ᠥᠪᠡᠷᠲᠡᠭᠡᠨ ᠵᠠᠰᠠᠬᠤ ᠣᠷᠣᠨ ᠤ  ᠲᠡᠳ᠋ ᠲᠡᠷᠢᠭᠦᠯᠡᠭᠴᠢ ᠪᠦᠦ ᠰᠢᠶᠠᠨ ᠬᠤᠸᠠ ᠨᠠᠷ ᠮᠠᠨ ᠤ ᠬᠤᠰᠢᠭᠤᠨ ᠳᠤ ᠢᠷᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/2/10
     2 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ  ᠱᠢ ᠮᠦᠸᠧ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ  ᠹᠧᠩ ᠨᠠᠷ ᠮᠠᠨ ᠤ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠮ ᠵᠠᠭᠤᠴᠢᠯᠠᠭᠤᠷ ᠤᠨ ᠠᠵᠢᠯ ᠢ ᠪᠠᠶᠢᠴᠠᠭᠠᠨ ᠰᠤᠳᠤᠯᠵᠤ᠂ ᠪᠤᠭᠤᠲᠤ ᠬᠤᠲᠠ ᠶᠢᠨ ᠳᠡᠳ᠋ ᠳᠠᠷᠤᠭ᠎ᠠ ᠸᠠᠩ ᠷᠦᠢ ᠾᠧ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ  ᠲᠠᠷᠤᠭ᠎ᠠ ᠱᠢ ᠵᠥᠩ ᠴᠢᠨ ᠵᠡᠷᠭᠡ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠮᠠᠨᠳᠤᠯ ᠪᠣᠭᠤᠮᠲᠠ ᠶᠢᠨ ᠳᠤᠬᠢᠷᠠᠭᠤᠯᠭ᠎ᠠ ᠶᠢᠨ ᠵᠢᠯᠣᠭᠤᠳᠬᠤ ᠲᠥᠪ ᠲᠤ᠂ ᠪᠦᠦ ᠰᠢᠶᠠᠨ ᠬᠤᠸᠠ ᠵᠡᠷᠭᠡ ᠬᠥᠮᠦᠰ ᠸᠢᠳᠢᠣ᠋ ᠪᠠᠷ ᠬᠢᠨᠠᠨ ᠡᠵᠡᠮᠳᠡᠬᠦ ᠪᠠᠷ ᠳᠠᠮᠵᠢᠨ ᠡᠳ᠋ ᠪᠠᠷᠠᠭ᠎ᠠ ᠶᠢ ᠳᠡᠭᠦᠵᠢᠯᠡᠨ ᠠᠴᠢᠶᠠᠯᠠᠬᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠷᠢᠭᠤᠳᠬᠠᠨ ᠤᠰᠠᠳᠬᠠᠬᠤ᠂ ᠬᠤᠭ ᠨᠣᠪᠰᠢ ᠶᠢ ᠳᠠᠮᠵᠢᠭᠤᠯᠤᠨ ᠵᠥᠭᠡᠭᠡᠪᠦᠷᠢᠯᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠤᠭᠴᠤᠭ᠎ᠠ ᠶᠢᠨ ᠠᠵᠢᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠮᠠᠨᠳᠤᠯ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠦᠨᠳᠦ ᠶᠡᠭᠡ ᠪᠠᠶᠢᠳᠠᠭ᠂ ᠡᠬᠢᠨ ᠠᠴᠠ ᠨᠢ ᠡᠬᠢᠯᠡᠨ ᠬᠢᠴᠢᠶᠡᠨ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠪᠢᠲᠡᠭᠦᠦ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠡᠳ᠋ ᠪᠣᠳᠠᠰ ᠪᠠ ᠣᠷᠴᠢᠨ ᠠᠬᠤᠶ ᠶᠢ ᠤᠰᠠᠳᠬᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠥ ᠰᠠᠪ ᠥᠬᠡᠶ᠂ ᠥᠨᠴᠥᠭ ᠪᠤᠯᠤᠩ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠤᠷ ᠢ ᠯᠠᠪᠳᠠᠭᠤᠨ ᠪᠠᠲᠤᠲᠠᠶ ᠪᠠᠷ ᠪᠠᠲᠤ ᠪᠠᠬᠢ ᠪᠠᠶᠢᠭᠤᠯᠬᠤ ᠬᠡᠷᠡᠭᠲᠡᠶ ᠭᠡᠵᠡᠶ᠃
      ᠳᠠᠷᠠᠭ᠎ᠠ ᠨᠢ᠂ ᠪᠦᠦ ᠰᠢᠶᠠᠨ ᠬᠤᠸᠠ ᠨᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠲᠣᠭᠯᠠᠯᠲᠠ ᠶᠢᠨ ᠲᠠᠰᠤᠭ᠂ ᠨᠡᠪᠲᠡᠷᠡᠭᠦᠯᠭᠡ ᠶᠢ ᠵᠢᠯᠣᠭᠤᠳᠬᠤ ᠲᠠᠰᠤᠭ᠂ ᠰᠤᠷᠪᠤᠯᠵᠢᠯᠠᠭᠴᠢ ᠶᠢᠨ ᠨᠠᠶᠢᠷᠠᠭᠤᠯᠬᠤ ᠬᠡᠯᠲᠡᠰ ᠵᠢᠴᠢ ᠬᠠᠮ ᠵᠠᠭᠤᠴᠢᠯᠠᠭᠤᠷ ᠤᠨ ᠦᠢᠯᠡᠰ ᠪᠤᠰᠬᠠᠬᠤ ᠬᠦᠷᠢᠶᠡᠯᠡᠩ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠵᠠᠭᠤᠴᠢᠯᠠᠭᠤᠷ ᠤᠨ ᠦᠢᠯᠡᠳᠦᠨ ᠨᠡᠪᠲᠡᠷᠡᠭᠦᠯᠬᠦ᠂ ᠠᠵᠢᠯᠳᠠᠨ ᠤ ᠳᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠬᠦᠴᠦᠯᠡᠨ ᠴᠢᠩᠭᠠᠳᠬᠠᠬᠤ ᠪᠠ ᠰᠢᠨ᠎ᠡ ᠶᠢ ᠡᠭᠦᠳᠴᠦ᠂ ᠰᠤᠷᠲᠠᠯ ᠤᠬᠠᠭᠤᠯᠭ᠎ᠠ ᠶᠢᠨ ᠵᠠᠭᠤᠴᠢᠯᠠᠭᠤᠷ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ︽ᠡᠭᠡᠯ ᠠᠷᠠᠳ ᠤᠨ ᠭᠡᠷ ᠲᠤ ᠬᠦᠷᠭᠡᠬᠦ︾ ᠬᠡᠷᠡᠭᠲᠡᠢ ᠭᠡᠵᠦ ᠴᠢᠬᠤᠯᠠᠴᠢᠯᠠᠪᠠ᠃ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠠᠵᠢᠯ ᠤᠨ ᠣᠶᠢᠯᠠᠭᠠᠭᠳᠠᠬᠤᠨ᠂ ᠠᠭᠤᠯᠭ᠎ᠠ ᠶᠢᠨ ᠪᠠᠶᠢᠭᠤᠯᠤᠯᠲᠠ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠬᠦᠴᠦᠨ ᠢ  ᠨᠢᠭᠡᠳᠭᠡᠬᠦ ᠲᠠᠯ᠎ᠠ ᠪᠠᠷ ᠰᠢᠨ᠎ᠡ ᠰᠢᠪᠲᠤᠯᠤᠯᠲᠠ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠬᠡᠷᠡᠭᠲᠡᠢ᠃ ᠬᠠᠮ ᠵᠠᠭᠤᠴᠢᠯᠠᠭᠤᠷ ᠤᠨ  ᠦᠢᠯᠡᠰ ᠴᠣᠭᠴᠠᠯᠠᠬᠤ ᠬᠦᠷᠢᠶᠡᠯᠡᠩ ᠤᠨ ᠲᠠᠪᠴᠠᠩ ᠤᠨ  ᠦᠢᠯᠡᠳᠦᠯ ᠢ  ᠬᠦᠢᠴᠡᠳ ᠪᠠᠳᠠᠷᠠᠭᠤᠯᠵᠤ᠂ ᠨᠠᠩ ᠣᠯᠠᠨ ᠠᠵᠤ ᠠᠬᠤᠶᠢᠯᠠᠯ᠂ ᠴᠢᠳᠠᠪᠤᠷᠢᠲᠠᠨ ᠳᠤ ᠲᠥᠬᠦᠮ ᠨᠥᠬᠦᠴᠡᠯ ᠬᠠᠩᠭᠠᠵᠤ᠂ ᠲᠣᠰ ᠭᠠᠵᠠᠷ ᠣᠷᠣᠨ ᠤ ᠪᠠᠨ  ᠦᠢᠯᠡᠰ ᠴᠣᠭᠴᠠᠯᠠᠬᠤ ᠠᠵᠤ ᠠᠬᠤᠶᠢᠯᠠᠯ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠳᠠᠭᠤᠷᠢᠰᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号