ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ ᠵᠢᠶᠠ ᠪᠦᠦ ᠯᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/2/10
     2 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ 1 ᠰᠠᠷ᠎ᠠ ᠶᠢᠨ 24 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠢ ᠶᠢᠨ ᠫᠢᠩ ᠱᠠᠨ ᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠪᠣᠯᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠵᠣᠬᠢᠶᠠᠨ ᠪᠠᠶᠢᠭᠤᠯᠤᠯᠲᠠ ᠶᠢᠨ ᠰᠠᠶᠢᠳ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ︽2022 ᠣᠨ ᠤ ᠤᠳᠤᠷᠢᠳᠬᠤ ᠺᠠᠳ᠋ᠷᠴᠤᠳ ᠤᠨ ᠬᠤᠪᠢ ᠬᠥᠮᠦᠨ ᠤ ᠬᠤᠯᠪᠣᠭᠳᠠᠯ ᠪᠥᠬᠦᠶ ᠬᠡᠷᠡᠭ ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠢᠴᠢ ︽ᠬᠤᠶᠠᠷ ᠵᠦᠶ᠋ᠯ ᠤᠨ ᠬᠠᠤᠯᠢ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠪᠥᠬᠦ ᠤᠯᠤᠰ ᠤᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠪᠠ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠢ ᠪᠡᠯᠡᠳᠬᠡᠭᠰᠡᠨ ᠪᠠᠶᠢᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠪᠠ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃      ᠬᠤᠷᠠᠯ ᠠᠴᠠ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠪᠠᠭ ᠤᠨ ᠨᠠᠮ ᠤᠨ ᠤᠳᠤᠷᠢᠳᠬᠤ ᠳᠤᠭᠤᠶᠢᠯᠠᠩ ᠡᠭᠦᠷᠭᠡ ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠠᠵᠢᠯ ᠤᠨ ᠲᠣᠭᠤᠷᠢᠨ ᠳᠤ ᠠᠭᠤᠰᠤᠯᠴᠠᠭᠤᠯᠤᠨ ᠠᠬᠢᠭᠤᠯᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠡᠯᠪᠡᠷᠢ ᠪᠠᠨ ᠬᠤᠪᠢᠷᠠᠭᠤᠯᠤᠨ ᠬᠥᠭᠵᠢᠯᠲᠡ ᠶᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ  ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ᠃      ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠶᠢ ᠲᠤᠬᠢᠷᠠᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠵᠤ᠂ ᠮᠠᠨ ᠤ ᠬᠤᠰᠢᠭᠤᠨ ᠤ ᠪᠣᠳᠠᠲᠠᠶ ᠳᠤ ᠰᠠᠭᠤᠷᠢᠯᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠵᠡᠷᠭᠡ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠦᠨᠡᠨᠬᠦ ᠨᠢᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢᠨ ᠤᠬᠠᠮᠰᠠᠷᠲᠤ ᠠᠵᠢᠯᠯᠠᠭ᠎ᠠ ᠪᠠ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠮᠠᠨ ᠤ ᠬᠤᠰᠢᠭᠤᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠡᠷᠡᠰ ᠵᠣᠷᠢᠭ ᠪᠠ ᠪᠣᠳᠠᠲᠤ ᠠᠵᠢᠯᠯᠠᠭ᠎ᠠ ᠪᠠᠷ ᠢᠶᠠᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠦᠶ᠋ᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠬᠠᠪᠤᠷ ᠤᠨ ᠡᠬᠢ ᠪᠠᠷ ᠨᠢᠭᠡ ᠪᠦᠯᠦᠭ ᠲᠣᠮᠣ ᠲᠥᠷᠥᠯ ᠵᠦᠶ᠋ᠯ᠂ ᠰᠠᠶᠢᠨ ᠲᠥᠷᠥᠯ ᠵᠦᠶ᠋ᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠢ ᠪᠠᠲᠤᠯᠠᠵᠤ᠂ ᠪᠥᠬᠦ ᠵᠢᠯ ᠤᠨ ᠠᠵᠢᠯ ᠢᠶᠠᠨ ᠯᠠᠪᠳᠠᠭᠤᠨ ᠪᠠᠲᠤᠲᠠᠶ ᠡᠬᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃      ᠬᠤᠷᠠᠯ ᠠᠴᠠ᠂ ᠠᠮᠤᠷ ᠠᠮᠤᠭᠤᠯᠠᠩ  ᠲᠠᠷᠬᠠᠨ ᠮᠤᠤᠮᠢᠩᠭᠠᠨ ᠪᠣᠯᠤᠨ ᠬᠠᠤᠯᠢᠵᠢᠯ ᠤᠨ  ᠲᠠᠷᠬᠠᠨ ᠮᠤᠤᠮᠢᠩᠭᠠᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠹᠷᠣᠨᠲ ᠤᠨ ᠬᠢᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠱᠤᠭᠤᠮ ᠢ ᠤᠬᠠᠭᠤᠯᠤᠨ ᠲᠤᠤᠱᠯᠠᠭᠤᠯᠬᠤ ᠶᠢ ᠤᠭᠲᠤᠬᠤ ᠲᠠᠢ ᠨᠢᠭᠲᠠ ᠤᠶᠠᠯᠳᠤᠭᠤᠯᠤᠨ᠂ ᠰᠣᠨᠢᠨ ᠮᠡᠳᠡᠭᠡᠨ ᠤ ᠤᠬᠠᠭᠤᠯᠭ᠎ᠠ᠂ ᠤᠳᠬ᠎ᠠ ᠤᠷᠠᠯᠢᠭ ᠤᠨ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ ᠵᠡᠷᠭᠡ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠬᠤ ᠡᠷᠴᠢᠮ ᠢᠶᠠᠨ ᠴᠢᠩᠭᠠᠷᠠᠭᠤᠯᠵᠤ᠂ ︽ ᠲᠠᠷᠬᠠᠨ ᠮᠤᠤᠮᠢᠩᠭᠠᠨ  ᠪᠦᠲᠦᠭᠡᠭᠳᠡᠬᠦᠨ︾ ᠤ ᠤᠶᠤᠨ ᠰᠠᠨᠠᠭᠠᠨ ᠤ ᠡᠨᠧᠷᠭᠢ᠂ ᠰᠣᠶᠣᠯ ᠤᠨ ᠠᠭᠤᠯᠤᠭᠳᠠᠬᠤᠨ᠂ ᠤᠷᠠᠯᠢᠭ ᠤᠨ ᠦᠷᠳᠡᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠭᠤᠷ ᠠᠮᠢᠰᠬᠤᠯ ᠢ ᠪᠤᠢ ᠪᠣᠯᠭᠠᠵᠤ᠂ ᠠᠯᠤᠰ ᠢᠷᠡᠭᠡᠳᠦᠢ ᠶᠢ ᠵᠢᠷᠤᠭᠯᠠᠵᠤ᠂ ᠲᠦᠷᠢ ᠲᠥᠷᠬᠦ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ  ᠲᠠᠷᠬᠠᠨ ᠮᠤᠤᠮᠢᠩᠭᠠᠨ ᠢ ᠪᠦᠳᠦᠬᠡᠨ ᠪᠠᠶᠢᠭᠤᠯᠬᠤ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠰᠢᠨ᠎ᠡ ᠴᠠᠭ ᠦᠶ᠎ᠡ ᠳᠤ ᠵᠣᠬᠢᠴᠠᠬᠤ᠂ ᠰᠢᠨ᠎ᠡ ᠬᠠᠷᠠᠯᠲᠠ ᠶᠢ ᠪᠡᠶᠡᠯᠡᠭᠦᠯᠬᠦ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠬᠤ ᠬᠦᠴᠦᠨ ᠢᠶᠠᠨ ᠳᠡᠭᠡᠭᠰᠢᠯᠡᠭᠦᠯᠵᠦ᠂ ᠺᠠᠳ᠋ᠷ ᠤᠨ ᠡᠩᠨᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠬᠢᠨ ᠤᠯᠤᠰ ᠲᠥᠷᠥ ᠶᠢᠨ ᠦᠨᠳᠦᠷᠴᠡ᠂ ᠪᠥᠬᠦ ᠲᠠᠯ᠎ᠠ ᠶᠢᠨ ᠦᠨᠳᠦᠷᠴᠡ ᠠᠴᠠ ᠣᠳᠣᠬᠠᠨ ᠤ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ᠨᠢᠭᠡᠳᠦᠮᠡᠯ ᠹᠷᠣᠨᠲ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠴᠢᠳᠠᠪᠤᠷᠢᠲᠠᠨ ᠤ ᠰᠠᠭᠤᠷᠢ ᠪᠠᠨ ᠪᠠᠲᠤᠳᠬᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠢᠭᠡᠳᠦᠮᠡᠯ ᠹᠷᠣᠨᠲ ᠤᠨ ᠬᠦᠴᠦᠨ ᠢᠶᠠᠨ ᠡᠷᠭᠦᠬᠦ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠬᠤᠶᠠᠷ ᠵᠦᠢᠯ ᠤᠨ ᠬᠠᠤᠯᠢ ᠲᠣᠭᠲᠠᠭᠠᠯ︾ ᠢ ᠨᠠᠷᠢᠨ ᠬᠢᠨᠠᠮᠠᠭᠠᠶ ᠰᠤᠷᠤᠯᠴᠠᠵᠤ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠪᠣᠯᠤᠨ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠦᠨᠡᠨᠬᠦ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ ᠦᠨᠳᠦᠷᠴᠡ ᠠᠴᠠ ᠬᠤᠪᠢ ᠬᠥᠮᠦᠨ ᠤ ᠬᠡᠷᠡᠭ ᠶᠠᠪᠤᠳᠠᠯ ᠢᠶᠠᠨ ᠲᠠᠭᠯᠠᠨ ᠮᠡᠳᠡᠭᠦᠯᠬᠦ ᠠᠵᠢᠯ ᠳᠤ ᠬᠠᠨᠳᠤᠵᠤ᠂ ᠮᠡᠳᠡᠭᠦᠯᠬᠦ ᠦᠭᠡᠢ ᠨᠢᠭᠤᠬᠤ ᠠᠴᠠ ᠡᠷᠡᠰ ᠵᠠᠶᠢᠯᠠᠰᠬᠢᠵᠦ᠂ ᠡᠯ᠎ᠡ ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠣᠯᠤᠨ ᠰᠢᠭᠤᠳ ᠬᠠᠷᠢᠭᠤᠴᠠᠯᠭ᠎ᠠ ᠶᠢ ᠡᠭᠦᠷᠭᠡᠯᠡᠵᠦ᠂ ᠬᠤᠯᠪᠣᠭᠳᠠᠯ ᠪᠦᠬᠦᠢ ᠬᠡᠷᠡᠭ ᠶᠠᠪᠤᠳᠠᠯ ᠤᠨ ᠮᠡᠳᠡᠭᠦᠯᠦᠯᠲᠡ ᠶᠢᠨ ᠶᠠᠰᠤ ᠴᠢᠨᠠᠷ ᠪᠣᠯᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠦᠨᠳᠦᠰᠦᠨ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠥᠬᠦ ᠵᠢᠯ ᠤᠨ ᠡᠯ᠎ᠡ  ᠵᠦᠢᠯ ᠤᠨ ᠠᠵᠢᠯ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ᠂ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠢ ᠭᠦᠨᠵᠡᠭᠡᠶ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠵᠦ᠂ ᠭᠤᠣᠯᠳᠠᠯᠭ᠎ᠠ ᠲᠠᠢ᠂ ᠬᠦᠴᠢᠷᠳᠡᠯ ᠲᠠᠢ᠂ ᠪᠠᠭᠤᠷᠠᠢ ᠲᠠᠯ᠎ᠠ ᠶᠢ ᠲᠠᠬᠢᠨ ᠡᠮᠬᠢᠯᠡᠨ ᠲᠢᠭᠯᠡᠵᠦ ᠲᠠᠬᠢᠨ ᠳᠠᠷᠠᠭᠠᠯᠠᠨ ᠪᠠᠶᠢᠴᠠᠭᠠᠵᠤ᠂ ᠪᠤᠢ ᠪᠦᠬᠦᠢ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠪᠣᠳᠠᠲᠤ ᠪᠠᠶᠢᠯᠳᠤᠭᠠᠨ ᠤ ᠰᠣᠷᠢᠯᠲᠠ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠵᠠᠩᠭᠢᠯᠠᠭ᠎ᠠ ᠶᠢᠨ ᠦᠶ᠎ᠡ ᠳᠤ ᠡᠩᠨᠡᠭᠡ ᠪᠠᠨ ᠲᠠᠲᠠᠵᠤ ᠳᠡᠶᠢᠯᠬᠦ᠂ ᠰᠢᠪᠲᠤᠯᠵᠤ ᠳᠡᠶᠢᠯᠬᠦ ᠂ ᠪᠠᠶᠢᠯᠳᠤᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号