠂ ᠤᠯᠤᠰ ᠤᠨ ᠵᠠᠮ ᠤᠨ 210 ᠱᠤᠭᠤᠮ ᠤᠨ ᠪᠠᠶ᠋ᠬᠠᠤᠪᠤᠭ᠎ᠠ | ᠠᠴᠠ ᠭᠦᠶᠡᠩ ᠬᠥᠷᠬᠦ ᠬᠡᠰᠡᠭ ︵ᠳᠠᠷᠬᠠᠨ ᠮᠤᠤᠮᠢᠩᠭᠠᠨ ᠳᠠᠬᠢ ᠬᠡᠰᠡᠭ︶ ᠤᠨ ᠨᠢᠭᠡᠳᠦᠭᠡᠷ ᠳᠡᠰ ᠤᠨ ᠵᠠᠰᠠᠮᠠᠯ ᠵᠠᠮ | ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠰᠢᠶᠠᠨ ᠤ ᠵᠠᠮ ᠤᠨ 084 ᠤᠯᠠᠭᠠᠬᠤᠪᠤᠭᠠ ᠠᠴᠠ ᠰᠢ ᠾᠧ | ᠬᠥᠷᠬᠦ ᠵᠠᠰᠠᠮᠠᠯ ᠵᠠᠮ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 167 ᠺᠢᠯᠣᠮᠧᠲᠷ ᠰᠢᠨ᠎ᠡ | ᠪᠠᠷ ᠪᠠᠶᠢᠭᠤᠯᠵᠤ ᠥᠭᠡᠷᠡᠴᠢᠯᠡᠨ ᠵᠠᠰᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠤ ᠲᠣᠤᠷ ᠤᠨ | ᠥᠭᠡᠷᠡᠴᠢᠯᠡᠯᠲᠡ ᠶᠢ 535 ᠡᠷᠦᠬᠡ ᠳᠤ ᠬᠡᠷᠡᠭᠵᠢᠭᠦᠯᠦᠨ᠎ᠡ᠃ 5G ᠰᠦᠯᠵᠢᠶᠡᠨ ᠤ ᠰᠠᠭᠤᠷᠢ ᠦᠷᠳᠡᠭᠡ 45 ᠶᠢ | ᠰᠢᠨ᠎ᠡ ᠪᠠᠷ ᠪᠠᠶᠢᠭᠤᠯᠵᠤ᠂ ᠡᠯ᠎ᠡ ᠲᠦᠷᠦᠯ ᠤᠨ ᠤᠰᠤ ᠬᠠᠩᠭᠠᠬᠤ ᠢᠨᠵᠧᠨᠧᠷᠢᠩ ᠢ 67 ᠰᠢᠨ᠎ᠡ ᠪᠠᠷ ᠪᠠᠶᠢᠭᠤᠯᠤᠨ᠎ᠠ᠃ | | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠣᠳᠣᠬᠢᠴᠢᠯᠠᠯᠲᠠ ᠶᠢᠨ ᠰᠢᠨ᠎ᠡ | ᠳᠠᠷᠬᠠᠨ ᠮᠤᠤᠮᠢᠩᠭᠠᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠡᠪᠲᠡᠷᠬᠡᠢ ᠣᠶᠢᠯᠠᠭᠠᠵᠤ | ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠡᠵᠡᠮᠳᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠨᠡᠩ ᠭᠦᠢᠴᠡᠳ ᠪᠣᠯᠭᠠᠬᠤ ᠶᠢ ᠲᠦᠯᠬᠢᠨ | ᠠᠬᠢᠭᠤᠯᠤᠨ᠎ᠠ᠃ ᠠᠵᠢᠯ ᠣᠯᠭᠤᠯᠲᠠ ᠶᠢ ᠨᠠᠷᠢᠯᠢᠬᠵᠢᠭᠤᠯᠤᠨ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠠᠵᠢᠯ ᠠᠯᠳᠠᠭᠰᠠᠨ ᠢᠶᠠᠷ | ᠳᠠᠩᠰᠠᠯᠠᠭᠤᠯᠤᠭᠰᠠᠨ ᠬᠥᠮᠦᠰ ᠵᠡᠷᠭᠡ ᠭᠤᠤᠯᠳᠠᠯᠭ᠎ᠠ ᠲᠠᠢ ᠬᠠᠮᠳᠤ ᠤᠯᠠᠨ ᠳᠤ ᠠᠵᠢᠯ ᠣᠯᠭᠤᠬᠤ ᠶᠢ ᠰᠠᠶᠢᠲᠤᠷ | ᠠᠳᠬᠤᠵᠤ᠂ ᠬᠤᠲᠠ ᠪᠠᠯᠭᠠᠰᠤ ᠶᠢᠨ 1500 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ | ᠣᠯᠤᠭᠰᠠᠨ ᠥᠬᠡᠶ ᠬᠡᠷ ᠪᠦᠯᠢ ᠭᠡᠵᠦ ᠦᠭᠡᠢ ᠪᠤᠯᠭᠠᠨ᠎ᠠ᠃ ᠲᠣᠣ ᠮᠠ ᠭᠧᠤ ᠲᠠᠷᠢᠶᠠᠯᠠᠩ ᠤᠨ ᠲᠠᠯᠠᠪᠠᠶ ᠶᠢᠨ ᠠᠳᠠᠯ | ᠦᠢᠯᠡᠰ ᠴᠣᠭᠴᠠᠯᠠᠬᠤ ᠬᠦᠷᠢᠶᠡᠯᠡᠩ ᠤᠨᠦᠷᠭᠡᠵᠢᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠪᠥᠬᠦ ᠵᠢᠯ | ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 2000 ᠲᠦᠮᠡᠨ ᠲᠥᠭᠦᠷᠢᠭ ᠠᠴᠠ ᠳᠡᠭᠡᠭᠰᠢ | ᠲᠠᠯᠪᠢᠨ᠎ᠠ᠃ ︽ᠠᠵᠢᠯ ᠣᠯᠭᠤᠯᠲᠠ ᠶᠢᠨ ᠠᠶᠠᠯᠠᠯ ᠢ ᠡᠬᠢᠯᠡᠭᠦᠯᠬᠦ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ︽ | ᠭᠤᠷᠪᠠ ᠶᠢ ᠲᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ | ᠳᠤᠷ᠎ᠠ ᠶᠢᠨ ᠠᠵᠢᠯᠯᠠᠭᠴᠢ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠣᠭᠠᠴᠢᠯᠠᠭᠰᠠᠨ ᠠᠵᠤ ᠠᠬᠤᠶ ᠵᠡᠷᠭᠡ ᠠᠵᠢᠯ ᠲᠥᠷᠥᠯ | ᠤᠨ ᠬᠦᠷᠢᠶᠡᠨ ᠳᠤ ︽ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ︾ ᠶᠢ ᠣᠷᠣᠭᠤᠯᠤᠨ ᠠᠪᠴᠢᠷᠠᠬᠤ ᠶᠢᠨ | ᠲᠣᠭᠤᠷᠢᠨ ᠳᠤ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠲᠣᠭᠲᠠᠭᠠᠨ ᠬᠡᠷᠡᠭᠵᠢᠭᠦᠯᠵᠦ᠂ ︽ᠳᠠᠷᠬᠠᠨ ᠮᠤᠤᠮᠢᠩᠭᠠᠨ ᠤ ᠴᠢᠳᠠᠪᠤᠷᠢᠲᠠᠨ ᠤ ᠬᠥᠮᠥᠷᠭᠡ︾᠂ ᠳᠤᠲᠠᠭᠳᠠᠵᠤ ᠪᠠᠶᠢᠭ᠎ᠠ | ᠴᠢᠳᠠᠪᠤᠷᠢᠲᠠᠨ ᠤ ᠨᠠᠷᠢᠨ ᠲᠠᠩᠰᠠ ᠶᠢᠨ ᠲᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠴᠢᠳᠠᠪᠤᠷᠢᠲᠠᠨ ᠢ︽ᠦᠯᠡᠳᠡᠭᠡᠬᠦ︾ ᠵᠠᠭᠪᠤᠷ ᠢ ᠬᠠᠶᠢᠨ | ᠰᠦᠪᠡᠭᠴᠢᠯᠡᠨ᠎ᠡ᠃ | ᠨᠡᠶᠢᠭᠡᠮ ᠤᠨ ᠪᠠᠲᠤᠯᠠᠭ᠎ᠠ ᠶᠢ ᠨᠡᠩ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠷᠢᠮᠵᠢᠶ᠎ᠡ ᠳᠤ ᠳᠤᠬᠢᠷᠠᠬᠤ ᠬᠦᠮᠦᠰ ᠢ ᠴᠦᠮ ᠳᠠᠭᠠᠳᠬᠠᠯ ᠳᠤ | ᠤᠷᠤᠭᠤᠯᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠪᠠ ᠬᠦᠴᠢᠷᠳᠡᠯ ᠲᠠᠢ ᠤᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ | ᠨᠡᠮᠡᠭᠳᠡᠭᠦᠯᠦᠨ᠎ᠡ᠃ ᠣᠨᠴᠠ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ | ᠲᠦᠷᠢᠮ ᠢ ᠲᠡᠭᠦᠯᠳᠡᠷᠵᠢᠭᠦᠯᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ | ᠶᠢ ᠨᠠᠶᠢᠳᠠᠪᠤᠷᠢᠵᠢᠭᠤᠯᠤᠨ᠎ᠠ᠃ ᠠᠮᠢᠳᠤᠷᠠᠯ ᠨᠢ ᠬᠦᠴᠢᠷᠳᠡᠯᠲᠡᠶ ᠠᠵᠢᠯ ᠠᠯᠳᠠᠭᠰᠠᠳ ᠪᠠ ᠬᠡᠷ ᠪᠦᠯᠢ ᠶᠢ ᠴᠠᠭ ᠲᠤᠬᠠᠶ | ᠳᠤᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠬᠦᠷᠢᠶ᠎ᠡ | ᠬᠡᠪᠴᠢᠶᠡᠨ ᠳᠤ ᠣᠷᠣᠭᠤᠯᠬᠤ ᠬᠡᠷᠡᠭᠲᠡᠶ᠃ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ︾ | ᠠᠵᠢᠯᠯᠠᠭ᠎ᠠ ᠶᠢ ᠲᠦᠯᠬᠢᠨ ᠠᠬᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠬᠠᠮᠠᠭᠠᠯᠠᠨ᠎ᠠ᠃ ︽ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠤᠭᠡ ᠳᠤ ᠬᠦᠷᠭᠡᠬᠦ︾ | ᠠᠵᠢᠯᠯᠠᠭ᠎ᠠ ᠶᠢ ᠥᠷᠨᠢᠭᠦᠯᠦᠨ᠎ᠡ᠃ ᠲᠠᠯ᠎ᠠ ᠨᠤᠲᠤᠭ ᠤᠨ ᠡᠮᠡᠭᠲᠡᠶᠢᠴᠦᠳ ᠤᠨ ︽ᠬᠤᠶᠠᠷ ᠢ ᠡᠭᠦᠳᠬᠦ︾᠂ | ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ︽ᠬᠦᠴᠢᠷᠢ ᠳᠠᠪᠠᠭ᠋ᠤ︾ ᠠᠵᠢᠯᠯᠠᠭ᠎ᠠ ᠶᠢ | ᠬᠡᠷᠡᠭᠵᠢᠭᠦᠯᠵᠦ᠂ ᠪᠥᠬᠦ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ | ᠬᠤᠰᠢᠭᠤ᠂ ᠬᠡᠤᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠢ ᠡᠭᠦᠳᠦᠨ ᠪᠠᠶᠢᠭᠤᠯᠤᠨ᠎ᠠ᠃ | ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠳᠠᠢ ᠬᠥᠭᠵᠢᠯᠳᠡ ᠶᠢ ᠠᠬᠢᠭᠤᠯᠤᠨ᠎ᠠ᠃ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽ᠲᠤᠯᠤᠭᠠᠨ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ | ᠭᠤᠤᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠨᠣᠷᠮ᠎ᠠ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠳᠠᠪᠰᠢᠨ ᠣᠷᠣᠬᠤ ᠨᠣᠷᠮ᠎ᠠ ᠶᠢ ᠴᠥᠮ | 5 ᠠᠴᠠ ᠳᠡᠭᠡᠭᠰᠢ ᠵᠠᠭᠤᠨ ᠤ ᠬᠤᠪᠢ ᠳᠡᠭᠡᠭᠰᠢᠯᠡᠭᠦᠯᠵᠦ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠬᠤᠰᠢᠭᠤ ᠰᠢᠶᠠᠨ ᠪᠤᠯᠭᠠᠨ᠎ᠠ᠃ ᠪᠠᠭᠰᠢ ᠶᠢ | ᠬᠠᠯᠠᠮᠵᠢᠯᠠᠨ ᠬᠠᠶᠢᠷᠠᠯᠠᠵᠤ ᠪᠠᠭᠰᠢ ᠶᠢᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠠᠷᠪᠠᠨ | ᠵᠦᠢᠯ ᠤᠨ ᠠᠷᠭ᠎ᠠ ᠬᠡᠮᠵᠢᠶ᠎ᠡ ᠲᠤᠭᠲᠠᠭᠠᠵᠤ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ᠂ | ︽ᠬᠤᠰᠢᠭᠤᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︽ᠬᠤᠶᠠᠷ ᠢᠬᠦ᠋ᠩᠬᠡᠯᠡᠬᠦ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ︽ᠲᠠᠪᠤᠨ ᠵᠦᠢᠯ ᠤᠨ | ᠬᠠᠮᠢᠶᠠᠷᠤᠯᠲᠠ︾ ᠶᠢ ᠴᠢᠩᠭᠠᠳᠬᠠᠨ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠬᠡᠷᠡᠭᠵᠢᠭᠦᠯᠵᠦ᠂ | ᠳᠤᠮᠳᠠ ᠪᠠᠭ᠎ᠠ ᠰᠤᠷᠭᠠᠭᠤᠯᠢ ᠴᠡᠴᠡᠷᠯᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ | ᠴᠤᠭᠴᠠᠵᠢᠭᠤᠯᠬᠤ ᠶᠢ ᠲᠦᠯᠬᠢᠨ ᠠᠬᠢᠭᠤᠯᠵᠤ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ | ᠢ ᠬᠡᠷᠡᠭᠯᠡᠬᠦ ᠠᠵᠢᠯ ᠢ ᠡᠷᠡᠰ ᠬᠡᠷᠡᠭᠵᠢᠭᠦᠯᠦᠨ᠎ᠡ᠃ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ | ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠡ᠃ | ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠦᠯᠢᠶᠤᠤ ᠭᠤᠮ ᠪᠡᠶ᠎ᠡ ᠶᠢᠨ ᠲᠠᠮᠢᠷ | ᠤᠨ ᠲᠠᠯᠠᠪᠠᠢ᠂ ᠬᠥᠳᠡᠯᠭᠡᠭᠡᠨ ᠤ ᠳᠠᠰᠤᠭ ᠢ ᠥᠭᠡᠷᠡᠴᠢᠯᠡᠬᠦ᠂ ᠤᠶᠤᠨᠲᠤ ᠰᠠᠮᠪᠠᠷ᠎ᠠ ᠵᠡᠷᠭᠡ ᠲᠦᠷᠦᠯ ᠵᠦᠢᠯ ᠢ | ᠬᠡᠷᠡᠭᠵᠢᠭᠦᠯᠵᠦ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠰᠤᠷᠭᠠᠨ ᠬᠥᠮᠦᠵᠢᠯ ᠤᠨ ᠲᠥᠪ ᠢ | ᠪᠠᠶᠢᠭᠤᠯᠤᠨ᠎ᠠ᠃ | ᠡᠷᠡᠭᠦᠯ ᠮᠡᠨᠳᠦ ᠶᠢᠨ ᠦᠢᠯᠡᠴᠢᠯᠡᠭᠡ ᠶᠢ ᠨᠠᠩ ᠰᠢᠯᠢᠳᠡᠭ ᠪᠣᠯᠭᠠᠬᠤ ᠶᠢ ᠠᠬᠢᠭᠤᠯᠤᠨ᠎ᠠ᠃ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠨᠠᠷᠢᠯᠢᠬᠵᠢᠭᠤᠯᠬᠤ ᠪᠠ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠳᠤ ᠴᠤᠤᠷᠢᠶᠠᠲᠤᠨ ᠳᠠᠭᠠᠬᠤ ᠪᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠮᠨᠡᠨ ᠰᠤᠪᠢᠯᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠤᠨ ᠡᠵᠡᠩᠨᠡᠯᠲᠡ ᠳᠤ ᠣᠷᠣᠬᠤ ᠶᠢ ᠠᠬᠢᠭᠤᠯᠤᠨ᠎ᠡ᠃ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ | ᠲᠠᠢ ᠬᠠᠮᠲᠤᠷᠠᠨ ᠳ᠋ᠣᠺᠲ᠋ᠣᠷᠠᠨᠲ ᠤᠨ ᠠᠵᠢᠯ ᠤᠨ ᠥᠷᠲᠡᠭᠡ ᠪᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠵᠢᠱᠢᠶ᠎ᠡ | ᠦᠵᠡᠭᠦᠯᠬᠦᠴᠡᠭ ᠢ ᠪᠠᠶᠢᠭᠤᠯᠵᠤ᠂ ᠥᠪᠥᠷ ᠮᠣᠩᠭᠤᠯ ᠤᠨ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ | ᠮᠣᠩᠭᠤᠯ ᠬᠢᠲᠠᠳ ᠡᠮᠨᠡᠯᠭᠡ ᠶᠢᠨ ᠵᠢᠭᠠᠨ ᠰᠤᠷᠭᠠᠯᠲᠠ ᠶᠢᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠪᠥᠬᠦ ᠣᠷᠣᠨ ᠪᠦᠰᠡ ᠶᠢᠨ ︽ᠲᠠᠮᠠᠬᠢ ᠲᠠᠲᠠᠬᠤ ᠥᠬᠡᠶ ᠪᠠᠶᠢᠭᠤᠯᠭ᠎ᠠ︾ ᠶᠢ ᠡᠭᠦᠳᠦᠨ ᠪᠠᠶᠢᠭᠤᠯᠤᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠥᠬᠦ ᠤᠯᠤᠰ ᠤᠨ | ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠳᠠᠬᠢᠨ ᠬᠢᠨᠠᠯᠲᠠ ᠳᠤ ᠬᠢᠷᠢ ᠲᠡᠩᠴᠡᠬᠦ ᠶᠢ ᠪᠠᠲᠤᠯᠠᠨ᠎ᠠ᠃︽ᠨᠢᠭᠡ | ᠨᠠᠰᠤᠲᠠᠨ ᠨᠢᠭᠡ ᠪᠠᠭᠠᠴᠤᠳ︾ ᠤᠨ ᠠᠰᠠᠭᠤᠳᠠᠯ ᠢ ᠴᠢᠬᠤᠯᠠᠴᠢᠯᠠᠵᠤ᠂ ᠭᠡᠷ ᠪᠦᠯᠢ ᠶᠢᠨ ᠪᠠ ᠨᠡᠶᠢᠭᠡᠮ ᠲᠣᠭᠤᠷᠢᠭ | ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ | ᠬᠦᠮᠦᠨ ᠠᠮᠠ ᠶᠢᠨ ᠦᠷᠡᠵᠢᠯ ᠤᠨ ᠰᠢᠨ᠎ᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠲᠦᠯᠬᠢᠨ ᠠᠬᠢᠭᠤᠯᠤᠨ᠎ᠠ᠃ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ | ᠶᠢ ᠲᠣᠭᠲᠠᠭᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠨ᠎ᠠ᠃ ᠨᠡᠶᠢᠭᠡᠮ ᠤᠨ ᠰᠡᠳᠬᠢᠴᠡ | ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠨ᠎ᠠ᠃ | ᠰᠣᠶᠣᠯ ᠲᠠᠮᠢᠷ ᠤᠨ ᠦᠢᠯᠡᠰ ᠤᠨ ᠨᠡᠩ ᠴᠡᠴᠡᠭᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠤᠳᠠ | ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ | ᠮᠦᠽᠧᠶ᠂ ᠳᠤᠷᠠᠰᠬᠠᠯ ᠤᠨ ᠣᠷᠳᠣᠨ᠂ ᠤᠷᠠᠨ ᠰᠠᠶᠢᠬᠠᠨ ᠤ ᠲᠣᠭᠯᠠᠯᠲᠠ ᠶᠢᠨ ᠲᠥᠪ ᠢ ᠨᠡᠭᠡᠭᠡᠨ ᠡᠵᠡᠩᠨᠡᠵᠦ᠂ | ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠭᠤᠷᠢᠭ | ᠤᠨ ᠲᠠᠬᠢᠨ ᠪᠠᠶᠢᠴᠠᠭᠠᠯᠲᠠ ᠳᠤ ᠬᠢᠷᠢ ᠲᠡᠩᠴᠡᠬᠦ ᠶᠢ ᠦᠨᠡᠨ ᠬᠦ ᠪᠠᠲᠤᠯᠠᠨ᠎ᠠ᠃ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠣᠷᠳᠣ ᠬᠤᠭᠤᠴᠠᠭ᠎ᠠ ᠶᠢᠨ ᠲᠦᠷᠢᠮ | ᠢ ᠬᠡᠷᠡᠭᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠂ ᠣᠯᠠᠨ | ᠰᠦᠮ᠎ᠡ ᠶᠢᠨ ᠡᠷᠲᠡᠨ ᠤ ᠬᠤᠲᠠ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠬᠤᠲᠠᠯᠠ ᠨᠡᠶᠢᠯᠡᠭᠦᠯᠦᠭᠴᠢ ᠰᠦᠮ᠎ᠡ | ᠶᠢᠨ ︽ᠭᠤᠷᠪᠠ ᠶᠢ ᠰᠡᠷᠭᠡᠶᠢᠯᠡᠬᠦ︾ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ︽ᠤᠶᠤᠨᠲᠤ ᠷᠠᠳᠢᠣ᠋ ᠲᠧᠯᠸᠢᠰ︾ | ᠤᠨ ᠢᠨᠵᠧᠨᠧᠷᠢᠩ ᠢ ᠬᠡᠷᠡᠭᠵᠢᠭᠦᠯᠵᠦ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ | ᠲᠦᠯᠬᠢᠨ ᠠᠬᠢᠭᠤᠯᠤᠨ᠎ᠠ᠃ ︽ᠤᠯᠠᠭᠠᠨᠮᠥ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ | ᠪᠠᠶᠢᠬᠤ︾ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠳᠤᠮᠳᠠ | ᠥᠷᠭᠡᠵᠢᠭᠰᠡᠨ᠂ ᠤᠯᠠᠨ ᠲᠦᠮᠡᠨ ᠳᠤ ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ | ᠶᠢ ᠳᠡᠮᠵᠢᠨ᠎ᠡ᠃ | ︵ᠳᠣᠯᠤᠭ᠎ᠠ︶ ᠬᠥᠭᠵᠢᠭᠦᠯᠦᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠣᠳᠣᠬᠢᠴᠢᠯᠠᠭᠰᠠᠨ | ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ ᠪᠠᠶᠢᠭᠤᠯᠤᠯᠲᠠ ᠶᠢᠨ ᠠᠮᠤᠷ ᠲᠣᠭᠲᠠᠭᠤᠨ ᠤ ᠬᠠᠯᠬᠠᠪᠴᠢ ᠶᠢ | ᠴᠣᠭᠴᠠᠯᠠᠨ ᠪᠠᠶᠢᠭᠤᠯᠤᠨ᠎ᠠ᠃ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ | ᠪᠠᠷᠢᠮᠲᠠᠯᠠᠵᠤ᠂ ᠰᠢᠰᠲ᠋ᠧᠮ ᠤᠨ ᠦᠵᠡᠯᠲᠡ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠨ᠂ ᠬᠤᠰᠢᠭᠤᠨ | ᠤ ᠬᠡᠪᠴᠢᠶᠡᠨ ᠳᠠᠬᠢ ᠵᠠᠰᠠᠨ ᠴᠡᠭᠴᠡᠯᠡᠯᠲᠡ ᠶᠢᠨ ᠰᠢᠰᠲ᠋ᠧᠮ ᠪᠠ ᠵᠠᠰᠠᠨ ᠴᠡᠭᠴᠡᠯᠡᠯᠲᠡ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ | ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠰᠢ ᠶᠢᠨ ᠫᠢᠩ | ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠪᠠᠷ ᠭᠤᠤᠯ ᠰᠢᠵᠢᠮ ᠪᠣᠯᠭᠠᠨ ᠦᠨᠳᠦᠰᠦᠲᠡᠨ ᠤ ᠠᠵᠢᠯ ᠢ | ᠰᠠᠶᠢᠲᠤᠷ ᠬᠢᠵᠦ᠂ ︽ᠭᠤᠷᠪᠠᠨ ᠰᠠᠯᠵᠤ ᠴᠢᠳᠠᠬᠤ ᠥᠬᠡᠶ︾ ︽ᠲᠠᠪᠤᠨ ᠲᠠᠨᠢᠯᠲᠠ︾ ᠶᠢ ᠬᠥᠮᠦᠰ ᠤᠨ ᠰᠡᠳᠬᠢᠯ ᠳᠤ | ᠭᠦᠨ ᠬᠠᠳᠠᠩᠰᠢᠭᠤᠯᠤᠨ᠎ᠠ᠃ ᠦᠨᠳᠦᠰᠦᠲᠡᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠡᠷᠡᠰ ᠰᠡᠷᠭᠡᠶᠢᠯᠡᠨ ᠠᠷᠢᠯᠭᠠᠨ᠎ᠠ | ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠬᠥᠭᠵᠢᠯᠲᠡ ᠶᠢ | ᠲᠦᠯᠬᠢᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠦᠷᠦᠯ | ᠵᠦᠢᠯ ᠢ ᠰᠠᠶᠢᠲᠤᠷ ᠬᠡᠷᠡᠭᠵᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ | ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ | ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠶᠢ ᠰᠠᠶᠢᠲᠤᠷ | ᠠᠬᠢᠭᠤᠯᠤᠨ᠎ᠠ᠃ | ᠨᠡᠶᠢᠭᠡᠮ ᠤᠨ ᠵᠠᠰᠠᠨ ᠴᠡᠭᠴᠡᠯᠡᠯᠲᠡ ᠶᠢᠨ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ | ᠤᠮᠠᠷᠠᠲᠤ ᠬᠢᠯᠢ ᠶᠢᠨ ᠡᠭᠦᠯᠡᠨ ᠳᠠᠪᠴᠠᠩ · ᠤᠶᠤᠨᠲᠤ ᠳᠣᠲᠣᠭᠠᠳᠤ ᠶᠢ ᠬᠠᠮᠠᠭᠠᠯᠠᠬᠤ︾᠂ ︽ᠭᠡᠭᠡᠨ ᠰᠠᠷᠠᠭᠤᠯ | ᠢᠨᠵᠧᠨᠧᠷᠢᠩ︾ ᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠬᠥᠳᠡᠭᠡ ᠲᠣᠰᠬᠤᠨ ᠤ ᠴᠠᠭᠳᠠᠭᠠᠨ ᠤ | ᠶᠠᠪᠤᠳᠠᠯ ᠤᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠲᠣᠰᠬᠤᠨ ᠳᠤ ᠨᠢᠭᠡ ᠲᠤᠰᠠᠯᠠᠬᠤ ᠴᠠᠭᠳᠠᠭ᠎ᠠ᠂ ᠨᠢᠭᠡ ᠨᠡᠶᠢᠭᠡᠮ | ᠲᠣᠭᠤᠷᠢᠭ ᠲᠤ ᠬᠤᠶᠠᠷ ᠲᠤᠰᠠᠯᠠᠬᠤ ᠴᠠᠭᠳᠠᠭ᠎ᠠ︾ ᠲᠠᠢ ᠪᠤᠯᠭᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ᠰᠦᠷᠳᠡᠭᠦᠯᠦᠯ ᠢ ᠡᠰᠡᠷᠭᠦᠴᠡᠬᠦ᠂ ᠬᠤᠣᠷᠲᠤ | ᠡᠳ᠋ ᠢ ᠴᠠᠭᠠᠵᠠᠯᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ | ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ | ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠷᠭᠤ ᠶᠢᠨ ᠪᠤᠰᠤ ᠵᠥᠷᠢᠴᠡᠯ ᠵᠢᠭᠤᠷᠠᠯᠳᠤᠭᠠᠨ ᠢ ᠤᠯᠠᠨ | ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠨᠠᠮ ᠵᠠᠰᠠᠭ ᠴᠡᠷᠢᠭ | ᠴᠠᠭᠳᠠᠭ᠎ᠠ ᠠᠷᠠᠳ ᠤᠨ ︽ᠲᠠᠪᠤ ᠶᠢ ᠨᠢᠭᠡ ᠴᠤᠭᠴᠠᠵᠢᠭᠤᠯᠬᠤ︾ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ | ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠴᠡᠷᠢᠭ ᠡᠯᠰᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠪᠡᠯᠡᠳᠬᠡᠯ ᠬᠦᠴᠦᠨ | ᠤ ᠪᠠᠶᠢᠭᠤᠯᠤᠯᠲᠠ ᠶᠢ ᠴᠢᠩᠭᠠᠳᠬᠠᠨ᠎ᠠ᠃ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠤ᠂ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠲᠥᠪ ︵ᠥᠷᠲᠡᠭᠡ︶ ᠢ ᠡᠭᠦᠳᠦᠨ ᠪᠠᠶᠢᠭᠤᠯᠤᠨ᠎ᠠ᠃ ︽ᠨᠡᠶᠢᠭᠡᠮ ᠲᠣᠭᠤᠷᠢᠭ ᠠᠴᠠ ᠮᠡᠳᠡᠭᠳᠡᠪᠡᠯ᠂ ᠰᠠᠯᠠᠭ᠎ᠠ ᠮᠥᠴᠢᠷ | ᠲᠤ ᠨᠡᠷ᠎ᠡ ᠮᠡᠳᠡᠭᠦᠯᠬᠦ︾ ᠲᠣᠭᠲᠠᠴᠠ ᠶᠢ ᠬᠡᠷᠡᠭᠵᠢᠭᠦᠯᠵᠦ᠂ ︽ᠲᠠᠪᠤᠨ ᠨᠡᠶᠢᠭᠡᠮ ᠬᠤᠯᠪᠤᠭᠠᠯᠠᠨ ᠬᠥᠳᠡᠯᠦᠯᠴᠡᠬᠦ︾ ᠶᠢ | ᠲᠦᠯᠬᠢᠨ ᠠᠬᠢᠭᠤᠯᠤᠨ᠎ᠠ᠃ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠢ ᠵᠠᠰᠠᠨ ᠴᠡᠭᠴᠡᠯᠡᠬᠦ | ᠤᠷᠳᠤ ᠬᠤᠭᠤᠴᠠᠭᠠᠨ ᠤ ᠪᠦᠲᠦᠮᠵᠢᠲᠡᠶ ᠵᠠᠰᠠᠨ ᠴᠡᠭᠴᠡᠯᠡᠯᠲᠡ ᠶᠢᠨ ᠠᠵᠢᠯ ᠢ ᠰᠠᠶᠢᠲᠤᠷ ᠠᠳᠬᠤᠨ᠎ᠠ᠃ | ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠠᠷᠢᠯᠭᠠᠨ᠎ᠠ᠃ ᠡᠯ᠎ᠡ ᠲᠦᠷᠦᠯ ᠤᠨ | ᠠᠶᠤᠯ ᠲᠦᠭᠰᠢᠭᠦᠷᠢ ᠶᠢᠨ ᠲᠠᠯᠳᠠ ᠭᠡᠮ ᠢ ᠰᠤᠳᠤᠯᠤᠨ ᠮᠠᠭᠠᠳᠯᠠᠵᠤ ᠦᠨᠡᠯᠡᠨ ᠵᠢᠱᠢᠬᠦ ᠶᠢ ᠴᠢᠩᠭᠠᠳᠬᠠᠵᠤ᠂ | ᠳᠠᠶᠢᠰᠤᠩᠨᠠᠭᠴᠢ ᠬᠦᠴᠦᠨ ᠤ ᠨᠡᠪᠴᠢᠬᠦ᠂ ᠡᠪᠳᠡᠯᠡᠭᠡ ᠬᠢᠬᠦ᠂ ᠭᠠᠵᠢᠭᠤᠳᠠᠭᠤᠯᠬᠤ᠂ ᠬᠠᠭᠠᠴᠠᠭᠤᠯᠬᠤ ᠠᠵᠢᠯᠯᠠᠭ᠎ᠠ ᠶᠢ | ᠴᠢᠩᠭ᠎ᠠ ᠰᠡᠷᠭᠡᠶᠢᠯᠡᠬᠦ ᠪᠠ ᠬᠦᠨᠳᠦ ᠴᠣᠬᠢᠯᠲᠠ ᠥᠭᠭᠦᠨ᠎ᠡ᠃ ᠤᠯᠠᠪᠢᠷ ᠥᠩᠭᠡ ᠠᠴᠠ ᠳᠡᠭᠡᠭᠰᠢᠬᠢ ᠠᠶᠤᠯ | ᠲᠦᠭᠰᠢᠭᠦᠷᠢ ᠶᠢᠨ ᠲᠠᠰ ᠬᠤᠪᠢᠶᠠᠭᠰᠠᠨ ᠥᠷᠢ ᠦᠭᠴᠡᠭᠡ ᠶᠢ ᠠᠷᠢᠯᠭᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ | ᠥᠷᠨᠢᠭᠦᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ︽ᠤᠯᠠᠪᠢᠷ︾ | ᠪᠠᠶᠢᠭᠰᠠᠨ ᠠᠴᠠ ︽ᠨᠣᠭᠤᠭᠠᠨ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ ᠬᠠᠤᠯᠢ ᠶᠢᠨ ᠡᠷᠬᠡᠲᠡᠨ ᠤ ᠪᠠᠩᠬᠢ ᠶᠢᠨ | ᠦᠢᠯᠡᠰ ᠤᠨ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠭᠠᠳᠬᠠᠯ ᠤᠨ ᠠᠵᠢᠯ ᠢ ᠰᠠᠶᠢᠲᠤᠷ | ᠠᠳᠬᠤᠨ᠎ᠠ᠃ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯ ᠥᠬᠡᠶ ᠶᠢᠨ ᠲᠦᠭᠰᠢᠭᠦᠷᠢ ᠶᠢ ᠱᠠᠲᠤ ᠬᠤᠪᠢᠶᠠᠨ ᠰᠡᠷᠭᠡᠶᠢᠯᠡᠨ ᠡᠵᠡᠮᠳᠡᠬᠦ ᠪᠠ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠎ᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠲᠥᠪ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠤᠯᠤᠰ ᠤᠨ ᠢᠳᠡᠭᠡᠨ ᠤ ᠠᠶᠤᠯ ᠥᠭᠡᠢ ᠶᠢᠨ | ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠮᠰᠢᠭ ᠢ ᠰᠡᠷᠭᠡᠶᠢᠯᠡᠬᠦ᠂ ᠭᠠᠮᠰᠢᠭ | ᠢ ᠪᠠᠭᠠᠰᠬᠠᠬᠤ᠂ ᠭᠠᠮᠰᠢᠭ ᠢ ᠡᠰᠡᠷᠭᠦᠴᠡᠬᠦ᠂ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ︕ | ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ︕ ᠴᠠᠭ | ᠦᠶ᠎ᠡ ᠶᠢᠨ ᠱᠠᠭᠠᠷᠳᠠᠯᠭ᠎ᠠ᠂ ᠬᠥᠭᠵᠢᠯᠲᠡ ᠶᠢᠨ ᠬᠦᠨᠳᠦ ᠡᠭᠦᠷᠭᠡ ᠪᠠ ᠤᠯᠠᠨ ᠲᠦᠮᠡᠨ ᠤ ᠬᠦᠰᠡᠯ ᠡᠷᠡᠮᠡᠯᠵᠡᠯ ᠤᠨ | ᠡᠮᠦᠨ᠎ᠡ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ | ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠲᠤᠮᠤ ᠵᠤᠷᠢᠯᠲᠠ︾ ᠲᠠᠢ ᠰᠡᠳᠬᠢᠯ ᠵᠢᠷᠦᠬᠡ ᠪᠠᠨ ᠬᠤᠯᠪᠣᠵᠤ᠂ | ᠤᠶᠤᠨ ᠴᠢᠳᠠᠯ ᠢᠶᠠᠨ ᠰᠢᠪᠬᠠᠨ ᠤᠷᠤᠭᠰᠢᠯᠠᠨ ᠲᠠᠪᠰᠢᠬᠤ ᠪᠠᠷ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ | ᠬᠡᠷᠡᠭᠲᠡᠶ᠃ | — ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠵᠠᠰᠠᠭ ᠤᠨ | ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ | ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ | ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ | ᠨᠠᠶᠢᠳᠠᠪᠤᠷᠢᠵᠢᠭᠤᠯᠬᠤ ᠬᠡᠷᠡᠭᠲᠡᠢ᠃ ᠠᠯᠪᠠᠨ ᠲᠤᠰᠢᠶᠠᠯᠲᠠᠨ ᠨᠢᠭᠡᠪᠦᠷᠢ ᠢᠯᠠᠩᠭᠤᠶ᠎ᠠ ᠤᠳᠤᠷᠢᠳᠬᠤ ᠺᠠᠳ᠋ᠷ ᠨᠢᠭᠡᠪᠦᠷᠢ | ᠴᠥᠮ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠦᠨᠡᠨᠴᠢ ᠰᠢᠳᠤᠷᠭᠤ᠂ ᠠᠷᠢᠭᠤᠨ | ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠰᠢᠨᠲᠠᠷᠠᠰᠢ ᠦᠭᠡᠢ ᠳᠠᠪᠲᠠᠨ | ᠪᠣᠯᠪᠠᠰᠤᠷᠠᠭᠤᠯᠬᠤ ᠬᠡᠷᠡᠭᠲᠡᠢ᠃ | — ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠨ ᠶᠣᠰᠣ ᠲᠦᠷᠢᠮ ᠢ ᠰᠠᠬᠢᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤ ᠨᠠᠮ ᠤᠨ | ᠬᠤᠷᠢᠶ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ | ᠮᠡᠳᠡᠭᠦᠯᠬᠦ᠂ ᠤᠯᠤᠰ ᠲᠦᠷᠦ ᠶᠢᠨ ᠵᠥᠪᠯᠡᠯᠭᠡᠨ ᠳᠤ ᠮᠡᠳᠡᠭᠳᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ | ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ ᠠᠪᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ | ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢ ᠦᠨᠳᠦᠷ ᠪᠦᠲᠦᠮᠵᠢᠳᠠᠢ ᠪᠠᠷ ᠭᠦᠢᠴᠡᠳᠬᠡᠨ᠎ᠡ᠃ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠲᠦᠷᠦᠯ ᠵᠦᠢᠯ ᠤᠨ ᠭᠠᠷᠴᠠᠭ ᠤᠨ ᠲᠣᠳᠣᠷᠬᠠᠶ | ᠬᠠᠭᠤᠳᠠᠰᠤ ᠶᠢ ᠲᠣᠭᠲᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠬᠦ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠠᠯᠪᠠᠨ ᠲᠤᠰᠢᠶᠠᠯᠲᠠᠨ ᠨᠢᠭᠡᠪᠦᠷᠢ ᠢᠯᠠᠩᠭᠤᠶ᠎ᠠ ᠤᠳᠤᠷᠢᠳᠬᠤ ᠺᠠᠳ᠋ᠷ | ᠨᠢᠭᠡᠪᠦᠷᠢ ᠴᠥᠮ ᠲᠦᠷᠦᠭᠦᠯᠡᠨ ᠬᠠᠤᠯᠢ ᠶᠢ ᠬᠦᠨᠳᠦᠳᠬᠡᠵᠦ᠂ ᠬᠠᠤᠯᠢ ᠶᠢ ᠰᠤᠷᠴᠤ᠂ ᠬᠠᠤᠯᠢ ᠶᠢ ᠰᠠᠬᠢᠵᠤ᠂ ᠬᠠᠤᠯᠢ | ᠶᠢ ᠬᠡᠷᠡᠭᠯᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ | ᠲᠦᠯᠬᠢᠨ ᠠᠬᠢᠭᠤᠯᠬᠤ᠂ ᠵᠥᠷᠢᠴᠡᠯ ᠢ ᠠᠷᠢᠯᠭᠠᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | — ᠠᠮᠠᠯᠠᠭᠰᠠᠨ ᠢᠶᠠᠨ ᠵᠠᠪᠠᠯ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠯ ᠠᠯᠳᠠᠬᠤ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠠᠯᠪᠠᠨ ᠲᠤᠰᠢᠶᠠᠯᠲᠠᠨ ᠦᠨᠡᠨᠴᠢ ᠢᠲᠡᠭᠡᠮᠵᠢᠲᠡᠶ ᠪᠠᠶᠢᠬᠤ ᠶᠢ ᠬᠢᠴᠢᠶᠡᠩᠭᠦ᠋ᠢᠯᠡᠨ ᠵᠢᠷᠤᠮᠯᠠᠨ᠎ᠠ᠃ ᠵᠠᠰᠠᠭ | ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠢᠨᠵᠧᠨᠧᠷᠢᠩ ᠤᠨ ᠪᠠᠶᠢᠭᠤᠯᠤᠯᠲᠠ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠡ | ᠠᠮᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠠᠮᠠᠯᠠᠯᠲᠠ ᠶᠢᠨ ᠵᠦᠢᠯᠡᠰ ᠤᠨ ᠦᠨ᠎ᠡ ᠴᠡᠨ᠎ᠡ ᠪᠠ ᠪᠡᠶᠡᠯᠡᠭᠦᠯᠬᠦ | ᠨᠤᠷᠮ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠢᠲᠡᠭᠡᠯ | ᠠᠯᠳᠠᠭᠰᠠᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠨ᠎ᠡ᠃ ᠠᠯᠪᠠᠨ ᠲᠤᠰᠢᠶᠠᠯᠲᠠᠨ ᠨᠢᠭᠡᠪᠦᠷᠢ ᠢᠯᠠᠩᠭᠤᠶ᠎ᠠ | ᠤᠳᠤᠷᠢᠳᠬᠤ ᠺᠠᠳ᠋ᠷ ᠨᠢᠭᠡᠪᠦᠷᠢ ᠴᠥᠮ ᠶᠤᠰᠤ ᠰᠤᠷᠳᠠᠭᠤᠨ ᠢ ᠮᠡᠳᠡᠵᠤ ᠰᠠᠬᠢᠵᠤ ᠴᠢᠩᠭᠠᠳᠬᠠᠵᠤ᠂ ᠪᠡᠶ᠎ᠡ ᠪᠠᠷ ᠢᠶᠠᠨ | ᠲᠦᠷᠦᠭᠦᠯᠡᠨ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠨ ᠰᠠᠬᠢᠬᠤ ᠬᠡᠷᠡᠭᠲᠡᠶ᠂ ︽ᠰᠢᠨ᠎ᠡ ᠨᠣᠶᠠᠨ ᠬᠠᠭᠤᠴᠢᠨ | ᠲᠠᠩᠰᠠ ᠶᠢ ᠬᠠᠮᠢᠶᠠᠷᠬᠤ ᠦᠭᠡᠢ︾ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ | — ᠡᠭᠦᠷᠭᠡ ᠬᠠᠷᠢᠭᠤᠴᠠᠯᠭ᠎ᠠ ᠲᠠᠢ ᠪᠣᠳᠠᠲᠠᠢ ᠠᠵᠢᠯᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠦᠢᠯᠡᠰ ᠪᠦᠲᠦᠭᠡᠯ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ᠵᠣᠬᠢᠴᠠᠭᠤᠯᠬᠤ ᠶᠢ ᠪᠠᠷᠢᠮᠲᠠᠯᠠᠵᠤ᠂ ᠶᠠᠪᠤᠴᠠ ᠶᠢ | ᠲᠠᠬᠢᠨ ᠲᠤᠬᠢᠷᠠᠭᠤᠯᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢ | ᠰᠢᠯᠢᠳᠡᠭᠵᠢᠭᠦᠯᠬᠦ᠂ ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠪᠤᠰᠢᠭᠤ ᠱᠠᠯᠠᠮᠠᠭᠠᠶ᠂ | ᠦᠨᠡᠨ ᠪᠣᠳᠠᠲᠠᠶ ᠪᠠᠷ ᠠᠵᠢᠯᠯᠠᠬᠤ ᠠᠵᠢᠯ ᠤᠨ ᠰᠤᠷᠲᠠᠯ ᠢ ᠶᠡᠬᠡᠪᠡᠷ ᠰᠠᠨᠠᠭᠠᠴᠢᠯᠠᠵᠤ᠂ ᠲᠦᠷᠭᠡᠨ ᠨᠠᠶᠢᠳᠠᠪᠤᠷᠢᠵᠢᠭᠤᠯᠤᠨ | ᠂ ᠪᠣᠳᠠᠲᠠᠶ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ︽ᠵᠠᠭᠤᠨ ᠺᠠᠳ᠋ᠷ ᠵᠠᠭᠤᠨ ᠠᠵᠤ | ᠠᠬᠤᠶᠢᠯᠠᠯ ᠲᠠᠢ ᠬᠤᠯᠪᠣᠭᠠᠯᠠᠬᠤ︾ ᠠᠵᠢᠯᠯᠠᠭ᠎ᠠ᠂ ︽ᠵᠠᠭᠤᠨ ᠺᠠᠳ᠋ᠷ ᠵᠠᠭᠤᠨ ᠰᠡᠳᠦᠪ ᠢ ᠴᠢᠳᠠᠬᠤ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠡᠮᠦᠨ᠎ᠡ ᠹᠷᠣᠨᠲ ᠤᠨ ᠬᠥᠮᠦᠰ ᠤᠨ ᠦᠢᠯᠡᠴᠢᠯᠡᠭᠡᠨ ᠤ ᠴᠢᠳᠠᠪᠤᠷᠢ ᠪᠠ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠢᠯ ᠤᠨ ᠬᠢᠨᠠᠨ ᠪᠠᠶᠢᠴᠠᠭᠠᠯᠳᠡ ᠶᠢ ᠴᠢᠩᠭᠠᠳᠬᠠᠵᠤ᠂ ᠪᠢᠲᠡᠭᠦᠦ ᠡᠷᠬᠢᠯᠳᠡ | ᠶᠢᠨ ᠬᠠᠮᠢᠶᠠᠷᠤᠯᠲᠠ ᠶᠢ ᠪᠣᠶ ᠪᠣᠯᠭᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠨ᠎ᠠ᠃ | ᠠᠯᠪᠠᠨ ᠲᠤᠰᠢᠶᠠᠯᠲᠠᠨ ᠨᠢᠭᠡᠪᠦᠷᠢ ᠢᠯᠠᠩᠭᠤᠶ᠎ᠠ ᠤᠳᠤᠷᠢᠳᠬᠤ ᠺᠠᠳ᠋ᠷ ᠨᠢᠭᠡᠪᠦᠷᠢ ᠴᠥᠮ ︽ᠬᠠᠷᠢᠭᠤᠴᠠᠯᠭ᠎ᠠ ᠡᠭᠦᠷᠭᠡᠯᠡᠨ | ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠠᠵᠢᠯ ᠤᠨ ᠤᠳᠤᠷᠢᠳᠤᠮᠵᠢ ᠶᠢ ᠪᠤᠢ ᠪᠣᠯᠭᠠᠵᠤ | ᠂ ᠨᠢᠭᠡ ᠯᠡ ᠡᠳᠦᠷ ᠲᠤ ᠬᠤᠶᠠᠷ ᠡᠳᠦᠷ ᠤᠨ ᠠᠵᠢᠯ ᠢ ᠬᠢᠬᠦ ᠪᠠᠷ ᠰᠢᠮᠳᠠᠨ ᠠᠵᠢᠯᠯᠠᠵᠤ᠂ ᠬᠠᠮᠤᠭ ᠤᠨ ᠬᠢᠵᠠᠭᠠᠷ ᠲᠠᠢ | ᠬᠤᠭᠤᠴᠠᠭᠠᠨ ᠳᠤ ᠬᠠᠮᠤᠭ ᠤᠨ ᠰᠠᠶᠢᠨ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠶ᠃ | — ᠠᠷᠢᠭᠤᠨ ᠴᠢᠬᠡᠴᠢ ᠶᠢᠨ ᠦᠯᠢᠭᠡᠷ ᠳᠠᠭᠤᠷᠢᠶᠠᠯ ᠪᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠨᠠᠮ ᠤᠨ ᠰᠤᠷᠲᠠᠯ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ | ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ ᠵᠠᠯᠠᠷᠠᠭᠤᠯᠤᠨ᠎ᠠ᠃ᠵᠠᠰᠠᠭ ᠤᠨ ᠣᠷᠳᠣᠨ ᠤ ︽ᠠᠷᠪᠢᠴᠢ ᠭᠠᠮᠲᠠᠢ | ᠂ ᠪᠤᠷᠤᠭᠵᠢᠭᠤᠨ ᠠᠮᠢᠳᠤᠷᠠᠵᠤ᠂ ᠣᠯᠠᠨ ᠲᠦᠮᠡᠨ ᠢ ᠠᠮᠤᠷ ᠲᠣᠭᠲᠠᠭᠤᠨ᠂ ᠰᠠᠶᠢᠨ ᠰᠠᠶᠢᠬᠠᠨ ᠠᠮᠢᠳᠤᠷᠠᠭᠤᠯᠬᠤ︾ ᠶᠢ | ᠪᠠᠷᠢᠮᠲᠠᠯᠠᠨ᠎ᠠ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠬᠦᠴᠦᠨ ᠢ | ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ | ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ | ᠭᠠᠵᠠᠷ ᠢ ᠰᠠᠶᠢᠳᠤᠷ ᠰᠠᠬᠢᠨ᠎ᠡ᠃ ᠠᠯᠪᠠᠨ ᠲᠤᠰᠢᠶᠠᠯᠲᠠᠨ ᠨᠢᠭᠡᠪᠦᠷᠢ ᠢᠯᠠᠩᠭᠤᠶ᠎ᠠ ᠤᠳᠤᠷᠢᠳᠬᠤ ᠺᠠᠳ᠋ᠷ ᠨᠢᠭᠡᠪᠦᠷᠢ | ᠴᠥᠮ ᠪᠡᠶ᠎ᠡ ᠪᠠᠨ ᠴᠢᠩᠭ᠎ᠠ ᠵᠠᠰᠠᠵᠤ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠨ᠂ ᠠᠷᠢᠭᠤᠨ | ᠴᠢᠬᠡᠴᠢ ᠪᠠᠷ ᠠᠵᠢᠯᠯᠠᠵᠤ᠂ ᠠᠷᠠᠳ ᠲᠦᠮᠡᠨ ᠤ ᠠᠯᠪᠠᠨ ᠵᠠᠷᠤᠴᠠ ᠶᠢᠨ ᠴᠣᠯᠠ ᠶᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ ᠪᠠᠶᠢᠬᠤ ᠬᠡᠷᠡᠭᠲᠡᠶ᠃ | ᠲᠥᠯᠥᠭᠡᠯᠡᠭᠴᠢᠳ ᠡ︕ | ᠪᠣᠳᠠᠲᠠᠢ ᠠᠵᠢᠯᠯᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠵᠤ ᠢᠷᠡᠭᠡᠳᠦᠢ ᠪᠠᠨ | ᠴᠣᠭᠴᠠᠯᠠᠶ᠎ᠠ᠃ ᠪᠥᠬᠦ ᠬᠤᠰᠢᠭᠤᠨ ᠤ ᠺᠠᠳ᠋ᠷ᠂ ᠣᠯᠠᠨ ᠲᠦᠮᠡᠨ ᠨᠢᠭᠡᠪᠦᠷᠢ ᠴᠥᠮ ᠰᠠᠶᠢᠨ ᠰᠠᠶᠢᠬᠠᠨ ᠳᠠᠷᠬᠠᠨ | ᠮᠤᠤᠮᠢᠩᠭᠠᠨ ᠢ ᠴᠣᠭᠴᠠᠯᠠᠨ ᠪᠠᠶᠢᠭᠤᠯᠬᠤ ᠶᠢᠨ ᠭᠡᠷᠡᠴᠢᠯᠡᠭᠴᠢ᠂ ᠡᠭᠦᠳᠦᠨ ᠪᠠᠶᠢᠭᠤᠯᠤᠭᠴᠢ᠂ ᠪᠥᠲᠥᠭᠡᠨ | ᠪᠠᠶᠢᠭᠤᠯᠤᠭᠴᠢ ᠮᠥᠨ᠃ ᠪᠢᠳᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠡᠳᠦᠷ ᠠᠴᠠ ᠡᠳᠦᠷ ᠱᠠᠯᠠᠪᠳᠠᠨ ᠠᠵᠢᠯᠯᠠᠵᠤ᠂ᠵᠠᠩᠬᠢᠯᠠᠭ᠎ᠠ ᠶᠢᠨ ᠭᠤᠭᠴᠤᠭ᠎ᠠ ᠶᠢ ᠰᠠᠶᠢᠳᠤᠷ ᠠᠳᠬᠤᠵᠤ᠂ | ᠬᠠᠮᠤᠭ ᠤᠨ ᠲᠦᠷᠭᠡᠨ ᠬᠤᠷᠳᠤᠴᠠ ᠪᠠᠷ ᠠᠬᠢᠭᠤᠯᠵᠤ᠂ ᠬᠠᠮᠤᠭ ᠤᠨ ᠥᠨᠳᠥᠷ ᠦᠷ᠎ᠡ ᠪᠦᠲᠦᠮᠵᠢ ᠪᠠᠷ | ᠨᠠᠶᠢᠳᠠᠪᠤᠷᠢᠵᠢᠭᠤᠯᠤᠨ᠂ ᠴᠠᠭ ᠢ ᠵᠠᠪᠳᠤᠨ 2022 ᠣᠨ ᠤ ᠢᠯᠠᠯᠲᠠ ᠶᠢ ᠤᠯᠬᠤ ᠪᠠᠷ ᠴᠢᠷᠮᠠᠶᠢᠬᠤ ᠬᠡᠷᠡᠭᠲᠡᠶ᠃ | ᠲᠥᠯᠥᠭᠡᠯᠡᠭᠴᠢᠳ ᠡ︕ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠤᠨ ᠠᠤᠭ᠎ᠠ ᠬᠦᠴᠦᠨ ᠢ | ᠨᠢᠭᠲᠠᠷᠠᠭᠤᠯᠵᠤ᠂ ᠡᠷᠡᠯᠬᠡᠭ ᠪᠠᠭᠠᠲᠤᠷᠯᠢᠭ ᠡᠷᠡᠰ ᠪᠠᠲᠤ ᠵᠣᠷᠢᠭ ᠢ ᠪᠠᠷᠢᠮᠲᠠᠯᠠᠵᠤ᠂ ᠰᠦᠷ ᠵᠢᠪᠬᠤᠭ᠎ᠠ ᠪᠠᠨ | ᠢᠯᠡᠷᠡᠭᠦᠯᠦᠨ᠂ ᠡᠷᠴᠢ ᠵᠣᠷᠢᠭ ᠢᠶᠠᠨ ᠬᠥᠪᠴᠢᠯᠡᠵᠦ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ | ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠵᠤ᠂ ᠡᠭᠦᠷᠢᠳᠡ ᠰᠢᠨᠲᠠᠷᠠᠰᠢ ᠦᠭᠡᠢ᠂ ᠴᠤᠴᠠᠯᠲᠠ ᠦᠭᠡᠢ ᠤᠷᠤᠭᠰᠢᠯᠠᠨ᠂ ᠰᠢᠨ᠎ᠡ ᠰᠢᠯᠭᠠᠯᠲᠠ ᠳᠤ ᠰᠢᠨ᠎ᠡ | ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠠᠭᠤᠳᠠᠰᠤ ᠶᠢ ᠪᠢᠴᠢᠭᠯᠡᠨ᠂ ᠨᠡᠩ ᠠᠭᠤᠤ ᠶᠡᠭᠡ ᠢᠯᠠᠯᠲᠠ ᠪᠠ ᠢᠷᠠᠭᠤ | ᠠᠯᠳᠠᠷ ᠢ ᠲᠡᠮᠡᠴᠡᠨ ᠣᠯᠤᠶ᠎ᠠ︕ | ︽ᠵᠠᠰᠠᠭ ᠤᠨ ᠤᠷᠲᠤᠨ ᠤ ᠠᠵᠢᠯ ᠤᠨ ᠢᠯᠡᠳᠭᠡᠯ︾ ᠤᠨ ᠬᠤᠯᠪᠤᠭᠲᠠᠯ ᠪᠦᠬᠦᠢ ᠨᠠᠷᠠ ᠲᠤᠮᠢᠶᠠᠨ ᠤ | ᠲᠠᠶᠢᠯᠪᠤᠷᠢ | 1. ᠬᠤᠶᠠᠷ ᠪᠦᠲᠦᠭᠡᠭᠳᠡᠬᠦᠨ ᠨᠢᠭᠡ ᠲᠡᠮᠳᠡᠭ᠄ ᠲᠤᠬᠠᠶᠢᠯᠠᠪᠠᠯ ᠪᠣᠬᠢᠷᠲᠤᠯ ᠦᠭᠡᠢ ᠢᠳᠡᠭᠡᠨ᠂ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠳᠡᠮᠳᠡᠭ ᠪᠣᠯᠤᠨ᠎ᠠ᠃ | 2. ᠤᠯᠤᠰ ᠲᠥᠷᠥ ᠶᠢᠨ ᠭᠤᠷᠪᠠᠨ ᠴᠢᠳᠠᠪᠤᠷᠢ᠄ ᠳᠠᠷᠤᠶ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠣᠯᠤᠨ᠎ᠠ᠃ | 3. ᠳᠥᠷᠪᠡᠨ ᠲᠡᠷᠢᠭᠦᠨ ᠤ᠄ ᠲᠤᠬᠠᠶᠢᠯᠠᠪᠠᠯ ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠨᠦᠬᠦᠴᠡᠯ᠂ | ᠬᠠᠤᠯᠢ ᠪᠠᠷ ᠵᠠᠰᠠᠬᠤ ᠣᠷᠴᠢᠨ ᠨᠦᠬᠦᠴᠡᠯ᠂ ᠠᠵᠤ ᠦᠢᠯᠡᠰ ᠠᠮᠢ ᠠᠬᠤᠶ ᠶᠢᠨ ᠣᠷᠴᠢᠨ ᠨᠦᠬᠦᠴᠡᠯ᠂ ᠬᠤᠲᠠ ᠶᠢᠨ | ᠠᠵᠢᠯ ᠠᠮᠢᠳᠤᠷᠠᠯ ᠤᠨ ᠣᠷᠴᠢᠨ ᠨᠦᠬᠦᠴᠡᠯ ᠪᠣᠯᠤᠨ᠎ᠠ᠃ | 4. ᠬᠤᠶᠠᠷ ᠶᠡᠭᠡ᠄ ᠲᠤᠬᠠᠶᠢᠯᠠᠪᠠᠯ ᠡᠨᠧᠷᠭᠢ ᠶᠢᠨ ᠬᠤᠷᠣᠭᠳᠠᠭᠤᠯᠤᠯ ᠶᠡᠭᠡ᠂ ᠪᠣᠬᠢᠷᠲᠤᠭᠤᠯᠤᠯ ᠶᠡᠭᠡ᠃ | 5. ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾᠄ ᠲᠤᠬᠠᠶᠢᠯᠠᠪᠠᠯ ᠡᠨᠧᠷᠭᠢ ᠶᠢᠨ | ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠡᠷᠴᠢᠮ ᠢ ᠬᠢᠵᠠᠭᠠᠷᠯᠠᠬᠤ᠃ | 6. ᠬᠤᠶᠠᠷ ᠢ ᠬᠥᠩᠭᠡᠯᠡᠬᠦ᠄ ᠲᠤᠬᠠᠶᠢᠯᠠᠪᠠᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠦᠨ᠎ᠡ᠃ | 7. ᠬᠤᠶᠠᠷ ᠢ ᠲᠣᠭᠲᠠᠭᠠᠬᠤ᠄ ᠲᠤᠬᠠᠶᠢᠯᠠᠪᠠᠯ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ | ᠪᠠᠶᠢᠷᠢ ᠰᠠᠭᠤᠷᠢ ᠶᠢ ᠲᠣᠭᠲᠠᠭᠠᠨ᠎ᠠ᠃ | 8. ᠭᠤᠷᠪᠠ ᠶᠢ ᠡᠯᠰᠡᠵᠦ ᠭᠤᠷᠪᠠ ᠶᠢ ᠤᠷᠢᠬᠤ᠄ ᠲᠤᠬᠠᠶᠢᠯᠠᠪᠠᠯ ᠬᠤᠳᠠᠯᠳᠤᠭᠠᠴᠢᠨ ᠤᠷᠢᠵᠤ ᠪᠡᠯᠡ ᠮᠥᠩᠭᠦ | ᠣᠷᠣᠭᠤᠯᠬᠤ᠂ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ᠂ ᠡᠷᠳᠡᠮ ᠰᠢᠨᠵᠢᠯᠡᠭᠡᠨ ᠤ ᠰᠠᠯᠠᠭ᠎ᠠ ᠪᠠ | ᠮᠡᠷᠭᠡᠵᠢᠯ ᠤᠨ ᠰᠠᠯᠠᠭ᠎ᠠ ᠮᠥᠴᠢᠷ ᠢ ᠤᠷᠢᠵᠤ ᠬᠡᠷᠡᠭᠯᠡᠬᠦ ᠶᠢ ᠬᠡᠯᠡᠵᠦ ᠪᠠᠶᠢᠨ᠎ᠠ᠃ | 9. ᠲᠠᠪᠤ ᠪᠠᠷ ᠬᠥᠭᠵᠢᠭᠦᠯᠦᠨ ᠮᠠᠨᠳᠤᠭᠤᠯᠬᠤ᠄ ᠲᠤᠬᠠᠶᠢᠯᠠᠪᠠᠯ ᠠᠵᠤ ᠦᠢᠯᠡᠰ ᠢᠶᠠᠷ ᠬᠥᠭᠵᠢᠭᠦᠯᠦᠨ | ᠮᠠᠨᠳᠤᠭᠤᠯᠬᠤ᠂ ᠴᠢᠳᠠᠪᠤᠷᠢᠲᠠᠨ ᠢᠶᠠᠷ ᠬᠥᠭᠵᠢᠭᠦᠯᠦᠨ ᠮᠠᠨᠳᠤᠭᠤᠯᠬᠤ᠂ ᠰᠣᠶᠣᠯ ᠢᠶᠠᠷ ᠬᠥᠭᠵᠢᠭᠦᠯᠦᠨ ᠮᠠᠨᠳᠤᠭᠤᠯᠬᠤ᠂ | ᠠᠮᠢ ᠠᠬᠤᠶ ᠪᠠᠷ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠪᠠᠷ ᠬᠥᠭᠵᠢᠭᠦᠯᠦᠨ ᠮᠠᠨᠳᠤᠭᠤᠯᠬᠤ | ᠶᠠᠪᠤᠳᠠᠯ ᠪᠣᠯᠤᠨ᠎ᠠ᠃ | 10. ᠳᠥᠷᠪᠡᠨ ᠵᠠᠷᠴᠢᠮ᠄ ᠲᠤᠬᠠᠶᠢᠯᠠᠪᠠᠯ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ | ᠳᠡᠭᠡᠷ᠎ᠡ ᠳᠤᠷᠠᠳᠤᠭᠰᠠᠨ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ | ᠤᠷᠤᠭᠰᠢᠯᠠᠭᠤᠯᠬᠤ︾ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠥᠭᠵᠢᠭᠦᠯᠬᠦ︾ ︽ | ᠰᠢᠰᠲ᠋ᠧᠮᠲᠦ ᠦᠵᠡᠯᠲᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ︾ ︽ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ︾ ᠵᠠᠷᠴᠢᠮ ᠪᠤᠯᠤᠨ᠎ᠠ᠃ | 11. ᠠᠷᠪᠠᠨ ᠶᠡᠭᠡ ᠰᠢᠪᠲᠤᠯᠤᠯᠲᠠ᠄ ᠲᠤᠬᠠᠶᠢᠯᠠᠪᠠᠯ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ | ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ︽ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ᠂ ᠭᠠᠳᠠᠭᠠᠳᠤ ᠨᠡᠭᠡᠭᠡᠯᠲᠡ ᠶᠢᠨ ᠴᠢᠳᠠᠪᠤᠷᠢ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ᠂ ᠤᠨᠴᠠᠯᠢᠭᠳᠤ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠡᠵᠡᠩᠨᠡᠯᠲᠡ᠂ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠵᠦ ᠶᠢ ᠡᠭᠦᠳᠬᠦ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ᠂ ᠨᠠᠮ ᠤᠨ | ᠪᠠᠶᠢᠭᠤᠯᠤᠯᠲᠠ ᠪᠠᠷ ᠬᠥᠭᠵᠢᠯᠲᠡ ᠶᠢ ᠬᠥᠲᠥᠯᠦᠨ ᠳᠠᠭᠠᠭᠤᠯᠬᠤ︾ 10 ᠲᠠᠯ᠎ᠠ ᠶᠢᠨ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠎ᠡ᠃ | 12. ᠭᠤᠷᠪᠠᠨ ᠠᠷᠭ᠎ᠠ ᠪᠣᠳᠣᠯᠭ᠎ᠠ᠄ ᠳᠠᠷᠤᠶ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ | ᠳᠡᠭᠡᠷ᠎ᠡ ᠳᠤᠷᠠᠳᠤᠭᠰᠠᠨ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠮ᠎ᠡ ᠶᠣᠰᠣ ᠶᠢ | ᠡᠵᠡᠮᠳᠡᠨ ᠬᠥᠭᠵᠢᠯᠲᠡ ᠶᠢ ᠠᠬᠢᠭᠤᠯᠬᠤ︾ ︽ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠷᠢᠳᠴᠢᠯᠠᠨ ᠬᠥᠳᠡᠯᠦᠯᠴᠡᠨ ᠨᠠᠶᠢᠳᠠᠪᠤᠷᠢᠵᠢᠭᠤᠯᠤᠯᠲᠠ ᠶᠢ ᠠᠳᠬᠤᠬᠤ︾ ︽ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ ᠪᠣᠳᠠᠲᠤ ᠦᠷ᠎ᠡ ᠪᠦᠲᠦᠮᠵᠢ ᠶᠢ | ᠡᠷᠬᠢᠮᠯᠡᠬᠦ︾ ᠠᠷᠭ᠎ᠠ ᠪᠣᠳᠣᠯᠭ᠎ᠠ ᠪᠣᠯᠤᠨ᠎ᠠ᠃ | 13. ᠳᠥᠷᠪᠡ ᠶᠢ ᠬᠢᠨᠠᠵᠤ ᠳᠥᠷᠪᠡ ᠶᠢ ᠪᠠᠲᠤᠯᠠᠬᠤ᠄ ᠲᠤᠬᠠᠶᠢᠯᠠᠪᠠᠯ ᠰᠢᠨ᠎ᠡ ᠪᠠᠷ ᠪᠠᠶᠢᠭᠤᠯᠬᠤ ᠲᠥᠷᠥᠯ | ᠵᠦᠢᠯ ᠢ ᠬᠢᠨᠠᠨ ᠪᠠᠶᠢᠴᠠᠭᠠᠵᠤ ᠳᠥᠯᠭᠢᠨ ᠠᠬᠢᠭᠤᠯᠵᠤ᠂ ᠠᠵᠢᠯ ᠡᠬᠢᠯᠡᠬᠦ ᠨᠣᠷᠮ᠎ᠠ ᠶᠢ ᠪᠠᠲᠤᠯᠠᠬᠤ︔ ᠦᠷᠭᠦᠯᠵᠢᠯᠡᠨ | ᠪᠠᠶᠢᠭᠤᠯᠬᠤ ᠲᠦᠷᠦᠯ ᠵᠦᠢᠯ ᠢ ᠬᠢᠨᠠᠨ ᠪᠠᠶᠢᠴᠠᠭᠠᠬᠤ ᠶᠢ ᠠᠬᠢᠭᠤᠯᠵᠤ᠂ ᠪᠠᠷᠢᠯᠭ᠎ᠠ ᠳᠠᠭᠤᠰᠬᠤ ᠨᠤᠷᠮ᠎ᠠ ᠶᠢ ᠪᠠᠲᠤᠯᠠᠬᠤ | ︔ ᠪᠠᠷᠢᠯᠭ᠎ᠠ ᠳᠠᠭᠤᠰᠤᠭᠰᠠᠨ ᠲᠥᠷᠥᠯ ᠵᠦᠢᠯ ᠢ ᠬᠢᠨᠠᠨ ᠪᠠᠶᠢᠴᠠᠭᠠᠬᠤ ᠶᠢ ᠠᠬᠢᠭᠤᠯᠵᠤ᠂ ᠦᠢᠯᠡᠳᠪᠦᠷᠢᠯᠡᠯ ᠳᠤ ᠬᠥᠷᠬᠦ | ᠨᠣᠷᠮ᠎ᠠ ᠶᠢ ᠪᠠᠲᠤᠯᠠᠬᠤ︔ ᠨᠥᠭᠡᠴᠡᠯᠡᠬᠦ ᠲᠥᠷᠥᠯ ᠵᠦᠢᠯ ᠢ ᠠᠬᠢᠭᠤᠯᠤᠨ᠂ ᠬᠤᠪᠢᠷᠠᠭᠤᠯᠬᠤ ᠨᠣᠷᠮ᠎ᠠ ᠶᠢ ᠪᠠᠲᠤᠯᠠᠬᠤ | ᠪᠤᠯᠤᠨ᠎ᠠ᠃ | 14. ᠳᠦᠷᠪᠡ ᠶᠢ ᠭᠦᠢᠴᠡᠳᠭᠡᠬᠦ ᠥᠭᠡᠷᠡᠴᠢᠯᠡᠯᠲᠡ᠄ ᠲᠤᠬᠠᠶᠢᠯᠠᠪᠠᠯ ᠬᠢᠨᠠᠨ ᠵᠥᠪᠰᠢᠶᠡᠷᠡᠬᠦ ᠦᠢᠯᠡᠴᠢᠯᠡᠭᠡᠨ ᠤ | ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ | ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠬᠡᠯᠡᠨ᠎ᠡ᠃ | 15. ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ︽ | 1+10+N︾ ᠪᠠᠲᠤᠯᠠᠭ᠎ᠠ ᠶᠢᠨ ᠰᠢᠰᠲ᠋ᠧᠮ᠄ ︽1︾ ᠨᠢ ᠳᠠᠷᠤᠶ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠥᠲᠥᠭᠡᠨ ᠪᠠᠶᠢᠭᠤᠯᠬᠤ ᠶᠢ ᠬᠡᠷᠡᠭᠵᠢᠭᠦᠯᠬᠦ | ᠲᠥᠰᠦᠯ︾ ᠪᠣᠯᠤᠨ᠎ᠠ︔ ︽10︾ ᠭᠡᠳᠡᠭ ᠨᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠪᠢᠯᠠᠨ | ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ᠂ ᠠᠵᠤ ᠦᠢᠯᠡᠰ ᠪᠠ ᠡᠨᠧᠷᠭᠢ ᠶᠢᠨ ᠰᠤᠷᠪᠤᠯᠵᠢ ᠶᠢᠨ | ᠨᠡᠭᠦᠷᠡᠰᠦᠲᠥ᠋ᠷᠥᠭᠴᠢ ᠶᠢ ᠪᠠᠭᠠᠰᠬᠠᠨ ᠬᠥᠭᠵᠢᠭᠦᠯᠬᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ | ᠨᠡᠭᠦᠷᠡᠰᠦᠲᠥ᠋ᠷᠥᠭᠴᠢ ᠶᠢ ᠪᠠᠭᠠᠰᠬᠠᠨ ᠬᠥᠭᠵᠢᠭᠦᠯᠬᠦ᠂ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ ᠨᠡᠭᠦᠷᠡᠰᠦᠲᠥ᠋ᠷᠥᠭᠴᠢ ᠶᠢ | ᠲᠣᠭᠲᠠᠪᠤᠷᠢᠵᠢᠭᠤᠯᠬᠤ᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠪᠣᠬᠢᠷᠲᠤᠯ ᠥᠬᠡᠶ ᠪᠣᠭᠤᠮᠲᠠ ᠶᠢ ᠡᠭᠦᠳᠦᠨ | ᠪᠠᠶᠢᠭᠤᠯᠬᠤ᠂ ᠵᠠᠮ ᠬᠠᠷᠢᠯᠴᠠᠭᠠᠨ ᠤ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠪᠠᠭᠠᠰᠬᠠᠨ ᠬᠥᠭᠵᠢᠭᠦᠯᠬᠦ᠂ | ᠪᠣᠬᠢᠷᠲᠤᠯ ᠥᠬᠡᠶ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢ ᠡᠭᠦᠳᠦᠨ ᠪᠠᠶᠢᠭᠤᠯᠬᠤ᠂ ᠪᠠᠷᠢᠯᠭ᠎ᠠ ᠶᠢᠨ | ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠪᠠᠭᠠᠰᠬᠠᠨ ᠬᠥᠭᠵᠢᠭᠦᠯᠬᠦ᠂ ᠬᠤᠲᠠ ᠪᠠᠯᠭᠠᠰᠤᠨ ᠤ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠵᠡᠷᠭᠡ 10 ᠠᠵᠢᠯ ᠲᠥᠷᠥᠯ ᠤᠨ ᠬᠦᠷᠢᠶᠡᠨ ᠤ ᠲᠤᠰᠬᠠᠶ ᠲᠥᠰᠦᠯ ᠢ ᠵᠢᠭᠠᠵᠤ ᠪᠣᠶ | ︔ ︽N︾ ᠭᠡᠳᠡᠭ ᠨᠢ ᠳᠠᠷᠤᠢ ᠰᠢᠨ᠎ᠡ ᠳᠠᠷᠬᠠᠨ ᠮᠤᠤᠮᠢᠩᠭᠠᠨ ᠤ ᠬᠤᠪᠣᠷ ᠰᠢᠷᠣᠢ᠂ ᠪᠦᠦ ᠰᠢᠨ ᠣᠨᠴᠠᠭᠠᠢ ᠪᠤᠯᠤᠳ | ᠲᠡᠮᠤᠷ ᠤᠨ ᠺᠣᠮᠫᠠᠨᠢ᠂ ᠹᠧᠩ ᠢᠦᠢ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠵᠡᠷᠭᠡ ᠲᠤᠷᠰᠢᠯᠲᠠ ᠶᠢᠨ | ᠴᠡᠭ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ | ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ | ᠬᠡᠷᠡᠭᠵᠢᠭᠦᠯᠦᠯᠲᠡ ᠶᠢᠨ ᠲᠥᠰᠦᠯ ᠪᠣᠯᠤᠨ᠎ᠠ᠂ ᠶᠡᠷᠦᠩᠬᠡᠢ ᠳᠡᠭᠡᠷ᠎ᠡ ᠪᠠᠨ ︽1+10+N︾ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠵᠦᠭᠰᠢᠷᠡᠭᠦᠯᠦᠨ ᠨᠠᠮᠳᠠᠭᠠᠬᠤ ᠪᠠᠲᠤᠯᠠᠪᠤᠷᠢ ᠶᠢᠨ ᠰᠢᠰᠲ᠋ᠧᠮ ᠢ ᠪᠦᠷᠢᠯᠳᠦᠭᠦᠯᠵᠡᠢ᠃ | 16. ᠭᠤᠷᠪᠠᠨ ᠱᠤᠭᠤᠮ ᠨᠢᠭᠡ ᠬᠠᠭᠤᠳᠠᠰᠤ᠄ ᠲᠤᠬᠠᠶᠢᠯᠠᠪᠠᠯ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ | ᠳᠡᠭᠡᠳᠦ ᠱᠤᠭᠤᠮ ᠪᠠ ᠣᠷᠴᠢᠨ ᠠᠬᠤᠶ ᠶᠢᠨ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠪᠣᠯᠤᠨ᠎ᠠ᠃ | 17. ᠰᠤᠷᠭᠠᠨ ᠬᠥᠮᠦᠵᠢᠯ ᠤᠨ ︽ᠲᠤᠯᠤᠭᠠᠨ ᠶᠡᠭᠡ ᠠᠵᠢᠯᠯᠠᠭ᠎ᠠ︾᠄ ᠳᠠᠷᠤᠢ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ | ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶︾ ᠳᠤ ᠲᠣᠭᠲᠠᠭᠠᠭᠰᠠᠨ ︽ᠨᠠᠮ ᠤᠨ | ᠪᠠᠶᠢᠭᠤᠯᠤᠯᠲᠠ ᠶᠢᠨ ᠵᠠᠮᠴᠢᠯᠠᠬᠤ ᠰᠤᠷᠭᠠᠨ ᠬᠥᠮᠦᠵᠢᠯ ᠤᠨ ᠠᠵᠢᠯᠯᠠᠭ᠎ᠠ᠂ ᠰᠤᠷᠭᠠᠨ ᠬᠥᠮᠦᠵᠢᠯ ᠤᠨ ᠦᠨᠳᠦᠰᠦ ᠶᠢ | ᠪᠠᠬᠢᠵᠢᠭᠦᠯᠵᠦ ᠰᠠᠭᠤᠷᠢ ᠶᠢ ᠪᠠᠲᠤᠳᠬᠠᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ | ᠠᠵᠢᠯᠯᠠᠭ᠎ᠠ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ | ᠠᠵᠢᠯᠯᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠴᠢᠳᠠᠪᠤᠷᠢ ᠣᠯᠭᠤᠬᠤ | ᠠᠵᠢᠯᠯᠠᠭ᠎ᠠ᠂ ᠰᠤᠷᠭᠠᠨ ᠬᠥᠮᠦᠵᠢᠯ ᠤᠨ ᠠᠭᠤᠯᠤᠭᠳᠠᠬᠤᠨ ᠤ ᠰᠢᠯᠢᠳᠡᠭ ᠢ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠨ | ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾ ᠪᠣᠯᠤᠨ᠎ᠠ᠃ | 18. ᠲᠠᠪᠤᠨ ᠵᠦᠢᠯ ᠤᠨ ᠬᠠᠮᠢᠶᠠᠷᠤᠯᠲᠠ᠄ ᠳᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠭᠠᠷ ᠤᠲᠠᠰᠤ᠂ ᠤᠨᠲᠠᠬᠤ᠂ ᠤᠩᠰᠢᠬᠤ ᠪᠢᠴᠢᠭ᠂ ᠳᠠᠰᠬᠠᠯ᠂ ᠪᠡᠶ᠎ᠡ ᠮᠠᠬᠠᠪᠣᠳ ᠤᠨ ᠬᠠᠮᠢᠶᠠᠷᠤᠯᠲᠠ ᠪᠣᠯᠤᠨ᠎ᠠ᠃ | 19. ᠲᠠᠪᠤᠨ ᠬᠥᠮᠦᠵᠢᠯ ᠢ ᠵᠡᠷᠭᠡ ᠪᠠᠷ ᠠᠳᠬᠤᠬᠤ᠄ ᠲᠤᠬᠠᠶᠢᠯᠠᠪᠠᠯ ᠶᠣᠰᠣ ᠰᠤᠷᠲᠠᠬᠤᠨ ᠤ ᠬᠥᠮᠦᠵᠢᠯ᠂ | ᠤᠶᠤᠨ ᠤᠬᠠᠭᠠᠨ ᠤ ᠬᠥᠮᠦᠵᠢᠯ᠂ ᠪᠡᠶ᠎ᠡ ᠶᠢᠨ ᠲᠠᠮᠢᠷ ᠤᠨ ᠬᠦᠮᠦᠵᠢᠯ᠂ ᠭᠤᠸ᠎ᠠ ᠰᠠᠶᠢᠬᠠᠨ ᠤ ᠬᠥᠮᠦᠵᠢᠯ᠂ | ᠬᠥᠳᠡᠯᠮᠦᠷᠢ ᠶᠢᠨ ᠬᠥᠮᠦᠵᠢᠯ ᠢ ᠵᠡᠷᠭᠡ ᠪᠠᠷ ᠠᠳᠬᠤᠨ᠎ᠠ᠃ | 20. ᠭᠤᠷᠪᠠᠨ ᠰᠠᠯᠵᠤ ᠴᠢᠳᠠᠬᠤ ᠦᠭᠡᠢ᠄ ᠲᠤᠬᠠᠶᠢᠯᠠᠪᠠᠯ ︽ᠬᠢᠲᠠᠳ ᠦᠨᠳᠦᠰᠦᠲᠡᠨ ᠴᠥᠭᠡᠨ ᠲᠣᠭᠠᠲᠤ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ | ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠣ ᠪᠠᠨ ᠰᠠᠯᠵᠤ ᠴᠢᠳᠠᠬᠤ | ᠦᠭᠡᠢ︾᠃ | 21. ᠲᠠᠪᠤᠨ ᠲᠠᠨᠢᠯᠲᠠ᠄ ᠳᠠᠷᠤᠶ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠥᠬᠦᠶ | ᠨᠡᠶᠢᠭᠡᠮ ᠵᠢᠷᠤᠮ ᠤᠨ ᠲᠠᠨᠢᠯᠲᠠ ᠪᠣᠯᠤᠨ᠎ᠠ᠃ | 22. ᠲᠠᠪᠤᠨ ᠨᠡᠶᠢᠭᠡᠮ ᠬᠤᠯᠪᠣᠭᠠᠯᠠᠨ ᠬᠥᠳᠡᠯᠦᠯᠴᠡᠬᠦ᠄ ᠲᠤᠬᠠᠶᠢᠯᠠᠪᠠᠯ ᠨᠡᠶᠢᠭᠡᠮ ᠲᠣᠭᠤᠷᠢᠭ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ᠂ ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠲᠣᠭᠤᠷᠢᠭ ᠤᠨ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠤᠯᠪᠣᠭᠠᠯᠠᠨ ᠬᠥᠳᠡᠯᠦᠯᠴᠡᠬᠦ ᠪᠤᠯᠤᠨ᠎ᠠ᠃ | 23. ᠬᠤᠶᠠᠷ ᠶᠡᠭᠡ ᠲᠠᠯ᠎ᠠ᠄ ᠲᠤᠬᠠᠶᠢᠯᠠᠪᠠᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠭᠠᠷᠤᠭ᠎ᠠ ᠦᠭᠡᠢ | ᠶᠡᠭᠡ ᠬᠤᠪᠢᠷᠠᠯᠲᠠ ᠪᠣᠯᠤᠨ᠎ᠠ᠃ | |