ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠤᠶᠠᠳᠤᠭᠠᠷ ᠡᠭᠡᠯᠵᠢ  ᠶᠢᠨ ᠪᠦᠬᠦ ᠠᠷᠠᠳ ᠤᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/27
                               ︵2022 ᠣᠨ   ᠤ ᠨᠠᠶᠢᠮᠠᠳᠤᠭᠠᠷ ᠲᠤᠭᠠᠳᠦ︶      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ   ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠤᠭᠳᠠᠭᠠᠯ ᠶᠤᠰᠤᠭᠠᠷ2 ᠰᠠᠷ᠎ᠠ ᠶᠢᠨ26 ᠤ ᠡᠳᠦᠷ ᠤᠨ7 ᠴᠠᠭ ᠠᠴᠠ13 ᠴᠠᠭ ᠪᠤᠯᠳᠠᠯ᠎ᠠ ᠬᠤᠶᠠᠳᠤᠭᠠᠷ ᠡᠭᠡᠯᠵᠢ ᠶᠢᠨ ᠪᠦᠬᠦ ᠠᠷᠠᠳ ᠤᠨ ᠪᠦᠬᠡᠮ  ᠬᠦᠴᠢᠯ ᠤᠨ ᠪᠠᠶᠢᠴᠠᠭᠠᠯᠳᠠ ᠬᠢᠨ᠎ᠡ᠃ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠵᠠᠷᠯᠠᠶ᠎ᠠ᠄      ᠨᠢᠭᠡ᠂  ᠲᠤᠰ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠶᠢᠨ ᠡᠳᠡᠭᠡᠳ ᠪᠤᠯ ᠪᠦᠬᠦ ᠬᠤᠰᠢᠭᠤᠨ ᠤ ᠬᠡᠪᠴᠢᠶᠡᠨ ᠳᠠᠬᠢ ᠪᠤᠢ ᠪᠦᠬᠦᠢ ᠬᠦᠮᠦᠰ ︵ᠲᠤᠰ ᠭᠠᠵᠠᠷ ᠤᠨ ᠪᠠᠶᠢᠩᠭᠤ ᠰᠠᠭᠤᠭ᠎ᠠ ᠬᠦᠮᠦᠨ ᠠᠮᠠ᠂ ᠲᠦᠷ ᠰᠠᠭᠤᠭ᠎ᠠ ᠬᠦᠮᠦᠨ ᠠᠮᠠ᠂ ᠲᠦᠷ ᠴᠠᠭ ᠤᠨ ᠨᠡᠭᠦᠳᠡᠯ ᠬᠦᠮᠦᠨ ᠠᠮᠠ᠂ ᠭᠠᠳᠠᠭᠠᠳᠦ ᠶᠢᠨ ᠬᠠᠷᠢᠶᠠᠳᠦ ᠬᠦᠮᠦᠨ ᠠᠮᠠ ᠵᠡᠷᠭᠡ ᠪᠠᠭᠳᠠᠨ᠎ᠠ︶ ᠪᠤᠯᠤᠨ᠎ᠠ᠃      ᠬᠤᠶᠠᠷ᠂ ᠲᠤᠰ ᠣᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠬᠤ ᠡᠮᠴᠢ ᠰᠤᠪᠢᠯᠠᠭᠴᠢ᠂ ᠲᠤᠳᠤᠭᠠᠳᠦ ᠶᠢ ᠬᠠᠮᠠᠭᠠᠯᠠᠬᠤ ᠺᠠᠳ᠋ᠷ ᠴᠠᠭᠳᠠᠭ᠎ᠠ ᠪᠤᠯᠤᠨ ᠪᠠᠶᠢᠯᠳᠤᠭᠠᠨ ᠤ  ᠲᠤᠭᠤᠷᠢᠭ ︵ᠭᠠᠴᠠᠭ᠎ᠠ ᠲᠤᠰᠬᠤᠨ︶ ᠤᠨ ᠵᠤᠬᠢᠶᠠᠨ ᠪᠠᠶᠢᠭᠤᠯᠵᠦ ᠲᠠᠶᠢᠴᠢᠯᠠᠬᠤ ᠶᠢ ᠬᠠᠷᠢᠭᠤᠴᠠᠵᠦ ᠪᠠᠶᠢᠭ᠎ᠠ ᠲᠠᠷᠤᠭ᠎ᠠ ︵ᠰᠤᠮᠤ ᠰᠢᠶᠠᠩ ᠪᠠᠯᠭᠠᠰᠤ᠂ ᠲᠤᠰᠬᠤᠨ  ᠤ ᠠᠷᠠᠳ ᠤᠨ ᠵᠦᠪᠯᠡᠯ ᠤᠨ ᠺᠠᠳ᠋ᠷ  ︶ ᠠᠰᠠᠷ ᠤᠨ ᠲᠠᠪᠬᠤᠷᠭ᠎ᠠ ᠶᠢᠨ ᠲᠠᠷᠤᠭ᠎ᠠ᠂ ᠲᠠᠰᠤᠭ ᠤᠨ ᠲᠠᠷᠤᠭ᠎ᠠ ᠵᠢᠴᠢ ᠦᠯᠢᠭᠡᠷ ᠠᠪᠬᠤ ᠲᠤᠬᠠᠢ ᠶᠢᠨ ᠲᠠᠯᠠᠪᠠᠢ ᠶᠢᠨ ᠬᠦᠳᠦᠯᠦᠭᠴᠢ᠂ ᠲᠠᠩᠰᠠᠯᠠᠭᠴᠢ᠂ ᠪᠡᠶ᠎ᠡ ᠶᠢᠨ ᠲᠤᠯᠠᠭᠠᠨ ᠤ ᠬᠡᠮᠵᠢᠭᠴᠢ᠂ ᠠᠷᠢᠭᠤᠳᠬᠠᠭᠴᠢ᠂ ᠲᠤᠰᠭᠠᠷᠯᠠᠨ ᠬᠠᠮᠢᠶᠠᠷᠤᠨ ᠡᠵᠡᠮᠳᠡᠭᠴᠢ᠂ ᠡᠳ᠋ ᠪᠤᠳᠠᠰ ᠲᠠᠷᠬᠠᠭᠠᠭᠴᠢ᠂ ᠰᠠᠶᠢᠨ ᠲᠤᠷ᠎ᠠ ᠶᠢᠨ ᠠᠵᠢᠯᠯᠠᠭᠴᠢ ᠵᠡᠷᠭᠡ ᠠᠵᠢᠯᠳᠠᠨ2 ᠰᠠᠷ᠎ᠠ ᠶᠢᠨ25 ᠤ ᠡᠳᠦᠷ ᠤᠨ ᠦᠳᠡ ᠶᠢᠨ ᠬᠤᠶᠢᠨᠠᠬᠢ14᠄30—18᠄00 ᠴᠠᠭ ᠲᠤ ᠪᠠᠳᠤᠬᠠᠭᠠᠯᠭ᠎ᠠ ᠪᠠᠯᠭᠠᠰᠤᠨ ᠤ ᠫᠢ ᠭᠧ ᠴᠠᠩ ᠰᠠᠭᠤᠭᠠᠯᠢ ᠲᠤᠭᠤᠷᠢᠭ ᠤᠨ ᠡᠭᠦᠳᠡ᠂ ᠡᠦ ᠲᠦᠩ ᠶᠤᠸᠠᠨ ᠰᠠᠭᠤᠭᠠᠯᠢ ᠲᠤᠭᠤᠷᠢᠭ ᠤᠨ ᠡᠭᠦᠳᠡ᠂ ᠮᠢᠩ ᠯᠢᠦ ᠵᠤᠴᠢᠳ ᠤᠨ ᠪᠠᠭᠤᠳᠠᠯ ᠤᠨ ᠡᠭᠦᠳᠡ ︵ᠨᠠᠮ ᠤᠨ ᠰᠤᠷᠭᠠᠭᠤᠯᠢ  ᠶᠢᠨ ᠭᠤᠳᠤᠮᠵᠢ︶᠂ ᠶᠠᠪᠠᠭᠠᠨ ᠵᠡᠭᠡᠯᠢ ᠶᠢᠨ ᠪᠠᠷᠠᠭᠤᠨ ᠠᠮᠠ᠂ ᠬᠤᠰᠢᠭᠤᠨ ᠤ ᠵᠠᠰᠠᠭ ᠤᠨ ᠤᠷᠳᠤᠨ ᠤ ᠠᠷᠤ ᠲᠠᠯ᠎ᠠ  ᠶᠢᠨ ᠲᠡᠷᠭᠡᠨ ᠵᠤᠭᠰᠠᠭᠠᠯ ᠵᠡᠷᠭᠡ5 ᠦᠯᠢᠭᠡᠷ ᠠᠪᠬᠤ ᠴᠡᠭ ᠲᠤ ᠬᠦᠷᠴᠦ ᠦᠯᠢᠭᠡᠷ ᠠᠪᠴᠦ᠂ ᠪᠤᠰᠤᠳ ᠰᠤᠮᠤ ᠰᠢᠶᠠᠩ ᠪᠠᠯᠭᠠᠰᠤ ︵ᠵᠠᠰᠠᠭ ᠤᠨ ᠤᠷᠳᠤᠨ ᠤ ᠰᠠᠭᠤᠭ᠎ᠠ ᠭᠠᠵᠠᠷ︶ ᠨᠢ ᠪᠦᠬᠡᠮ ᠬᠦᠴᠢᠯ ᠤᠨ ᠦᠯᠢᠭᠡᠷ ᠠᠪᠬᠤ ᠴᠡᠭ  ᠢ ᠲᠤᠭᠳᠠᠭᠠᠵᠦ ᠦᠯᠢᠭᠡᠷ ᠠᠪᠴᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷᠳᠠᠢ ᠪᠤᠯ  ᠰᠠᠶ᠋ᠢ ᠠᠵᠢᠯ ᠤᠨ ᠪᠠᠶᠢᠷᠢ ᠳᠤ ᠭᠠᠷᠴᠦ ᠪᠤᠯᠤᠨ᠎ᠠ᠃      ᠭᠤᠷᠪᠠ᠂ ᠲᠤᠰ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠶᠢ ᠰᠤᠮᠤ ᠰᠢᠶᠠᠩ ᠪᠠᠯᠭᠠᠰᠤ ᠪᠠᠷ ᠨᠢᠬᠡᠴᠢ ᠪᠤᠯᠭᠠᠨ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠤᠨ ᠰᠠᠭᠤᠭᠠᠯᠢ ᠠᠷᠠᠳ ᠤᠨ ᠵᠦᠪᠯᠡᠯ᠂ ᠠᠶᠢᠯ ᠲᠤᠰᠬᠤᠨ ᠵᠡᠷᠭᠡ ᠲᠦᠪᠯᠡᠷᠡᠨ ᠰᠠᠭᠤᠷᠢᠰᠢᠠᠠᠰᠠᠨ ᠤᠷᠤᠨ ᠤ ᠲᠤᠭᠤᠷᠢᠨ  ᠳᠤ ᠦᠯᠢᠭᠡᠷ ᠠᠪᠬᠤ ᠴᠡᠭ ᠪᠠᠶᠢᠭᠤᠯᠵᠦ᠂ ᠦᠷᠭᠡᠨ ᠤᠯᠠᠨ ᠰᠠᠭᠤᠭᠠᠯᠢ ᠠᠷᠠᠳ ᠤᠨ ᠵᠦᠪᠯᠡᠯ᠂ ᠠᠶᠢᠯ ᠲᠤᠰᠬᠤᠨ   ᠤ ᠮᠡᠳᠡᠭᠳᠡᠯ ᠶᠤᠰᠤᠭᠠᠷ ᠲᠤᠭᠳᠠᠭᠰᠠᠨ ᠭᠠᠵᠠᠷ ᠲᠤ ᠴᠠᠭ ᠬᠤᠪᠢᠶᠠᠨ ᠡᠮᠬᠢ ᠵᠢᠷᠤᠮ   ᠲᠠᠢ ᠪᠠᠷ ᠬᠦᠷᠴᠦ ᠪᠦᠬᠡᠮ ᠬᠦᠴᠢᠯ ᠤᠨ ᠪᠠᠶᠢᠴᠠᠭᠠᠯᠳᠠ ᠶᠢᠨ ᠦᠯᠢᠭᠡᠷ ᠠᠪᠬᠤ ᠠᠵᠢᠯ ᠤᠨ ᠦᠷᠨᠢᠭᠦᠯᠵᠦ᠂ ᠪᠦᠭᠡᠮᠨᠡᠷᠡᠨ ᠴᠤᠭᠯᠠᠷᠠᠬᠤ᠂ ᠤᠷᠳᠤ ᠬᠤᠭᠤᠴᠠᠭ᠎ᠠ ᠪᠠᠷ ᠮᠦᠷᠯᠡᠨ ᠬᠦᠯᠢᠶᠡᠬᠦ ᠵᠡᠷᠬᠡ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠳᠡᠢ᠃      ᠲᠦᠷᠪᠡ᠂ ᠪᠦᠬᠡᠮ ᠬᠦᠴᠢᠯ ᠤᠨ ᠪᠠᠶᠢᠴᠠᠭᠠᠯᠳᠠ ᠬᠢᠬᠦ ᠳᠤ ︽ᠪᠤᠭᠤᠳᠦ ᠬᠤᠳᠠ ᠶᠢᠨ ᠡᠷᠡᠭᠦᠯ ᠮᠡᠨᠳᠦ︾ ᠸᠢᠴᠠᠲ ᠤᠨ ᠨᠡᠶᠢᠳᠡ ᠶᠢᠨ ᠲᠠᠪᠴᠠᠩ ᠠᠴᠠ ᠲᠤᠰ ᠡᠳᠦᠷ ᠤᠨ ᠡᠷᠡᠭᠦᠯ ᠮᠡᠨᠳᠦ ᠶᠢᠨ ᠨᠤᠮᠧᠷ ᠨᠢ ᠬᠦᠴᠦᠨ ᠲᠠᠢ︶᠂ ᠪᠡᠶ᠎ᠡ ᠶᠢᠨ ᠦᠨᠡᠮᠡᠯ ᠵᠡᠷᠭᠡ ᠬᠦᠴᠦᠨ ᠪᠦᠬᠦᠢ ᠦᠨᠡᠮᠡᠯ ᠵᠢᠴᠢ ᠤᠶᠤᠨᠳᠦ ᠭᠠᠷ ᠤᠳᠠᠰᠤ ︵ᠨᠠᠰᠤᠳᠠᠨ᠂ ᠨᠢᠯᠬᠠᠰ᠂ ᠵᠡᠮᠳᠡᠭ ᠵᠡᠷᠭᠡ ᠤᠨᠴᠠᠭᠠᠢ ᠬᠦᠮᠦᠰ ᠬᠢᠨᠠᠨ ᠬᠠᠮᠠᠭᠠᠯᠠᠭᠴᠢ ᠶᠢᠨ ᠪᠡᠶ᠎ᠡ   ᠪᠠᠷ ᠪᠠᠶᠢᠴᠠᠭᠠᠯᠳᠠ ᠬᠢᠬᠦ ᠬᠡᠷᠡᠭᠳᠡᠢ︶ ᠠᠪᠴᠦ ᠶᠠᠪᠤᠵᠦ᠂ ᠮᠡᠳᠡᠭᠡ ᠵᠠᠩᠭᠢ ᠴᠤᠭᠯᠠᠭᠤᠯᠵᠦ ᠲᠠᠩᠰᠠᠯᠠᠬᠤ ᠠᠵᠢᠯ ᠢ ᠬᠠᠮᠵᠢᠯᠴᠠᠨ ᠰᠠᠶᠢᠳᠤᠷ ᠬᠢᠨ᠎ᠡ᠃ ᠦᠯᠢᠭᠡᠷ ᠠᠪᠬᠤ ᠶᠠᠪᠤᠴᠠ ᠳᠤ᠂ ᠡᠮᠴᠢᠯᠡᠭᠡᠨ ᠳᠤ ᠬᠡᠷᠡᠭᠯᠡᠬᠦ ᠠᠮᠠᠪᠴᠢ ᠪᠠᠨ ᠪᠦᠬᠦ ᠶᠠᠪᠤᠴᠠ ᠳᠤ ᠵᠡᠬᠦᠵᠦ᠂ ᠮᠦᠷᠯᠡᠨ ᠬᠦᠯᠢᠶᠡᠵᠦ ᠪᠠᠶᠢᠬᠤ ᠳᠠᠭᠠᠨ ᠪᠤᠰᠤᠳ ᠲᠠᠢ1 ᠮᠧᠲᠷ ᠠᠴᠠ ᠲᠡᠭᠡᠭᠰᠢ ᠵᠠᠢ ᠲᠠᠢ ᠪᠠᠶᠢᠵᠦ᠂ ᠶᠠᠷᠢᠯᠴᠠᠬᠤ ᠦᠬᠡᠢ᠂ ᠴᠤᠭᠯᠠᠷᠠᠬᠤ ᠦᠬᠡᠢ ᠪᠠᠶᠢᠵᠦ᠂ ᠤᠬᠠᠮᠰᠠᠷ ᠠᠴᠠ ᠪᠠᠨ ᠦᠪᠡᠷ ᠤᠨ ᠪᠡᠶ᠎ᠡ ᠶᠢᠨ ᠬᠠᠮᠠᠭᠠᠯᠠᠯᠳᠠ ᠪᠠᠨ ᠰᠠᠶᠢᠳᠤᠷ ᠬᠢᠵᠦ᠂ ᠦᠯᠢᠭᠡᠷ ᠠᠪᠴᠦ ᠪᠠᠷᠠᠭᠰᠠᠨ ᠤ ᠲᠠᠷᠠᠭ᠎ᠠ ᠡᠮᠬᠢ ᠵᠢᠷᠤᠮ ᠲᠠᠢ ᠪᠠᠷ ᠪᠤᠴᠠᠨ᠎ᠠ᠃      ᠲᠠᠪᠤ᠂ ᠲᠤᠰ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠶᠢᠨ ᠬᠤᠭᠤᠴᠠᠭᠠᠨ ᠳᠤ ︵2 ᠰᠠᠷ᠎ᠠ  ᠶᠢᠨ26 ᠤ ᠡᠳᠦᠷ ᠤᠨ ᠦᠳᠡ ᠶᠢᠨ ᠡᠮᠦᠨ᠎ᠡ︶ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠬᠠᠭᠠᠰ ᠡᠳᠦᠷ ᠤᠨ ᠴᠢᠯᠦᠭᠡ ᠲᠠᠯᠪᠢᠭᠠᠳ ᠭᠡᠷ ᠲᠡᠭᠡᠨ ᠬᠦᠯᠢᠶᠡᠵᠦ᠂ ᠱᠠᠭᠠᠡᠳᠠᠯᠭ᠎ᠠ ᠶᠤᠰᠤᠭᠠᠷ ᠪᠦᠬᠡᠮ ᠬᠦᠴᠢᠯ ᠤᠨ ᠪᠠᠶᠢᠴᠠᠭᠠᠯᠳᠠ ᠶᠢᠨ ᠠᠵᠢᠯ ᠳᠤ ᠤᠷᠤᠯᠴᠠᠨ᠎ᠠ᠃ ᠤᠨᠴᠠᠭᠠᠢ ᠠᠵᠢᠯ  ᠤᠨ ᠪᠠᠶᠢᠷᠢ ᠳᠤ ᠡᠭᠡᠯᠵᠢᠯᠡᠭᠦᠯᠦᠨ ᠵᠢᠵᠢᠬᠦᠷᠯᠡᠬᠦ ᠵᠡᠷᠭᠡ ᠬᠡᠯᠪᠡᠷᠢ ᠶᠢ ᠠᠪᠴᠦ᠂ ᠬᠠᠮᠢᠶ᠎ᠠ ᠪᠦᠬᠦᠢ ᠬᠦᠮᠦᠰ ᠢ ᠵᠤᠬᠢᠶᠠᠨ  ᠪᠠᠶᠢᠭᠤᠯᠤᠨ ᠪᠦᠬᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠭᠤᠯᠬᠤ ᠬᠡᠷᠡᠭᠳᠡᠢ᠃      ᠵᠢᠷᠭᠤᠭ᠎ᠠ᠂ ᠪᠦᠬᠦ ᠠᠷᠠᠳ ᠤᠨ ᠪᠦᠬᠡᠮ ᠬᠦᠴᠢᠯ ᠤᠨ ᠪᠠᠶᠢᠴᠠᠭᠠᠯᠳᠠ ᠶᠢᠨ ᠬᠤᠭᠤᠴᠠᠭᠠᠨ ᠳᠤ᠂ ᠪᠤᠢ ᠪᠦᠬᠦᠢ ᠰᠠᠭᠤᠭᠠᠯᠢ ᠠᠷᠠᠳ ᠤᠨ ᠰᠠᠭᠤᠭᠠᠯᠢ ᠲᠤᠭᠤᠷᠢᠭ  ︵ᠲᠤᠰᠬᠤᠨ︶ ᠢ2 ᠳ᠋ᠤᠭᠠᠷ ᠰᠠᠷ᠎ᠠ ᠶᠢᠨ25 ᠤ ᠡᠳᠦᠷ ᠤᠨ18 ᠄00 ᠴᠠᠭ ᠠᠴᠠ ᠡᠬᠢᠯᠡᠨ ᠪᠢᠳᠡᠬᠦᠮᠵᠢᠯᠡᠨ ᠡᠵᠡᠮᠳᠡᠵᠦ᠂ ᠰᠠᠭᠤᠭᠠᠯᠢ ᠠᠷᠠᠳ ᠤᠨ ︵ᠲᠤᠰᠬᠤᠨ  ︶ ᠲᠤᠭᠤᠷᠢᠳ ︵ᠲᠤᠰᠬᠤᠨ ᠠᠯᠤᠰᠯᠠᠨ ᠰᠢᠯᠵᠢᠬᠦ ᠶᠢ ᠬᠢᠵᠠᠭᠠᠷᠯᠠᠵᠦ᠂ ᠪᠦᠬᠦᠶᠢᠯᠡ ᠬᠦᠮᠦᠰ ᠭᠠᠷᠴᠦ ᠤᠷᠤᠬᠤ ᠦᠬᠡᠢ ᠪᠠᠶᠢᠬᠤ ᠬᠡᠷᠡᠭᠳᠡᠢ᠃ ᠴᠢᠬᠤᠯᠠ ᠵᠠᠮ ᠤᠨ ᠬᠡᠰᠡᠭ ᠲᠤ ᠵᠠᠮ ᠬᠠᠷᠢᠯᠴᠠᠭᠠᠨ ᠤ  ᠬᠠᠮᠢᠶᠠᠷᠤᠯᠳᠠ ᠬᠡᠷᠡᠭᠵᠢᠭᠦᠯᠵᠦ᠂ ᠪᠦᠬᠡᠮ ᠬᠦᠴᠢᠯ ᠤᠨ ᠦᠯᠢᠭᠡᠷ ᠠᠪᠬᠤ ᠲᠠᠯᠠᠪᠤᠷ ᠤᠨ ᠬᠠᠮᠢᠶᠠᠷᠣᠨ ᠡᠵᠡᠮᠳᠡᠬᠦ ᠠᠵᠢᠯᠳᠠᠨ ᠠᠴᠠ ᠬᠤᠪᠢ ᠬᠦᠮᠦᠨ ᠤ ᠮᠡᠳᠡᠭᠡ ᠵᠠᠩᠭᠢ ᠪᠦᠬᠡᠮ ᠬᠦᠴᠢᠯ ᠤᠨ ᠪᠠᠶᠢᠴᠠᠭᠠᠯᠳᠠ ᠬᠢᠭᠰᠡᠨ ᠪᠠᠶᠢᠳᠠᠯ ᠢ ᠲᠡᠮᠳᠡᠭᠯᠡᠭᠰᠡᠨ ᠤ ᠲᠠᠷᠠᠭ᠎ᠠ ᠰᠠᠶ᠋ᠢ ᠨᠡᠪᠳᠡᠷᠡᠵᠦ ᠪᠤᠯᠤᠨ᠎ᠠ᠃      ᠲᠤᠯᠤᠭ᠎ᠠ᠂ ᠤᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠠᠭᠠᠷ ᠤᠨ ᠲᠤᠯᠠᠭᠠᠨ ᠨᠡᠯᠢᠶᠡᠳ ᠲᠤᠤᠷ᠎ᠠ᠂ ᠦᠷᠭᠡᠨ ᠤᠯᠠᠨ ᠰᠠᠭᠤᠭᠠᠯᠢ ᠠᠷᠠᠳ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠬᠦ ᠶᠢᠨ ᠬᠠᠮᠳᠦ ᠬᠤᠪᠴᠠᠰᠤ ᠪᠠᠨ ᠰᠠᠶᠢᠳᠤᠷ ᠵᠤᠵᠠᠭᠠᠯᠠᠵᠦ᠂ ᠲᠤᠯᠠᠭᠠᠯᠠᠬᠤ ᠪᠠᠨ ᠠᠩᠬᠠᠷᠤᠭᠠᠷᠠᠢ᠃ ᠬᠡᠷᠪᠡ ᠠᠰᠠᠭᠤᠳᠠᠯ ᠲᠠᠢ ᠪᠤᠯ ᠰᠠᠭᠤᠭ᠎ᠠ ᠰᠤᠮᠤ ᠰᠢᠶᠠᠩ ᠪᠠᠯᠭᠠᠰᠤ᠂ ᠨᠡᠶᠢᠭᠡᠮ ᠲᠤᠭᠤᠷᠢᠭ ︵ᠭᠠᠴᠠᠭ᠎ᠠ ᠲᠤᠰᠬᠤᠨ︶ ᠤᠨ ᠰᠠᠭᠤᠭᠠᠯᠢ ᠠᠷᠠᠳ ᠤᠨ ᠵᠦᠪᠯᠡᠯ ᠲᠠᠢ ᠴᠠᠭ ᠲᠤᠬᠠᠢ ᠳᠤ ᠨᠢ ᠬᠠᠷᠢᠯᠴᠠᠭᠠᠷᠠᠢ᠃ ᠦᠷᠬᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ  ᠶᠤᠰᠤᠭᠠᠷ᠂ ᠪᠦᠬᠦ ᠠᠷᠠᠳ ᠲᠤᠭᠳᠠᠭᠰᠠᠨ ᠴᠠᠭ ᠤᠨ ᠲᠤᠳᠤᠷ᠎ᠠ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠵᠦ᠂ ᠪᠠᠶᠢᠴᠠᠭᠠᠯᠳᠠ ᠠᠴᠠ ᠵᠤᠷᠢᠭᠤᠳᠠ ᠵᠠᠶᠢᠯᠠᠨ ᠬᠢᠵᠢᠭ ᠤᠨ ᠪᠠᠶᠢᠳᠠᠯ  ᠤᠨ ᠬᠠᠯᠳᠠᠪᠤᠷᠢᠯᠠᠯ ᠡᠭᠦᠰᠭᠡᠭᠰᠡᠨ ᠪᠠᠶᠢᠪᠠᠯ ᠬᠠᠥᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠪᠦᠬᠡᠮ ᠬᠦᠴᠢᠯ  ᠤᠨ ᠪᠠᠶᠢᠴᠠᠭᠠᠯᠳᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠭᠠᠳᠠᠭᠰᠢ ᠭᠠᠷᠬᠤ ᠴᠢᠬᠤᠯᠠ ᠦᠬᠡᠢ ᠪᠤᠯ ᠠᠯᠢ ᠴᠢᠳᠠᠬᠤ ᠪᠠᠷ ᠭᠠᠷᠬᠤ ᠦᠬᠡᠢ ᠪᠠᠶᠢᠬᠤ ᠬᠡᠷᠡᠭᠳᠡᠢ᠃            ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ            ᠬᠢᠵᠢᠭ ᠤᠨ ᠪᠠᠶᠢᠳᠠᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                             2022 ᠤᠨ ᠤ2 ᠰᠠᠷ᠎ᠠ ᠶᠢᠨ25 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号