ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/26
                                       ︵ᠲᠤᠯᠤᠳᠤᠭᠠᠷ ᠲᠤᠭᠠᠳᠦ︶      ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠤᠴᠢᠳᠠᠢ ᠪᠠᠶᠢᠬᠤ ᠶᠢ ᠦᠨᠳᠦᠰᠦᠯᠡᠨ᠂ ᠬᠢᠵᠢᠭ ᠤᠨ ᠪᠠᠶᠢᠳᠠᠯ ᠤᠨ ᠲᠠᠷᠬᠠᠨ ᠲᠡᠯᠭᠡᠷᠡᠬᠦ ᠶᠢ ᠴᠢᠩᠭ᠎ᠠ ᠰᠡᠷᠭᠡᠶᠢᠯᠡᠨ ᠬᠤᠷᠢᠭᠯᠠᠵᠦ᠂ ᠬᠢᠵᠢᠭ  ᠤᠨ ᠪᠠᠶᠢᠳᠠᠯ ᠬᠠᠯᠳᠠᠪᠦᠷᠢᠯᠡᠨ ᠤᠷᠤᠵᠦ ᠢᠷᠡᠬᠦ᠂ ᠭᠠᠳᠠᠭᠰᠢ ᠲᠠᠷᠬᠠᠬᠤ ᠲᠦᠭᠰᠢᠬᠦᠷᠢ ᠶᠢ ᠪᠠᠭᠠᠰᠬᠠᠬᠤ ᠶᠢᠨ ᠲᠦᠯᠦᠭᠡ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠤᠷᠠᠬᠢ ᠮᠡᠳᠦ ᠵᠠᠷᠯᠠᠨ ᠨᠡᠶᠢᠳᠡᠯᠡᠶ᠎ᠡ᠄      ᠲᠤᠰ ᠡᠳᠦᠷ ᠠᠴᠠ ᠡᠬᠢᠯᠡᠨ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠨᠢᠬᠡᠴᠡ᠂ ᠡᠯ᠎ᠡ ᠠᠷᠠᠳ ᠤᠨ ᠪᠦᠯᠬᠦᠮ᠂ ᠬᠤᠰᠢᠭᠤᠨ ᠳᠤ ᠰᠠᠭᠤᠭ᠎ᠠ ᠡᠯ᠎ᠡ ᠰᠠᠯᠠᠭ᠎ᠠ ᠮᠦᠴᠢᠷ ᠤᠨ ᠺᠠᠳ᠋ᠷ ᠠᠵᠢᠯᠳᠠᠳ ᠪᠠ ᠦᠷᠭᠡᠨ ᠤᠯᠠᠨ ᠰᠠᠭᠤᠭᠠᠯᠢ ᠠᠷᠠᠳ  ᠵᠠᠷᠴᠢᠮ ᠲᠡᠭᠡᠷ᠎ᠡ ᠪᠠᠨ ᠴᠢᠬᠤᠯᠠ ᠦᠭᠡᠢ ᠪᠤᠯ ᠮᠠᠨ ᠤ ᠬᠤᠰᠢᠭᠤ ᠠᠴᠠ ᠭᠠᠳᠠᠭᠰᠢ  ᠭᠠᠷᠴᠦ ᠪᠤᠯᠬᠤ ᠦᠬᠡᠢ᠃ ᠬᠡᠷᠪᠡ ᠡᠪᠡᠳᠴᠢᠨ ᠦᠵᠡᠭᠦᠯᠬᠦ᠂ ᠤᠨᠴᠠ ᠲᠤᠭᠳᠠᠭᠠᠭᠰᠠᠨ ᠠᠯᠪᠠᠨ ᠶᠠᠪᠤᠳᠠᠯ ᠵᠡᠷᠭᠡ ᠠᠴᠠ ᠪᠤᠯᠵᠦ ᠭᠠᠳᠠᠭᠰᠢ ᠭᠠᠷᠬᠤ ᠴᠢᠬᠤᠯᠠ ᠲᠠᠢ ᠪᠤᠯ ᠰᠠᠭᠤᠭ᠎ᠠ ᠨᠡᠶᠢᠭᠡᠮ ᠲᠤᠭᠤᠷᠢᠭ᠂ ᠭᠠᠴᠠᠭ᠎ᠠ ᠲᠤᠰᠬᠤᠨ ᠤ ᠵᠦᠪᠯᠡᠯ ᠪᠤᠶᠤ ᠠᠯᠪᠠᠨ ᠪᠠᠶᠢᠭᠤᠯᠭ᠎ᠠ ᠠᠴᠠ ᠪᠠᠨ ᠲᠤᠳᠤᠷᠬᠠᠶᠢᠯᠠᠯᠳᠠ ᠬᠢᠯᠬᠡᠵᠦ᠂ ᠬᠤᠰᠢᠭᠤ ᠠᠴᠠ ᠰᠠᠯᠬᠤ ᠰᠢᠯᠳᠠᠭᠠᠨ᠂ ᠶᠠᠪᠤᠬᠤ ᠴᠢᠭᠯᠡᠯ ᠪᠠ ᠴᠠᠭ ᠬᠤᠭᠤᠴᠠᠭ᠎ᠠ ᠪᠠᠨ ᠲᠤᠳᠤᠷᠬᠠᠶᠢᠯᠠᠵᠦ ᠨᠡᠶᠢᠬᠡᠨ ᠲᠤᠭᠤᠷᠢᠭ᠂ ᠭᠠᠴᠠᠭ᠎ᠠ ᠲᠤᠰᠬᠤᠨ ᠤ ᠵᠦᠪᠯᠡᠯ ᠪᠠ ᠪᠠᠶᠢᠭᠤᠯᠭ᠎ᠠ ᠨᠢᠭᠡᠴᠡ ᠶᠢᠨ ᠭᠤᠤᠯ ᠤᠳᠤᠷᠢᠳᠤᠯᠭ᠎ᠠ ᠶᠢᠨ ᠭᠠᠷ ᠤᠨ ᠦᠰᠦᠭ ᠵᠢᠷᠦᠵᠦ ᠲᠠᠮᠠᠭ᠎ᠠ ᠲᠠᠷᠤᠭᠰᠠᠨ ᠪᠠᠶᠢᠳᠠᠯ ᠤᠨ ᠲᠤᠳᠤᠷᠬᠠᠶᠢᠯᠠᠯᠳᠠ ᠪᠠᠨ ᠠᠪᠴᠦ ᠪᠦᠬᠡᠮ ᠬᠦᠴᠢᠯ ᠤᠨ ᠪᠠᠶᠢᠴᠠᠭᠠᠯᠳᠠ ᠬᠢᠵᠦ᠂ ᠪᠠᠶᠢᠴᠠᠭᠠᠯᠳᠠ ᠶᠢᠨ ᠦᠷ᠎ᠡ ᠳ᠋ᠦᠩ ᠨᠢ ᠪᠢᠯᠢᠭ ᠴᠢᠨᠠᠷ ᠪᠠᠶᠢᠪᠠᠯ ᠰᠠᠶ᠋ᠢ ᠭᠠᠳᠠᠭᠰᠢ ᠭᠠᠷᠴᠦ ᠪᠤᠯᠤᠨ᠎ᠠ᠃      ᠠᠷᠠᠳ ᠤᠨ ᠠᠮᠢᠳᠤᠷᠠᠯ ᠤᠨ ᠪᠠᠳᠤᠯᠠᠭ᠎ᠠ᠂ ᠡᠮ ᠡᠮᠴᠢᠯᠡᠭᠡᠨ ᠤ ᠰᠡᠷᠭᠡᠶᠢᠯᠡᠯᠳᠡ ᠶᠢᠨ ᠬᠠᠮᠠᠭᠠᠯᠠᠯᠳᠠ ᠶᠢᠨ ᠡᠳ᠋ ᠪᠠᠷᠠᠭ᠎ᠠ ᠶᠢᠨ ᠲᠡᠭᠡᠭᠡᠪᠦᠷᠢᠯᠡᠯ ᠵᠢᠴᠢ ᠴᠢᠬᠤᠯᠠ ᠦᠢᠯᠡᠳᠪᠦᠷᠢᠯᠡᠯ ᠤᠨ ᠡᠳ᠋ ᠪᠠᠷᠠᠭ᠎ᠠ ᠶᠢᠨ ᠲᠡᠭᠡᠭᠡᠪᠦᠷᠢ ᠪᠤᠶᠤ ᠡᠵᠡᠩᠨᠡᠯᠳᠡ ᠶᠢᠨ ᠨᠢᠬᠡᠴᠡ ᠠᠴᠠ ᠵᠦᠪᠰᠢᠶᠡᠷᠡᠭᠰᠡᠨ ᠭᠡᠷᠡᠴᠢ ᠶᠢ ᠭᠠᠷᠭᠠᠵᠦ᠂ ᠪᠦᠬᠡᠮ ᠬᠦᠴᠢᠯ ᠤᠨ ᠪᠠᠶᠢᠴᠠᠭᠠᠯᠳᠠ  ᠶᠢᠨ ᠪᠢᠯᠢᠭ ᠴᠢᠨᠠᠷ ᠤᠨ ᠬᠡᠷᠡᠴᠢᠯᠡᠯ᠂ ᠺᠤᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠯ ᠬᠢᠬᠦ᠂ ᠪᠢᠳᠡᠭᠦᠮᠵᠢᠯᠡᠨ ᠬᠠᠮᠢᠶᠠᠷᠬᠤ ᠵᠡᠷᠭᠡ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠳᠠᠯ ᠲᠤᠤᠷ᠎ᠠ᠂ ᠲᠡᠭᠦᠨ ᠤ ᠰᠠᠭᠠᠳ ᠦᠭᠡᠢ ᠨᠡᠪᠳᠡᠷᠡᠬᠦ ᠶᠢ ᠪᠠᠳᠤᠯᠠᠨ᠎ᠠ᠃                  ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                       2022 ᠤᠨ ᠤ2 ᠰᠠᠷ᠎ᠠ ᠶᠢᠨ24 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号