| ᠬᠢᠵᠢᠭ ᠤᠨ ᠪᠠᠶᠢᠳᠠᠯ ᠢ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠶᠢ ᠪᠡᠶᠡᠯᠡᠭᠦᠯᠵᠦ᠂ ᠪᠠᠶᠢᠴᠠᠭᠠᠯᠳᠠ | ᠶᠢᠨ ᠴᠡᠭ ᠪᠠ ᠵᠢᠵᠢᠭᠦᠷᠯᠡᠨ ᠰᠠᠬᠢᠬᠤ ᠠᠵᠢᠯ ᠢ ᠲᠡᠭᠦᠰ ᠠᠮᠵᠢᠯᠳᠠ ᠲᠠᠢ ᠪᠡᠶᠡᠯᠡᠭᠦᠯᠬᠦ ᠶᠢ ᠪᠠᠳᠤᠯᠠᠬᠤ ᠶᠢᠨ ᠲᠦᠯᠦᠭᠡ᠂ | ᠪᠠᠶ᠋ᠬᠠᠤᠸᠠ ᠪᠠᠯᠭᠠᠰᠤᠨ ᠤ ᠬᠡᠰᠡᠭ ᠺᠠᠳ᠋ᠷᠴᠤᠳ ᠬᠢᠵᠢᠭ ᠢ ᠰᠡᠷᠭᠡᠶᠢᠯᠡᠬᠦ ᠪᠠᠶᠢᠴᠠᠭᠠᠯᠳᠠ ᠶᠢᠨ ᠴᠡᠭ ᠤᠨ ᠠᠵᠢᠯ ᠤᠨ | ᠪᠠᠶᠢᠷᠢ ᠲᠡᠭᠡᠷ᠎ᠡ ᠪᠠᠷᠰ ᠵᠢᠯ ᠤᠨ ᠴᠠᠭᠠᠨ ᠰᠠᠷ᠎ᠠ ᠪᠠᠨ ᠦᠩᠭᠡᠷᠡᠭᠦᠯᠦᠭᠰᠡᠨ ᠪᠠᠶᠢᠨ᠎ᠠ᠃ ᠡᠨᠡ ᠪᠤᠯ ︽ᠠᠷᠠᠳ ᠲᠦᠮᠡᠨ | ᠳᠤ ᠦᠢᠯᠡᠴᠢᠯᠡᠬᠦ︾ ᠶᠢᠨ ᠦᠢᠯᠡᠳᠦᠯᠭᠡ᠂ ᠮᠦᠨᠴᠦ ᠨᠠᠮ ᠤᠨ ᠬᠡᠰᠢᠬᠦᠨ ᠺᠠᠳ᠋ᠷᠴᠤᠳ ᠤᠨ ᠪᠠᠳᠤ ᠪᠠᠷᠢᠮᠳᠠᠯᠠᠯ ᠶᠤᠮ᠃ | ᠺᠠᠳ᠋ᠷ ᠠᠵᠢᠯᠳᠠᠳ ᠤᠨ ᠢᠶᠠᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠳᠤ ᠲᠠᠯᠠᠷᠬᠠᠬᠤ ᠶᠢᠨ ᠲᠦᠯᠦᠭᠡ᠂ | ᠪᠠᠶᠠᠠᠴᠠᠭᠠᠨ ᠭᠠᠴᠠᠭᠠᠨ ᠤ ᠨᠠᠮ ᠤᠨ ᠬᠡᠰᠢᠬᠦᠨ ᠪᠤᠯᠤᠨ ᠬᠢᠯᠢ ᠬᠠᠮᠠᠭᠠᠯᠠᠭᠴᠢ ᠪᠤᠯᠴᠢᠯᠠᠭᠤ ᠶᠢᠨ ᠭᠡᠷ ᠪᠦᠯᠢ ᠶᠢᠨ ᠬᠢᠨ | ᠪᠠᠶᠢᠴᠠᠭᠠᠯᠳᠠ ᠶᠢᠨ ᠴᠡᠭ ᠤᠨ ᠵᠢᠵᠢᠭᠦᠷᠯᠡᠭᠴᠢ ᠳᠤ ᠬᠠᠯᠠᠭᠤᠨ ᠬᠤᠭᠤᠯᠠ ᠪᠤᠳᠠᠭ᠎ᠠ ᠵᠢᠴᠢ ᠲᠤᠬᠤᠨᠢᠭᠤᠯᠭ᠎ᠠ ᠶᠢᠨ | ᠪᠤᠳᠠᠰ ᠬᠦᠷᠭᠡᠵᠦ᠂ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠭᠰᠡᠨ ᠪᠠᠶᠢᠨ᠎ᠠ᠃ | | ᠪᠤᠯᠴᠢᠯᠠᠭᠤ᠄ ︽ᠵᠢᠵᠢᠭᠦᠷᠯᠡᠭᠴᠢ ᠮᠠᠯᠴᠢᠨ ᠲᠦᠮᠡᠨ ᠤ ᠪᠠᠨ ᠲᠦᠯᠦᠭᠡ ᠡᠶᠢᠮᠤ ᠬᠠᠳᠠᠭᠤᠵᠢᠯᠳᠠᠢ ᠠᠵᠢᠯᠯᠠᠵᠦ | ᠪᠠᠶᠢᠭ᠎ᠠ ᠳᠤ ᠮᠠᠯᠴᠢᠨ ᠲᠦᠮᠡᠨ ᠪᠢᠳᠡ ᠲᠡᠳᠡᠨ ᠳᠤ ᠰᠠᠶᠢᠳᠤᠷ ᠲᠠᠯᠠᠷᠬᠠᠪᠠᠯ ᠵᠤᠬᠢᠨ᠎ᠠ᠂ ᠰᠢᠨ᠎ᠡ ᠵᠢᠯ ᠤᠨ ᠢᠳᠡᠭᠡ | ᠮᠢᠬ᠎ᠠ᠂ ᠪᠤᠤᠰᠠ ᠵᠡᠷᠭᠡ ᠪᠠᠨ ᠠᠪᠴᠢᠷᠠᠵᠦ ᠵᠢᠯ ᠴᠠᠭᠠᠨ ᠰᠠᠷ᠎ᠠ ᠶᠢ ᠨᠢ ᠬᠠᠯᠠᠭᠤᠨ ᠲᠤᠯᠠᠭᠠᠨ ᠦᠩᠭᠡᠷᠡᠭᠦᠯᠦᠶᠡ︾ | ᠬᠡᠵᠦ ᠶᠠᠷᠢᠵᠦ ᠪᠠᠶᠢᠯ᠎ᠠ᠃ | ᠵᠢᠵᠢᠭᠦᠷᠯᠷᠵᠦ ᠪᠠᠶᠢᠭ᠎ᠠ ᠠᠵᠢᠯᠳᠠᠳ ᠴᠦ ᠶᠡᠬᠡᠳᠡ ᠰᠡᠳᠬᠢᠯ ᠬᠦᠳᠡᠯᠵᠦ᠄ ︽ᠠᠷᠠᠳ ᠲᠦᠮᠡᠨ ᠤ ᠠᠮᠢ ᠨᠠᠰᠤ | ᠡᠷᠡᠭᠦᠯ ᠮᠡᠨᠳᠦ ᠠᠮᠤᠷ ᠲᠦᠪᠰᠢᠨ ᠤ ᠲᠦᠯᠦᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠴᠢᠩᠭ᠎ᠠ | ᠰᠡᠷᠭᠡᠶᠢᠯᠡᠯᠳᠡ ᠶᠢᠨ ᠱᠤᠭᠤᠮ ᠢ ᠰᠠᠶᠢᠳᠤᠷ ᠪᠤᠢ ᠪᠤᠯᠭᠠᠵᠦ᠂ ᠮᠠᠯᠴᠢᠳ ᠤᠨ ᠠᠮᠤᠷ ᠠᠮᠤᠭᠤᠯᠠᠩ ᠦᠯᠵᠡᠢ ᠪᠡᠯᠭᠡ ᠲᠠᠢ | ᠴᠠᠭᠠᠨ ᠰᠠᠷ᠎ᠠ ᠪᠠᠨ ᠦᠩᠭᠡᠷᠡᠭᠦᠯᠬᠦ ᠶᠢ ᠪᠠᠳᠤᠯᠠᠶ᠎ᠠ︾ ᠬᠡᠵᠦ ᠢᠯᠡᠳᠭᠡᠵᠦ ᠪᠠᠶᠢᠯ᠎ᠠ᠃ |