ᠱᠢ ᠵᠥᠩ ᠴᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/10
     3 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂  ᠬᠤᠰᠢᠭᠤᠨ ᠲᠠᠷᠤᠭ᠎ᠠ ᠱᠢ ᠵᠦᠩ ᠴᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠴᠢᠬᠤᠯᠠ ᠶᠡᠭᠡ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠵᠢᠴᠢ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠴᠢᠬᠤᠯᠠ ᠶᠡᠭᠡ ᠳᠦᠷᠦᠯ ᠵᠦᠢᠯ ᠤᠨ ᠠᠬᠢᠴᠠ ᠪᠠ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠠᠵᠢᠯᠯᠠᠭᠠᠨ ᠤ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤ ᠪᠠᠷ ᠢᠶᠠᠨ ︽ᠠᠷᠠᠯᠵᠢᠶᠠᠴᠢᠨ ᠤᠷᠢᠬᠤ ᠶᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ᠂ ᠲᠥᠷᠥᠯ ᠵᠦᠢᠯ ᠢ ᠠᠳᠬᠤᠬᠤ ᠨᠢ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠤᠬᠠᠮᠰᠠᠷ ᠢ ᠪᠠᠲᠤ ᠪᠤᠶ ᠪᠣᠯᠭᠠᠵᠤ᠂ ᠡᠭᠦᠷᠭᠡᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠢᠭᠡ ᠡᠳᠦᠷ ᠲᠤ ᠨᠢᠭᠡ ᠡᠳᠦᠷ ᠤᠨ ᠬᠤᠪᠢᠷᠠᠯᠲᠠ ᠲᠠᠢ ᠪᠠᠶᠢᠵᠤ᠂ ᠨᠢᠭᠡ ᠭᠠᠷᠠᠭ ᠲᠤ ᠨᠢᠭᠡ ᠭᠠᠷᠠᠭ ᠤᠨ ᠠᠬᠢᠴᠠ ᠲᠠᠢ ᠪᠠᠶᠢᠵᠤ᠂ ᠨᠢᠭᠡ ᠰᠠᠷ᠎ᠠ ᠳᠤ ᠨᠢᠭᠡ ᠰᠠᠷ᠎ᠠ ᠶᠢᠨ ᠦᠷ᠎ᠡ ᠪᠦᠲᠦᠭᠡᠯ ᠲᠠᠢ ᠪᠠᠶᠢᠵᠤ᠂ ᠲᠦᠷ ᠴᠠᠭ ᠬᠦᠯᠢᠭᠡᠯᠵᠡᠵᠦ ᠪᠣᠯᠬᠤ ᠦᠭᠡᠢ᠂ ᠲᠦᠷ ᠴᠠᠭ ᠲᠠᠲᠠᠭᠠᠯᠵᠠᠵᠤ ᠪᠣᠯᠬᠤ ᠦᠭᠡᠢ᠂ ᠲᠦᠷ ᠴᠠᠭ ᠬᠤᠶᠢᠷᠭᠤᠰᠢᠵᠤ ᠪᠣᠯᠬᠤ ᠦᠭᠡᠢ ᠠᠵᠢᠯ ᠤᠨ ᠰᠤᠷᠲᠠᠯ ᠢᠶᠠᠷ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠠᠵᠢᠯᠯᠠᠭᠠᠨ ᠢ ︽ᠬᠤᠶᠠᠷ ᠲᠠᠯ᠎ᠠ ᠪᠠᠷ ᠠᠳᠬᠤᠬᠤ︾᠂ ︽ᠬᠤᠶᠠᠷ ᠢ ᠦᠯᠦ ᠰᠠᠭᠠᠲᠠᠭᠠᠬᠤ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠵᠢᠯ ᠢᠶᠠᠨ ᠲᠠᠰᠤᠷᠠᠯᠲᠠ ᠦᠭᠡᠶ ᠤᠷᠤᠭᠰᠢᠯᠠᠭᠤᠯᠵᠤ᠂ ᠠᠬᠢᠴᠠ ᠪᠠᠨ ᠲᠦᠷᠭᠡᠳᠬᠡᠭᠡᠷᠡᠶ᠃ ᠪᠦᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠡᠮᠬᠢᠯᠡᠵᠦ᠂ ᠪᠠᠶᠢᠳᠠᠯ ᠢ ᠣᠶᠢᠯᠠᠭᠠᠵᠤ᠂ ᠵᠣᠯᠭᠠᠭᠤᠯᠬᠤ ᠠᠵᠢᠯ ᠢ ᠱᠠᠯᠠᠪᠳᠠᠨ ᠬᠢᠵᠦ᠂ ᠨᠢᠭᠡ ᠨᠢᠭᠡ ᠲᠥᠷᠥᠯ ᠵᠦᠢᠯ ᠨᠢᠭᠡ ᠨᠢᠭᠡ ᠲᠥᠷᠥᠯ ᠵᠦᠢᠯ ᠢᠶᠠᠷ ᠠᠬᠢᠭᠤᠯᠵᠤ᠂ ᠨᠢᠭᠡ ᠭᠠᠷᠳᠠᠮ ᠢ ᠨᠢᠭᠡ ᠭᠠᠷᠳᠠᠮ ᠢᠶᠠᠷ ᠭᠠᠷᠳᠠᠨ ᠭᠦᠢᠴᠡᠳᠬᠡᠵᠦ᠂ ᠡᠮᠦᠨ᠎ᠡ ᠨᠢ ᠵᠢᠯᠣᠭᠤᠳᠴᠤ᠂ ᠲᠤᠰᠬᠠᠢ ᠲᠠᠰᠤᠭ ᠢᠶᠠᠷ ᠬᠠᠷᠢᠭᠤᠴᠠᠵᠤ᠂ ᠵᠢᠷᠤᠭ ᠡᠯᠭᠦᠨ ᠪᠠᠶᠢᠯᠳᠤᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠡᠬᠢᠯᠡᠭᠦᠯᠬᠦ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠤᠨᠢᠨ ᠳᠡᠭᠡᠷ᠎ᠡ ᠨᠢ ᠨᠠᠷᠢᠯᠢᠬᠵᠢᠭᠤᠯᠤᠭᠰᠠᠨ ︽ᠳᠡᠯᠭᠡᠭᠦᠷ ᠤᠨ ᠪᠠᠭ᠎ᠠ ᠬᠤᠶᠠᠳᠤᠭᠠᠷ ︾᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠨᠠᠷᠢᠨ ᠬᠢᠨᠠᠮᠠᠭᠠᠢ ᠡᠮᠬᠢᠯᠡᠵᠦ᠂ ᠰᠢᠨᠵᠢᠯᠡᠬᠦ ᠤᠬᠠᠭᠠᠨᠴᠢ ᠪᠠᠷ ᠳᠡᠭᠡᠭᠰᠢ ᠮᠡᠳᠡᠭᠦᠯᠵᠦ᠂ ᠨᠢᠭᠡᠳᠦᠯᠲᠡᠢ ᠪᠣᠯᠭᠠᠬᠤ ᠶᠠᠰᠤ ᠴᠢᠨᠠᠷ ᠢ ᠴᠢᠩᠭ᠎ᠠ ᠠᠳᠬᠤᠵᠤ᠂ ᠨᠢᠭᠡᠳᠦᠯᠲᠡᠢ ᠪᠣᠯᠭᠠᠬᠤ ᠶᠣᠰᠣᠲᠠᠢ ᠶᠢ ᠨᠢ ᠪᠦᠬᠦᠨ ᠢ ᠨᠢᠭᠡᠳᠦᠯᠲᠡᠢ ᠪᠣᠯᠭᠠᠬᠤ ᠶᠢ ᠪᠠᠲᠤᠯᠠᠬᠤ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠭᠦᠢᠴᠡᠳᠬᠡᠬᠦ ᠲᠤᠭ᠎ᠠ ᠶᠢᠨ ᠲᠤᠭ᠎ᠠ ᠪᠠᠷᠢᠮᠲᠠ ᠶᠢ ᠢᠳᠡᠪᠬᠢᠲᠡᠢ ᠵᠣᠬᠢᠴᠠᠭᠤᠯᠤᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠠᠳᠠᠯᠵᠤ᠂ ᠬᠤᠴᠣᠷᠤᠩᠭᠤᠢ ᠭᠦᠢᠴᠡᠳᠬᠡᠬᠦ ᠲᠤᠭ᠎ᠠ ᠶᠢ ᠴᠢᠩᠭ᠎ᠠ ᠠᠩᠬᠠᠷᠴᠤ᠂ ᠬᠡᠮ ᠰᠣᠭᠤᠭ ᠢ ᠭᠦᠨᠵᠡᠭᠡᠢ ᠵᠠᠳᠠᠯᠵᠤ᠂ ᠶᠡᠷᠦ ᠪᠤᠰᠤ ᠶᠢᠨ ᠠᠷᠭ᠎ᠠ  ᠬᠡᠮᠵᠢᠶ᠎ᠡ ᠠᠪᠴᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠣᠷᠣᠨ ᠪᠠᠶᠢᠷᠢ ᠳᠤᠨᠢ ᠣᠷᠣᠭᠤᠯᠵᠤ ᠲᠡᠷᠢᠭᠦᠨ ᠳᠤ ᠲᠠᠯᠪᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠡᠬᠢᠯᠡᠭᠦᠯᠵᠦ᠂ ᠰᠠᠶᠢᠨ ᠠᠯᠬᠤᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号