ᠱᠢ ᠵᠥᠩ ᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/10
     2 ᠳ᠋ᠤᠭᠠᠷ ᠰᠠᠷ᠎ᠠ ᠶᠢᠨ 9 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ  ᠲᠠᠷᠤᠭ᠎ᠠ ᠱᠢ ᠵᠥᠩ ᠴᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ᠂ ᠪᠥᠬᠦ ᠬᠤᠲᠠ ᠶᠢᠨ ︽ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ︾ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ᠂ ᠪᠥᠬᠦ ᠬᠤᠲᠠ ᠶᠢᠨ ᠡᠭᠦᠷᠭᠡᠯᠡᠨ ᠠᠵᠢᠯᠯᠠᠵᠤ᠂ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠪᠥᠬᠦ ᠵᠢᠯ ᠤᠨ ᠡᠯ᠎ᠡ  ᠵᠦᠢᠯ ᠤᠨ ᠠᠵᠢᠯ ᠢ ᠰᠠᠶᠢᠲᠤᠷ ᠲᠥᠯᠥᠪᠯᠡᠬᠦ ᠲᠠᠢ ᠤᠶᠠᠯᠳᠤᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠴᠢᠨᠠᠷ ᠰᠠᠶᠢᠲᠠᠶ ᠬᠥᠭᠵᠢᠯᠲᠡ ᠶᠢᠨ ᠤᠬᠠᠮᠰᠠᠷᠲᠤ ᠠᠵᠢᠯᠯᠠᠭ᠎ᠠ ᠪᠠ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ︽ᠠᠵᠢᠯᠯᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠦᠷᠦᠭᠦᠯᠡᠨ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠢᠯᠡᠳᠦᠯᠭᠡᠵᠢᠭᠦᠯᠦᠭᠴᠢ ᠂  ᠵᠢᠰᠢᠶ᠎ᠡ ᠦᠵᠡᠭᠦᠯᠦᠭᠴᠢ᠂ ᠲᠠᠭᠠᠭᠤᠯᠤᠭᠴᠢ ᠪᠣᠯᠬᠤ ᠪᠠᠷ ᠴᠢᠷᠮᠠᠶᠢᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ︽ᠡᠭᠦᠳᠡ ᠪᠠᠨ ᠯᠠᠪᠳᠠᠭᠤᠨ ᠨᠡᠭᠡᠭᠡᠬᠦ︾ ︽ᠡᠭᠦᠳᠡ ᠪᠠᠨ ᠰᠠᠶᠢᠲᠤᠷ ᠨᠡᠭᠡᠭᠡᠬᠦ ︾ ᠶᠢ ᠪᠠᠲᠤᠯᠠᠬᠤ ᠬᠡᠷᠡᠭᠲᠡᠢ᠃      ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ᠂ ᠬᠠᠮᠤᠭ ᠤᠨ ᠪᠣᠳᠠᠲᠠᠢ ᠠᠷᠭ᠎ᠠ  ᠬᠡᠮᠵᠢᠶ᠎ᠡ ᠪᠠᠷ ᠬᠤᠶᠢᠨ᠎ᠠ ᠬᠤᠶᠢᠨ᠎ᠠ ᠠᠴᠠ ᠪᠠᠨ ᠠᠰᠠᠭᠤᠳᠠᠯ ᠢ ᠰᠢᠢᠳᠪᠦᠷᠢᠯᠡᠵᠦ᠂ ᠬᠤᠶᠢᠨ᠎ᠠ ᠬᠤᠶᠢᠨ᠎ᠠ ᠠᠴᠠ ᠪᠠᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠳᠤ ᠲᠠᠰᠤᠷᠠᠯᠳᠡ ᠦᠭᠡᠢ ᠰᠢᠨ᠎ᠡ ᠬᠢᠯᠠᠰ ᠴᠡᠭ ᠢ ᠢᠯᠡᠷᠡᠭᠦᠯᠵᠦ᠂ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ᠃ ᠡᠰᠡᠷᠭᠦᠯᠡᠨ ᠠᠬᠢᠭᠤᠯᠬᠤ ᠶᠢ ᠪᠠᠷᠢᠮᠲᠠᠯᠠᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠭᠠᠷᠭᠠᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠢ ᠱᠠᠯᠠᠪᠳᠠᠭᠤᠯᠵᠤ᠂ ᠡᠯ᠎ᠡ ᠵᠦᠢᠯ ᠤᠨ ᠠᠵᠢᠯ ᠤᠨ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号