ᠪᠤᠭᠤᠳᠤ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/23
           ︵20022 ᠣᠨ ᠤ14 ᠳ᠋ᠦ᠋ᠭᠡᠷ ᠲᠤᠭᠠᠳᠦ︶      2022 ᠤᠨ ᠤ2 ᠰᠠᠷ᠎ᠠ ᠶᠢᠨ22 ᠤ ᠡᠳᠦᠷ ᠤᠨ1 ᠴᠠᠭ ᠠᠴᠠ3 ᠴᠠᠭ ᠪᠤᠯᠳᠠᠯ᠎ᠠ᠂ ᠮᠠᠨ ᠤ ᠬᠤᠳᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠳᠠᠭᠰᠠᠨ ᠡᠪᠡᠳᠴᠢᠨ ᠤ ᠵᠢᠱᠢᠶ᠎ᠡ2 ᠨᠡᠮᠡᠭᠳᠡᠵᠦ ︵ᠡᠪᠡᠳᠴᠢᠨ ᠤ ᠵᠢᠱᠢᠶ᠎ᠡ10.11. ᠬᠦᠨᠳᠡᠯᠡᠨ ᠲᠤᠭᠤᠷᠢᠭ︶᠂ ᠡᠨᠡ ᠬᠤᠶᠠᠷ ᠬᠦᠮᠦᠨ ᠨᠢ ᠡᠴᠢᠬᠡ ᠬᠦᠦ ᠶᠢᠨ ᠬᠠᠷᠢᠴᠠᠭ᠎ᠠ ᠲᠠᠢ᠂ ᠡᠪᠡᠳᠴᠢᠨ ᠤ ᠵᠢᠱᠢᠶ᠎ᠡ10 ᠨᠢ ᠡᠪᠡᠳᠴᠢᠨ ᠤ ᠵᠢᠱᠢᠶ᠎ᠡ1 ᠲᠠᠢ ᠠᠳᠠᠯᠢ ᠤᠷᠤᠨ ᠪᠦᠰᠡ ᠶᠢᠨ ᠬᠦᠮᠦᠰ ᠤᠨ ᠪᠦᠭᠡᠮ ᠬᠦᠴᠢᠯ ᠤᠨ ᠪᠠᠶᠢᠴᠠᠭᠠᠯᠳᠠ ᠬᠢᠭᠰᠡᠨ ᠪᠠ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠵᠦ ᠲᠦᠪ ᠤᠨ ᠲᠠᠬᠢᠨ ᠬᠢᠨᠠᠭᠰᠠᠨ ᠦᠷ᠎ᠡ ᠳ᠋ᠦᠩ ᠨᠢ ᠴᠦᠮ ᠠᠷᠭ᠎ᠠ ᠴᠢᠨᠠᠷᠳᠠᠢ᠃ ᠲᠤᠰᠬᠠᠢ ᠮᠡᠷᠭᠡᠵᠢᠯᠳᠡᠳ ᠤᠨ ᠬᠠᠮᠳᠤᠷᠠᠨ ᠤᠨᠤᠰᠢᠯᠠᠭᠰᠠᠨ ᠤ ᠦᠷ᠎ᠡ ᠳ᠋ᠦᠩ ᠳᠤ᠂1 ᠵᠢᠱᠢᠶ᠎ᠡ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠰᠠᠨ ᠡᠪᠡᠳᠴᠢᠨ ᠤ ᠵᠢᠱᠢᠶ᠎ᠡ ᠶᠢᠨ ᠬᠦᠩᠭᠡᠨ ᠬᠡᠯᠪᠡᠷᠢ ᠶᠢᠨ ᠪᠠᠶᠢᠵᠦ᠂1 ᠵᠢᠱᠢᠶ᠎ᠡ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠰᠠᠨ ᠡᠪᠡᠳᠴᠢᠨ ᠤ ᠵᠢᠱᠢᠶ᠎ᠡ ᠶᠢᠨ ᠡᠩ ᠤᠨ ᠬᠡᠯᠪᠡᠷᠢ ᠪᠤᠯᠤᠨ᠎ᠠ᠃ ᠤᠳᠤᠬᠠᠨ ᠳᠤ ᠴᠦᠮ ᠬᠤᠳᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠭᠠᠷᠯᠠᠨ ᠡᠮᠨᠡᠬᠦᠯᠵᠵᠦ ᠪᠠᠶᠢᠨ᠎ᠠ᠃ ᠬᠤᠯᠪᠤᠭᠳᠠᠯ ᠪᠦᠬᠦᠢ ᠲᠠᠳᠬᠠᠯ ᠡᠪᠡᠳᠴᠢᠨ ᠤ ᠪᠠᠶᠢᠴᠠᠭᠠᠯᠳᠠ᠂  ᠵᠢᠠᠠᠰᠠᠭᠠᠨ ᠪᠠᠶᠢᠴᠠᠭᠠᠬᠤ ᠵᠡᠷᠭᠡ ᠠᠵᠢᠯ ᠮᠦᠨ ᠶᠠᠪᠤᠭᠳᠠᠭᠰᠠᠭᠠᠷ ᠪᠠᠶᠢᠨ᠎ᠠ᠃ ᠤᠳᠤ ᠪᠤᠯᠳᠠᠯ᠎ᠠ᠂ ᠮᠠᠨ ᠤ ᠬᠤᠳᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠳᠠᠭᠰᠠᠨ ᠡᠪᠡᠳᠴᠢᠨ ᠤ  ᠵᠢᠱᠢᠶ᠎ᠡ ᠨᠡᠶᠢᠳᠡ11 ᠪᠤᠢ᠃       ᠦᠷᠭᠡᠨ ᠤᠯᠠᠨ ᠬᠤᠳᠠ ᠶᠢᠨ ᠠᠷᠠᠳ ᠢᠳᠡᠪᠬᠢᠳᠡᠢ ᠪᠠᠷ ᠬᠠᠮᠵᠢᠯᠴᠠᠵᠦ᠂ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠦ᠂ ᠬᠤᠪᠢ ᠬᠦᠮᠦᠨ ᠤ ᠬᠠᠮᠠᠭᠠᠯᠠᠯᠳᠠ ᠶᠢ ᠰᠠᠶᠢᠳᠤᠷ ᠬᠢᠵᠦ᠂ ᠠᠮᠠᠪᠴᠢ ᠵᠡᠬᠦᠬᠦ ᠶᠢ ᠪᠠᠷᠢᠮᠳᠠᠯᠠᠵᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠤᠯᠠᠵᠦ᠂ ᠬᠤᠪᠢ ᠬᠦᠮᠦᠨ ᠤ ᠡᠷᠡᠭᠦᠯ ᠬᠠᠮᠠᠭᠠᠯᠠᠯ ᠢ ᠠᠩᠬᠠᠷᠬᠤ ᠬᠡᠷᠡᠭᠳᠡᠢ᠃ ᠤᠳᠤᠬᠠᠨ ᠳᠤ ᠮᠠᠨ ᠤ ᠬᠤᠳᠠ ᠶᠢᠨ ᠦᠢᠯᠡᠳᠪᠦᠷᠢᠯᠡᠯ ᠠᠮᠢᠳᠤᠷᠠᠯ ᠲᠤᠭᠳᠠᠭᠤᠨ᠂ ᠡᠳ᠋ ᠪᠤᠳᠠᠰ ᠤᠨ ᠨᠦᠬᠡᠴᠡ ᠭᠦᠢᠴᠡᠳ ᠪᠠᠶᠢᠨ᠎ᠠ᠃ ᠦᠷᠭᠡᠨ ᠤᠯᠠᠨ ᠬᠤᠳᠠ ᠶᠢᠨ ᠠᠷᠠᠳ ᠰᠠᠨᠠᠭ᠎ᠠ ᠠᠮᠤᠷ ᠪᠠᠶᠢᠭᠠᠷᠠᠶᠢᠢ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠠᠷᠠᠳ ᠤᠯᠠᠨ ᠢᠶᠠᠨ ᠲᠠᠭᠠᠭᠤᠯᠤᠨ ᠬᠠᠮᠳᠤᠪᠠᠷ ᠬᠢᠵᠢᠭ ᠲᠠᠢ ᠲᠡᠮᠡᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠲᠠᠶᠢᠨ ᠢ ᠯᠠᠪᠳᠠᠢ ᠡᠷᠡᠰ ᠰᠢᠭᠤᠷᠬᠠᠢ ᠬᠢᠬᠦ ᠪᠤᠯᠤᠨ᠎ᠠ᠃            ᠪᠤᠭᠤᠳᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ               2022 ᠣᠨ ᠤ2 ᠰᠠᠷ᠎ᠠ ᠶᠢᠨ22 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号