ᠪᠦᠬᠦ ᠠᠷᠠᠳ ᠢᠶᠠᠷ ᠢᠶᠠᠨ ᠨᠤᠮ ᠤᠩᠰᠢᠬᠤ ᠰᠠᠭᠤᠷᠢᠨ ᠭᠠᠵᠠᠷ ᠠᠮᠠᠷᠠᠯᠳᠠ ᠶᠢᠨ ᠬᠤᠭᠤᠴᠠᠭᠠᠨ ᠳᠤ ᠨᠤᠮ ᠤᠩᠰᠢᠬᠤ ᠲᠤᠬᠢᠯᠢᠭ ᠣᠷᠴᠢᠨ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2022/2/15
     ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠦᠬᠦ ᠠᠷᠠᠳ ᠢᠶᠠᠷ ᠢᠶᠠᠨ ᠨᠤᠮ ᠤᠩᠰᠢᠬᠤ ᠰᠠᠭᠤᠷᠢᠨ ᠭᠠᠵᠠᠷ ᠨᠢ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠦᠷᠭᠡᠨ ᠤᠯᠠᠨ ᠠᠷᠠᠳ ᠢᠷᠭᠡᠳ ᠪᠠ ᠰᠤᠷᠤᠭᠴᠢᠳ ᠲᠤ ᠨᠠᠮ ᠵᠢᠮ᠂ ᠠᠮᠤᠷ ᠲᠤᠭᠳᠠᠭᠤᠨ ᠨᠤᠮ ᠤᠩᠰᠢᠬᠤ᠂ ᠲᠠᠪᠳᠠᠨ ᠰᠤᠷᠤᠯᠴᠠᠬᠤ ᠤᠷᠴᠢᠨ ᠲᠤᠭᠤᠷᠢᠨ ᠢ ᠬᠠᠩᠭᠠᠵᠦ ᠦᠭᠭᠦ ᠡᠭᠦᠳᠡᠨ ᠠᠴᠠ ᠴᠠᠭᠠᠨ ᠰᠠᠷ᠎ᠠ ᠶᠢᠨ ᠰᠢᠨ᠎ᠡ ᠶᠢᠨ ᠲᠦᠷᠪᠡᠨ ᠠᠴᠠ ᠡᠬᠢᠯᠡᠨ ᠡᠭᠦᠳᠡ  ᠪᠠᠨ ᠨᠡᠭᠡᠭᠡᠵᠦ᠂ ᠪᠠᠶᠠᠷ ᠲᠤᠷᠠᠰᠬᠠᠯ ᠤᠨ ᠡᠳᠦᠷ ᠴᠦ ᠠᠮᠠᠷᠠᠬᠤ ᠦᠭᠡᠢ ᠪᠠᠷ ᠨᠤᠮ ᠤᠨ ᠰᠠᠩ ᠳᠤ ᠢᠷᠡᠵᠦ ᠨᠤᠮ ᠤᠩᠰᠢᠬᠤ᠂ ᠰᠢᠯᠭᠠᠯᠳᠠ ᠳᠤ ᠪᠡᠯᠡᠳᠭᠡᠨ ᠲᠠᠪᠳᠠᠬᠤ ᠬᠦᠮᠦᠰ ᠲᠤ ᠦᠢᠯᠡᠴᠢᠯᠡᠭᠡ ᠬᠠᠩᠭᠠᠵᠦ ᠪᠠᠶᠢᠨ᠎ᠠ᠃
     ᠪᠦᠬᠦ ᠠᠷᠠᠳ ᠢᠶᠠᠷ ᠢᠶᠠᠨ ᠨᠤᠮ ᠤᠩᠰᠢᠬᠤ ᠰᠠᠭᠤᠷᠢᠨ ᠭᠠᠵᠠᠷ ᠨᠢ439 ᠲᠡᠭᠰᠢ ᠲᠦᠷᠪᠡᠯᠵᠢᠨ ᠮᠧᠲᠷ ᠲᠤᠮᠤ ᠦᠷᠦᠭᠡᠨ ᠳᠤ ᠶᠠᠷᠢᠶ᠎ᠠ ᠢᠯᠡᠳᠭᠡᠯ ᠤᠨ ᠪᠤᠯᠤᠩ᠂ ᠲᠠᠪᠳᠠᠯᠭ᠎ᠠ ᠪᠤᠯᠪᠠᠰᠤᠷᠠᠯ ᠤᠨ ᠪᠤᠯᠤᠩ᠂ ᠨᠤᠮ ᠤᠩᠰᠢᠬᠤ ᠲᠠᠰᠤᠭ ᠵᠡᠷᠭᠡ ᠲᠤᠰᠬᠠᠢ ᠦᠷᠦᠭᠡ ᠲᠤᠬᠢᠷᠠᠭᠤᠯᠤᠨ3000 ᠭᠠᠷᠤᠢ ᠲᠦᠷᠦᠯ ᠤᠨ ᠭᠤᠷᠪᠠᠨ ᠲᠦᠮᠡ ᠭᠠᠷᠤᠢ ᠲᠡᠪᠳᠡᠷ ᠨᠤᠮ ᠪᠢᠴᠢᠭ ᠢ ᠪᠡᠯᠡᠳᠭᠡᠨ ᠬᠠᠩᠭᠠᠵᠦ᠂ ᠵᠠᠰᠠᠭ ᠤᠨ ᠤᠷᠳᠤᠨ ᠪᠤᠯᠤᠨ ᠰᠤᠶᠤᠯ ᠤᠨ ᠠᠵᠦ ᠦᠢᠯᠡᠰ ᠤᠨ ᠤᠳᠤᠷᠢᠳᠤᠨ ᠲᠠᠭᠠᠭᠤᠯᠬᠤ᠂ ᠵᠢᠱᠢᠶ᠎ᠡ ᠦᠵᠡᠭᠦᠯᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠪᠦᠬᠦ ᠬᠤᠰᠢᠭᠤᠨ ᠤ ᠠᠷᠠᠳ ᠢᠷᠭᠡᠳ ᠤᠨ ᠰᠣᠶᠤᠯ ᠤᠨ ᠠᠮᠢᠳᠤᠷᠠᠯ ᠢ ᠪᠠᠶᠠᠯᠢᠭᠵᠢᠭᠤᠯᠵᠦ᠂  ᠦᠷᠭᠡᠨ ᠤᠯᠠᠨ ᠰᠠᠭᠤᠭᠠᠯᠢ ᠠᠷᠠᠳ ᠤᠨ ᠨᠤᠮ ᠣᠩᠰᠢᠬᠤ ᠢᠳᠡᠪᠬᠢᠵᠢᠯ ᠢ ᠲᠠᠶᠢᠴᠢᠯᠠᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号