ᠢᠷᠠᠭᠤ ᠨᠠᠶᠢᠷᠠᠭ ᠤᠨ ᠤᠶᠠᠩᠭ᠎ᠠ ᠲᠠᠢ ᠰᠢᠨ᠎ᠡ ᠶᠢᠨ ᠵᠤᠯᠭᠠᠯᠳᠠ
ᠨᠡᠶᠢᠲᠡᠯᠡᠭᠰᠡᠨ ᠴᠠᠭ᠄
2022/2/11
     2022 ᠤᠨ ᠤ2 ᠰᠠᠷ᠎ᠠ ᠶᠢᠨ6 ᠤ ᠡᠳᠦᠷ᠂ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠪᠢᠷ ᠠᠳᠬᠤᠭᠤᠯ︾ ᠸᠢᠴᠠᠲ ᠬᠤᠯᠪᠤᠭᠠᠨ ᠤ ᠲᠠᠪᠤᠳᠠᠬᠢ ᠤᠳᠠᠭᠠᠨ ᠤ ᠰᠠᠷ᠎ᠠ ᠰᠢᠨ᠎ᠡ ᠶᠢᠨ ᠵᠤᠯᠭᠠᠯᠳᠠ ᠪᠤᠯᠤᠭᠰᠠᠨ ᠪᠠᠶᠢᠨ᠎ᠠ᠃ ᠲᠤᠰ  ᠸᠢᠴᠠᠲ ᠬᠤᠯᠪᠤᠭ᠎ᠠ ᠨᠢ2017 ᠤᠨ ᠳᠤ ᠪᠠᠶᠢᠭᠤᠯᠤᠭᠳᠠᠵᠦ᠂ ᠬᠤᠰᠢᠭᠤ ᠨᠤᠳᠤᠭ ᠤᠨ ᠢᠶᠠᠨ ᠰᠢᠯᠦᠭ ᠨᠠᠶᠢᠷᠠᠭ ᠵᠤᠬᠢᠶᠠᠯ ᠪᠦᠳᠦᠭᠡᠯ ᠲᠤᠭᠤᠷᠪᠢᠳᠠᠭ ᠭᠤᠴᠢ ᠭᠠᠷᠤᠢ ᠤᠷᠠᠨ  ᠪᠦᠳᠦᠭᠡᠯᠴᠢᠳ ᠸᠢᠴᠠᠲ ᠬᠤᠯᠪᠤᠭ᠎ᠠ ᠪᠤᠯᠤᠨ᠎ᠠ᠃
     ᠲᠤᠰ ᠤᠳᠠᠭᠠᠨ ᠤ ᠰᠠᠷ᠎ᠠ ᠰᠢᠨ᠎ᠡ ᠶᠢᠨ ᠵᠤᠯᠭᠠᠯᠳᠠ ᠶᠢᠨ ᠨᠠᠶᠢᠷ ᠢ ᠬᠤᠯᠪᠤᠭᠠᠨ ᠳᠤ ᠪᠠᠶᠢᠳᠠᠭ ᠮᠠᠨᠳᠤᠯ ᠨᠤᠳᠤᠭ ᠲᠠᠢ ᠲᠠᠪᠤᠨ ᠬᠡᠰᠢᠭᠦᠳ ᠬᠠᠮᠳᠤᠷᠠᠨ ᠮᠦᠩᠭᠦ ᠭᠠᠷᠭᠠᠨ ᠵᠤᠬᠢᠶᠠᠨ ᠪᠠᠶᠢᠭᠤᠯᠵᠦ᠂ ᠨᠠᠶᠢᠷ ᠲᠤ ᠬᠤᠷᠢ ᠭᠠᠷᠣᠢ ᠬᠤᠯᠪᠤᠭᠠᠨ ᠤ ᠬᠡᠰᠢᠭᠦᠳ ᠣᠷᠣᠯᠴᠠᠭᠰᠠᠨ ᠪᠦᠭᠡᠳ ᠭᠡᠷ ᠪᠦᠯᠢ ᠶᠢᠨ ᠬᠦᠮᠦᠰ ᠨᠢ ᠴᠦ ᠭᠦᠷᠦᠯᠴᠡᠨ ᠢᠷᠡᠵᠦ ᠢᠷᠠᠭᠤ ᠨᠠᠶᠢᠷᠠᠭ ᠤᠨ ᠤᠶᠠᠩᠭ᠎ᠠ ᠲᠠᠢ ᠰᠢᠨ᠎ᠡ ᠶᠢᠨ ᠵᠤᠯᠭᠠᠯᠳᠠ ᠶᠢᠨ ᠨᠠᠶᠢᠷ ᠪᠤᠯᠤᠭᠰᠠᠨ ᠪᠠᠶᠢᠨ᠎ᠠ᠃
     ᠵᠤᠯᠭᠠᠯᠳᠠ ᠶᠢᠨ ᠨᠠᠶᠢᠷ ᠨᠢ ᠪᠦᠳᠦᠭᠡᠯ ᠤᠨ ᠣᠷᠣᠯᠳᠤᠭᠠᠨ᠂ ᠤᠷᠠᠨ ᠨᠠᠶᠢᠷᠠᠭᠴᠢᠳ ᠤᠨ ᠢᠶᠠᠨ ᠤᠩᠭᠤᠳ ᠢ ᠭᠦᠩᠯᠡᠵᠦ᠂ ᠦᠵᠦᠭ ᠢ ᠬᠤᠷᠴᠠᠯᠠᠨ᠂ ᠲᠠᠯᠠ ᠭᠠᠷᠤᠭᠰᠠᠨ ᠪᠤᠭᠤᠷᠤᠯ ᠠᠴᠠ ᠲᠤᠯᠤᠭᠠᠨ ᠨᠠᠰᠤᠳᠠᠢ ᠨᠢᠯᠬ᠎ᠠ ᠳᠤ ᠪᠠᠨ ᠬᠦᠷᠳᠡᠯ᠎ᠡ ᠤᠷᠤᠯᠳᠤᠭᠠᠨ ᠳᠤ ᠢᠳᠡᠪᠬᠢᠯᠡᠨ ᠤᠷᠤᠯᠴᠠᠵᠦ᠂ ᠵᠤᠬᠢᠶᠠᠨ ᠪᠠᠶᠢᠭᠤᠯᠤᠭᠴᠢ ᠠᠴᠠ ᠬᠤᠶᠠᠷ ᠮᠢᠩᠭ᠎ᠠ ᠭᠠᠷᠤᠢ ᠲᠦᠭᠦᠷᠢᠭ ᠤᠨ ᠨᠤᠮ ᠤᠨ ᠪᠡᠯᠡᠭ ᠪᠡᠯᠡᠳᠭᠡᠨ ᠢᠷᠡᠭᠤ ᠨᠠᠶᠢᠷᠠᠭᠴᠢᠳ ᠢᠶᠠᠨ ᠣᠷᠮᠠᠰᠢᠭᠤᠯᠤᠨ ᠱᠠᠩᠨᠠᠵᠦ᠂ ᠰᠢᠨ᠎ᠡ ᠵᠢᠯ ᠴᠠᠭᠠᠨ ᠰᠠᠷ᠎ᠠ ᠪᠠᠨ ᠰᠢᠯᠦᠭ ᠨᠠᠶᠢᠷᠠᠭ ᠲᠠᠢ᠂ ᠨᠤᠮ ᠤᠨ ᠪᠡᠯᠡᠭ ᠲᠠᠢ ᠪᠠᠶᠠᠷᠯᠠᠨ ᠲᠡᠮᠳᠡᠭᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号