ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠬᠤ ᠳᠤ ᠶᠠᠭᠠᠬᠢᠵᠤ ᠬᠢᠪᠡᠯ ᠵᠣᠬᠢᠬᠤ ᠪᠣᠢ︖
ᠨᠡᠶᠢᠲᠡᠯᠡᠭᠰᠡᠨ ᠴᠠᠭ᠄
2022/2/23
     ᠨᠢᠭᠡ᠂ᠥᠷᠭᠡᠨ ᠤᠯᠠᠨ ᠰᠠᠭᠤᠭᠠᠯᠢ ᠠᠷᠠᠳ ᠥᠪᠡᠷ ᠤᠨ ᠪᠠᠶᠢᠭ᠎ᠠ ᠦᠯᠢᠭᠡᠷ ᠠᠪᠬᠤ ᠭᠠᠵᠠᠷ ᠢᠶᠠᠨ ᠤᠷᠢᠳᠴᠢᠯᠠᠨ ᠣᠶᠢᠯᠠᠭᠠᠵᠤ᠂ 24 ᠴᠠᠭ ᠢᠶᠠᠷ  ᠤᠳᠠᠰᠤ ᠪᠠᠨ ᠨᠡᠭᠡᠭᠡᠵᠦ᠂ ᠨᠢᠭᠡᠴᠢ ᠶᠢᠨ ᠳᠠᠷᠤᠭ᠎ᠠ ᠶᠢᠨ ᠮᠡᠳᠡᠭᠳᠡᠯ ᠪᠠ ᠵᠣᠬᠢᠶᠠᠨ ᠪᠠᠶᠢᠭᠤᠯᠤᠯᠲᠠ ᠶᠢ ᠴᠠᠭ ᠲᠤᠬᠠᠶ ᠳᠤᠨᠢ ᠬᠦᠯᠢᠶᠡᠬᠦ ᠬᠡᠷᠡᠭᠲᠡᠶ᠃      ᠬᠤᠶᠠᠷ᠂ ᠨᠡᠶᠢᠲᠡ ᠶᠢᠨ ᠳ᠋ᠤᠭᠠᠷ ︽ᠯᠦ ᠴᠧᠩ ᠬᠤᠲᠠ ᠶᠢᠨ ᠡᠷᠡᠭᠦᠯ ᠮᠡᠨᠳᠦ 365︾ ᠶᠢ ᠤᠷᠢᠳᠴᠢᠯᠠᠨ ᠠᠩᠬᠠᠷᠬᠤ ᠶᠢᠨ ᠬᠠᠮᠲᠤ ᠡᠷᠡᠭᠦᠯ ᠮᠡᠨᠳᠦ ᠶᠢᠨ ᠨᠣᠮᠧᠷ ᠭᠤᠶᠤᠴᠢᠯᠠᠨ ᠠᠪᠬᠤ ᠬᠡᠷᠡᠭᠲᠡᠶ︔ ᠡᠷᠡᠭᠦᠯ ᠮᠡᠨᠳᠦ ᠶᠢᠨ ᠺᠣᠳ᠋ ᠥᠬᠡᠶ ᠪᠣᠯ ᠪᠡᠶ᠎ᠡ ᠶᠢᠨ ᠦᠨᠡᠮᠯᠡᠯ ᠢᠶᠠᠨ ᠰᠠᠶᠢᠲᠤᠷ ᠪᠡᠯᠡᠳᠬᠡᠵᠦ᠂ ᠪᠡᠶ᠎ᠡ ᠶᠢᠨ ᠦᠨᠡᠮᠯᠡᠯ ᠥᠬᠡᠶ ᠨᠠᠰᠤᠲᠠᠨ ᠪᠠ ᠬᠡᠤᠬᠡᠳ ᠡᠷᠦᠬᠡ ᠠᠮᠠ ᠶᠢᠨ ᠳᠡᠪᠲᠡᠷ ᠢᠶᠠᠨ ᠠᠪᠴᠤ ᠶᠠᠪᠤᠬᠤ ᠬᠡᠷᠡᠭᠲᠡᠶ᠃      ᠭᠤᠷᠪᠠ᠂ ᠨᠢᠭᠡᠴᠢ ᠶᠢᠨ ᠳᠠᠷᠤᠭ᠎ᠠ ᠶᠢᠨ ᠮᠡᠳᠡᠭᠳᠡᠯ ᠢ ᠣᠯᠤᠭᠰᠠᠨ ᠤ ᠲᠠᠷᠠᠭ᠎ᠠ ᠡᠮᠬᠢ ᠵᠢᠷᠤᠮ ᠲᠠᠢ ᠪᠠᠷ ᠠᠰᠠᠷ ᠠᠴᠠ ᠪᠠᠭᠤᠵᠤ ᠮᠥᠷᠯᠡᠨ ᠪᠠᠶᠢᠴᠠᠭᠠᠨ ᠰᠢᠯᠭᠠᠬᠤ ᠶᠢ ᠬᠦᠯᠢᠶᠡᠵᠦ᠂ ᠨᠠᠰᠤᠲᠠᠨ ᠪᠠ ᠬᠡᠦᠬᠡᠳ ᠢ ᠬᠢᠨᠠᠨ ᠬᠠᠮᠠᠭᠠᠯᠠᠭᠴᠢ ᠶᠢᠨ ᠪᠠᠷ᠎ᠠ ᠪᠤᠯᠤᠯᠭ᠎ᠠ ᠲᠠᠢ ᠪᠠᠷ ᠮᠥᠷᠯᠡᠨ ᠪᠠᠶᠢᠴᠠᠭᠠᠨ ᠰᠢᠯᠭᠠᠬᠤ ᠶᠢ ᠱᠠᠭᠠᠷᠳᠠᠨ᠎ᠠ᠃      ᠳᠥᠷᠪᠡ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠦᠢᠲᠡᠨ ᠢ ᠰᠡᠷᠭᠡᠶᠢᠯᠡᠨ ᠳᠤᠯᠠᠭᠠᠯᠠᠬᠤ ᠶᠢ ᠠᠩᠬᠠᠷᠴᠤ᠂ ᠨᠢᠭᠡᠴᠢ ᠶᠢᠨ ᠣᠷᠳᠣ ᠶᠢᠨ ᠵᠣᠬᠢᠶᠠᠨ ᠪᠠᠶᠢᠭᠤᠯᠤᠯᠲᠠ ᠶᠢᠨ ᠳᠣᠤᠷ᠎ᠠ᠂ ᠨᠢᠭᠡᠴᠢ ᠪᠠᠷ ᠨᠢᠭᠡᠴᠢ ᠪᠣᠯᠭᠠᠨ᠂ 10 ᠬᠥᠮᠦᠨ ᠢᠶᠠᠷ ᠨᠢᠭᠡ ᠳᠤᠭᠤᠶᠢᠯᠠᠩ ᠪᠣᠯᠭᠠᠨ ᠮᠥᠷᠯᠡᠵᠦ ᠪᠠᠶᠢᠴᠠᠭᠠᠨ ᠰᠢᠯᠭᠠᠬᠤ ᠶᠢ ᠬᠦᠯᠢᠶᠡᠨ᠎ᠡ᠃ ᠮᠥᠷᠯᠡᠬᠦ ᠳᠡᠭᠡᠨ ᠨᠢᠭᠡ ᠮᠧᠲᠷ ᠤᠨ ᠵᠠᠶ ᠲᠠᠢ᠂ ᠪᠦᠬᠦ ᠶᠠᠪᠤᠴᠠ ᠳᠤ ᠠᠮᠠᠪᠴᠢ ᠵᠡᠭᠦᠵᠦ᠂ ᠴᠤᠭᠯᠠᠷᠠᠬᠤ ᠦᠭᠡᠶ᠂ ᠶᠠᠷᠢᠯᠴᠠᠬᠤ ᠦᠭᠡᠶ᠂ ᠵᠢᠭᠰᠠᠭᠠᠯ ᠳᠤ ᠣᠷᠣᠬᠤ ᠦᠭᠡᠶ᠃      ᠲᠠᠪᠤ᠂ ᠮᠡᠳᠡᠭᠡ ᠵᠠᠩᠭᠢ ᠴᠤᠭᠯᠠᠭᠤᠯᠬᠤ ᠳᠠᠭᠠᠨ ᠰᠠᠨᠠᠭᠠᠴᠢᠯᠠᠭ᠎ᠠ ᠠᠴᠠ ᠪᠠᠨ ᠠᠵᠢᠯᠲᠠᠳ ᠲᠠᠢ ᠪᠠᠨ ᠬᠠᠮᠵᠢᠯᠴᠠᠨ ᠪᠡᠶ᠎ᠡ ᠶᠢᠨ ᠦᠨᠡᠮᠯᠡᠯ᠂ ᠡᠷᠡᠭᠦᠯ ᠮᠡᠨᠳᠦ ᠶᠢᠨ ᠨᠣᠮᠧᠷ ᠢᠶᠠᠨ ᠦᠵᠡᠭᠦᠯᠬᠦ ᠬᠡᠷᠡᠭᠲᠡᠶ᠃      ᠵᠢᠷᠭᠤᠭ᠎ᠠ᠂ ᠥᠯᠢᠭᠡᠷ ᠠᠪᠬᠤ ᠲᠣᠭᠤᠷᠢᠭ ᠲᠤ ᠣᠷᠣᠬᠤ ᠳᠠᠭᠠᠨ ᠡᠷᠬᠡᠪᠰᠢ ᠡᠮᠦᠨ᠎ᠡ ᠲᠠᠯ᠎ᠠ ᠶᠢᠨ ᠥᠯᠢᠭᠡᠷ ᠠᠪᠬᠤ ᠣᠯᠠᠨ ᠲᠦᠮᠡᠨ ᠤ ᠰᠠᠯᠵᠤ ᠶᠠᠪᠤᠬᠤ ᠶᠢ ᠬᠦᠯᠢᠶᠡᠬᠦ ᠬᠡᠷᠡᠭᠲᠡᠶ᠂ ᠠᠵᠢᠯᠲᠠᠳ ᠠᠷᠢᠭᠤᠳᠬᠠᠭᠰᠠᠨ ᠤ ᠳᠠᠷᠠᠭ᠎ᠠ ᠠᠮᠠᠪᠴᠢ ᠶᠢ ᠨᠢ ᠠᠪᠴᠤ ᠥᠯᠢᠭᠡᠷ ᠠᠪᠬᠤ ᠬᠡᠷᠡᠭᠲᠡᠶ᠂ ᠥᠯᠢᠭᠡᠷ ᠠᠪᠤᠭᠰᠠᠨ ᠤ ᠳᠠᠷᠠᠭ᠎ᠠ ᠳᠠᠷᠦ᠋ᠢᠬᠠᠨ ᠥᠯᠢᠭᠡᠷ ᠠᠪᠬᠤ ᠲᠤᠬᠠᠶ ᠶᠢᠨ ᠲᠠᠯᠠᠪᠤᠷ ᠠᠴᠠ ᠭᠠᠷᠴᠤ ᠶᠠᠪᠤᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号