ᠨᠠᠷᠠᠮᠠᠢ ᠲᠡᠯᠭᠡᠭᠦᠷ ᠤᠨ ᠨᠠᠷᠠᠯᠠᠭ ᠦᠢᠯᠡᠰ
ᠨᠡᠶᠢᠲᠡᠯᠡᠭᠰᠡᠨ ᠴᠠᠭ᠄
2022/3/11
     ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠰᠠᠭᠤᠭᠠᠯᠢ ᠠᠷᠠᠳ ᠤᠨ ᠲᠤᠭᠤᠷᠢᠭ ᠲᠤ ᠨᠢᠬᠡᠨ ᠰᠢᠨ᠎ᠡ ᠭᠠᠳᠠᠭᠠᠳᠦ ᠪᠠᠷᠠᠭᠠᠨ ᠤ ᠲᠡᠯᠭᠡᠭᠦᠷ ᠨᠡᠭᠡᠭᠡᠭᠰᠡᠨ ᠴᠢᠮᠡᠭᠡ ᠶᠢ ᠣᠯᠠᠨ ᠤ ᠶᠠᠷᠢᠶᠠᠨ ᠠᠴᠠ ᠰᠤᠨᠤᠰᠤᠭᠠᠳ ᠪᠢᠳᠡ ᠦᠨᠦᠳᠦᠷ ᠤᠨ ᠰᠤᠷᠪᠤᠯᠵᠢᠯᠭ᠎ᠠ ᠪᠠᠨ ᠡᠬᠢᠯᠡᠬᠦᠯᠵᠦ ᠪᠢᠯᠡ᠃ ᠡᠨᠡᠬᠦ ᠪᠠᠷᠠᠭ᠎ᠠ ᠪᠠᠨ ᠬᠡᠷᠡᠭᠯᠡᠭᠴᠢᠳ ᠲᠤ ᠲᠠᠨᠢᠯᠴᠠᠭᠤᠯᠤᠨ ᠶᠠᠭᠠᠷᠠᠯᠳᠠᠢ ᠠᠵᠢᠯᠯᠠᠵᠦ ᠪᠠᠶᠢᠭ᠎ᠠ ᠪᠦᠰᠡᠭᠦᠢ ᠶᠢ ᠦᠵᠦᠮ᠎ᠡ ᠬᠡᠳᠡᠭ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠢᠩᠭᠠᠨ ᠪᠠᠯᠭᠠᠰᠤᠨ ᠤ ᠰᠢᠨᠡᠪᠤᠯᠠᠭ ᠰᠤᠮᠤ ᠪᠠᠷ ᠨᠤᠳᠤᠭ ᠲᠠᠢ᠃
     ᠦᠵᠦᠮ᠎ᠡ ᠪᠠᠭ᠎ᠠ ᠪᠠᠷ ᠡᠬᠢᠯᠡᠭᠦᠯᠵᠦ᠂ ᠪᠤᠳᠤᠭᠰᠠᠨ ᠵᠤᠷᠢᠭᠰᠠᠨ ᠢᠶᠠᠨ ᠪᠦᠳᠦᠭᠡᠶ᠎ᠡ ᠬᠡᠮᠡᠨ ᠬᠤᠶᠠᠷ ᠮᠢᠩᠭᠠᠨ ᠤᠨ ᠤ ᠡᠬᠢ ᠪᠠᠷ ᠡᠷᠢᠶᠡᠨ ᠬᠤᠳᠠ ᠶᠢ ᠵᠤᠷᠢᠵᠦ᠂2008 ᠣᠨ ᠳᠤ ᠦᠪᠡᠷ ᠤᠨ ᠬᠡᠰᠡᠨ ᠬᠤᠪᠴᠠᠰᠦ ᠵᠠᠰᠠᠯ ᠤᠨ ᠲᠡᠯᠭᠡᠭᠦᠷ   ᠢᠶᠠᠨ ᠠᠩᠬ᠎ᠠ  ᠨᠡᠭᠡᠭᠡᠵᠦ᠂2015 ᠤᠨ ᠠᠴᠠ ᠡᠬᠢᠯᠡᠨ ᠡᠷᠢᠶᠡᠨ ᠬᠤᠳᠠ ᠳᠤ ︽ᠮᠤᠩᠭᠤᠯ ᠬᠤᠳᠠ︾ ᠭᠠᠳᠠᠭᠠᠳᠦ ᠪᠠᠷᠠᠭ᠎ᠠ ᠶᠢᠨ ᠲᠡᠯᠭᠡᠭᠦᠷ ᠤᠨ ᠠᠷᠠᠯᠵᠢᠶ᠎ᠠ ᠬᠤᠳᠠᠯᠳᠤᠭ᠎ᠠ ᠪᠠᠨ ᠡᠷᠬᠢᠯᠡᠨ ᠡᠵᠡᠩᠨᠡᠬᠦ ᠶᠢᠨ ᠬᠠᠮᠳᠦ ᠤᠷᠤᠨ  ᠤ ᠲᠤᠳᠤᠷᠠᠬᠢ ᠡᠯ᠎ᠡ ᠭᠠᠵᠠᠷ ᠤᠷᠤᠨ ᠢᠶᠠᠷ ᠲᠤᠮᠳᠠᠳᠦ ᠮᠤᠩᠭᠤᠯ ᠤᠷᠤᠰ ᠤᠨ ᠪᠠᠷᠠᠭ᠎ᠠ ᠲᠠᠸᠠᠷ ᠤᠨ ᠲᠡᠯᠭᠡᠨ ᠦᠵᠡᠭᠦᠯᠦᠯᠭᠡ ᠳᠤ ᠤᠷᠤᠯᠴᠠᠵᠦ ᠪᠠᠶᠢᠯ᠎ᠠ᠃ ᠲᠠᠷᠡᠪᠡᠷ ᠠᠶᠢᠯ ᠭᠡᠷ᠂ ᠠᠵᠢᠯ ᠠᠮᠢᠳᠤᠷᠠᠯ᠂ ᠬᠡᠥᠬᠡᠳ ᠤᠨ ᠬᠦᠮᠦᠵᠢᠯ ᠬᠡᠳ ᠠᠵᠢᠯ ᠦᠢᠯᠡᠰ ᠲᠤ ᠪᠠᠨ ᠲᠡᠮᠡᠥᠯᠡᠨ ᠵᠢᠳᠭᠦᠭᠰᠡᠨ ᠢᠳᠡᠭᠡᠯ ᠵᠤᠷᠢᠭ ᠲᠠᠢ ᠡᠷᠢᠯ ᠲᠡᠮᠡᠥᠯᠡᠯ ᠲᠠᠢ ᠦᠵᠦᠮ᠎ᠡ ᠨᠤᠳᠤᠭ ᠲᠤ ᠪᠠᠨ  ᠪᠤᠴᠠᠵᠦ ᠦᠢᠯᠡᠰ ᠪᠤᠰᠬᠠᠶ᠎ᠠ ᠬᠡᠮᠡᠨ ᠪᠤᠳᠤᠵᠦ᠂2021 ᠤᠨ ᠳᠤ ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠰᠠᠭᠤᠭᠠᠯᠢ  ᠠᠷᠠᠳ ᠤᠨ ᠲᠤᠭᠤᠷᠢᠭ ᠲᠤ ︽ᠨᠠᠷᠠᠮᠠᠢ ᠭᠠᠳᠠᠭᠠᠳᠦ ᠪᠠᠷᠠᠭᠠᠨ ᠤ ᠴᠢᠯᠦᠭᠡᠳᠦ ᠲᠡᠯᠭᠡᠭᠦᠷ︾ ᠢᠶᠠᠨ ᠡᠷᠬᠢᠯᠡᠨ ᠡᠵᠡᠩᠨᠡᠵᠦ᠂ ᠭᠠᠳᠠᠭᠠᠳᠦ ᠪᠠᠷᠠᠭᠠᠨ ᠤ ᠪᠠᠨ ᠴᠢᠨᠠᠷ ᠴᠢᠨᠰᠠᠭ᠎ᠠ ᠶᠢ ᠪᠠᠳᠤᠯᠠᠬᠤ ᠶᠢᠨ  ᠲᠤᠯᠠᠳᠠ ᠪᠠᠷᠠᠭ᠎ᠠ ᠤᠷᠤᠭᠤᠯᠬᠤ ᠠᠵᠢᠯ ᠢᠶᠠᠨ ᠪᠦᠬᠦᠨ ᠢ ᠪᠡᠶ᠎ᠡ ᠪᠠᠷ ᠢᠶᠠᠨ ᠲᠠᠭᠠᠭᠠᠨ ᠬᠢᠭᠰᠡᠨ ᠠᠴᠠ ᠲᠡᠯᠭᠡᠭᠦᠷ  ᠨᠡᠭᠡᠭᠡᠩᠭᠦᠨᠳᠡ  ᠪᠠᠨ ᠬᠡᠷᠡᠭᠯᠡᠭᠴᠢᠳ ᠤᠨ ᠲᠠᠭᠠᠰᠢᠶᠠᠯ ᠳᠤ ᠬᠦᠷᠴᠦ ᠡᠵᠡᠩᠨᠡᠯᠳᠡ ᠶᠢᠨ ᠪᠤᠷᠤᠯᠠᠭᠤᠯᠭ᠎ᠠ ᠮᠠᠰᠢ ᠰᠠᠶᠢᠨ ᠪᠠᠶᠢᠯ᠎ᠠ᠃
     ᠦᠵᠦᠮ᠎ᠡ ᠶᠢᠨ ᠭᠠᠳᠠᠭᠠᠳᠦ ᠪᠠᠷᠠᠭᠠᠨ ᠤ ᠴᠢᠯᠦᠭᠡᠳᠦ ᠲᠡᠯᠭᠡᠭᠦᠷ ᠨᠢ ᠭᠤᠤᠯᠳᠠᠭᠤ ᠡᠯ᠎ᠡ ᠲᠦᠷᠦᠯ ᠤᠨ ᠭᠠᠳᠠᠭᠠᠳᠦ ᠠᠴᠠ ᠤᠷᠤᠭᠤᠯᠤᠭᠰᠠᠨ ᠢᠳᠡᠭᠡᠨ ᠤᠮᠳᠠᠭᠠᠨ᠂ ᠬᠡᠥᠬᠡᠳ ᠤᠨ ᠰᠤᠯᠠ ᠢᠳᠡᠭᠡᠨ᠃ ᠶᠠᠫᠤᠨ ᠣᠯᠣᠰ ᠤᠨ ᠠᠮᠢᠳᠤᠷᠠᠯ ᠤᠨ ᠬᠡᠷᠡᠭᠯᠡᠭᠡᠨ ᠤ ᠪᠠᠷᠠᠭ᠎ᠠ᠂ ᠦᠪᠡᠷ ᠤᠨ ᠬᠢᠭᠰᠡᠨ ᠬᠤᠯᠢᠴᠠ  ᠦᠭᠡᠢ ᠴᠤᠯ ᠪᠠᠶᠢᠭᠠᠯᠢᠯᠢᠭ  ᠴᠠᠭᠠᠨ ᠢᠳᠡᠭᠡ᠂ ᠪᠤᠤᠪᠤ ᠪᠤᠭᠤᠷᠰᠤᠭ ᠵᠡᠷᠭᠡ ᠶᠢ ᠬᠤᠳᠠᠯᠳᠤᠨ ᠪᠤᠷᠤᠯᠠᠭᠤᠯᠵᠦ ᠪᠤᠢ᠃
     ᠦᠵᠦᠮ᠎ᠡ ᠨᠤᠳᠤᠭ ᠲᠤ ᠪᠠᠨ ᠢᠷᠡᠵᠦ ᠲᠡᠯᠭᠡᠭᠦᠷ ᠢᠶᠠᠨ ᠡᠵᠡᠩᠨᠡᠭᠡᠳ ᠤᠳᠠᠭ᠎ᠠ ᠦᠭᠡᠢ ᠴᠦ ᠭᠡᠰᠡᠨ ᠲᠡᠭᠦᠨ ᠤ ᠤᠯᠠᠨ ᠵᠢᠯ ᠤᠨ ᠬᠤᠳᠠᠯᠳᠤᠭ᠎ᠠ ᠡᠵᠡᠩᠨᠡᠯᠳᠡ ᠬᠢᠵᠦ ᠪᠠᠶᠢᠭᠰᠠᠨ ᠲᠤᠷᠰᠢᠯᠭ᠎ᠠ ᠪᠠᠷ ᠢᠶᠠᠨ ᠬᠡᠷᠡᠭᠯᠡᠭᠴᠢᠳ ᠤᠨ ᠢᠳᠡᠭᠡᠯ ᠲᠠᠭᠠᠰᠢᠶᠠᠯ ᠢ ᠬᠦᠷᠳᠡᠵᠦ᠂ ᠬᠤᠶᠢᠰᠢᠳᠠ ᠲᠡᠯᠭᠡᠭᠦᠷ ᠤᠨ ᠪᠠᠷᠠᠭ᠎ᠠ ᠪᠦᠳᠦᠭᠡᠭᠳᠡᠭᠦᠨ ᠤ ᠪᠠᠨ ᠲᠦᠷᠦᠯ ᠵᠦᠢᠯ ᠢ ᠤᠯᠠᠮ ᠪᠦᠷᠢᠨ ᠪᠦᠳᠦᠨ ᠪᠤᠯᠭᠠᠵᠦ᠂ ᠬᠡᠷᠡᠭᠯᠡᠭᠴᠢᠳ ᠤᠨ ᠢᠳᠡᠭᠡᠯ ᠨᠠᠶᠢᠳᠠᠪᠦᠷᠢ ᠶᠢ ᠬᠦᠰᠡᠷᠳᠡᠭᠦᠯᠬᠦ ᠦᠭᠡᠢ ᠪᠠᠷ ᠲᠡᠯᠭᠡᠭᠦᠷ  ᠢᠶᠠᠨ ᠨᠡᠩ ᠰᠠᠶᠢᠨ ᠡᠵᠡᠩᠨᠡᠵᠦ ᠪᠠᠷᠠᠭᠠᠨ ᠤ ᠪᠠᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠳᠤᠷ ᠪᠠᠳᠤᠯᠠᠨ᠂ ᠤᠯᠠᠨ  ᠳᠤ ᠰᠡᠳᠬᠢᠯ ᠠᠮᠤᠷ ᠪᠠᠷᠠᠭ᠎ᠠ ᠬᠤᠳᠠᠯᠳᠤᠨ ᠠᠪᠬᠤ ᠤᠷᠴᠢᠨ ᠨᠦᠬᠦᠴᠡᠯ ᠬᠠᠩᠭᠠᠬᠤ ᠪᠠᠷ ᠴᠢᠷᠮᠠᠶᠢᠨ ᠠᠵᠢᠯᠯᠠᠵᠦ ᠪᠤᠢ᠃      ᠦᠵᠦᠮ᠎ᠡ ᠶᠢᠨ ᠬᠦᠰᠡᠯ ᠵᠤᠷᠢᠯᠳᠠ᠂ ᠰᠢᠷᠭᠠᠭᠤ ᠬᠦᠰᠡᠯ ᠵᠤᠷᠢᠯᠳᠠ᠂ ᠰᠢᠷᠭᠠᠭᠤ ᠴᠢᠷᠮᠠᠶᠢᠯᠭ᠎ᠠ ᠶᠢᠨ ᠬᠢᠨᠢ  ᠬᠠᠷᠢᠭᠤ ᠳᠤ ᠲᠡᠭᠦᠨ ᠤ ᠨᠠᠷᠮᠠᠢ ᠦᠢᠯᠡᠰ ᠤᠨ ᠬᠡᠬᠡᠨ ᠬᠠᠷᠭᠤᠢ ᠨᠢ ᠤᠯᠠᠮ ᠰᠠᠷᠠᠭᠤᠯ ᠲᠠᠷᠳᠠᠩ ᠪᠤᠯᠬᠤ ᠨᠢ ᠯᠠᠪᠳᠠᠢ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号