ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2022/3/14
                              ︵2022 ᠤᠨ ᠤ13  ᠳ᠋ᠤᠭᠠᠷ ᠲᠤᠭᠠᠳᠦ︶      ︽ᠬᠢᠵᠢᠭ ᠤᠨ ᠪᠠᠶᠢᠳᠠᠯ ᠢ ᠨᠡᠶᠢᠭᠡᠮ ᠠᠴᠠ ᠬᠠᠮᠢᠶᠠᠷᠤᠨ ᠡᠵᠡᠮᠳᠡᠬᠦ ᠪᠠ ᠲᠠᠬᠤᠯ ᠡᠪᠡᠳᠴᠢᠨ ᠤ ᠡᠬᠢ ᠡᠭᠦᠰᠦᠯ  ᠢ ᠪᠠᠶᠢᠴᠠᠭᠠᠨ ᠰᠤᠳᠤᠯᠬᠤ ᠪᠣᠳᠠᠳᠦ ᠠᠵᠢᠯ ᠤᠨ ᠭᠠᠷ ᠲᠡᠪᠳᠡᠷ︾ ᠤᠨ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠵᠦ ︽ᠪᠤᠭᠤᠳᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠲᠤᠬᠠᠢ ᠪᠠᠴᠢᠮ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂  ᠮᠠᠨ ᠤ ᠬᠤᠰᠢᠭᠤᠨ ᠤ ᠪᠠᠭ᠎ᠠ ᠤᠩᠭᠤᠨ ᠰᠢᠶᠠᠩ ᠤᠨ ᠰᠠᠶᠢᠷ ᠤᠨ ᠬᠤᠳᠳᠤᠭ ᠲᠤᠰᠬᠤᠨ᠂ ᠴᠠ ᠴᠠ ᠲᠤᠰᠬᠤᠨ ᠵᠡᠷᠭᠡ ᠭᠤᠤᠯᠳᠠᠯᠭ᠎ᠠ ᠲᠠᠢ ᠭᠠᠵᠠᠷ ᠤᠷᠤᠨ᠂14 ᠡᠳᠦᠷ ᠤᠨ ᠲᠤᠳᠤᠷ᠎ᠠ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢᠯᠡᠷᠡᠭᠰᠡᠨ ᠦᠬᠡᠢ᠂ ᠬᠠᠮᠤᠭ ᠤᠨ ᠰᠡᠭᠦᠯᠴᠢ ᠶᠢᠨ ᠨᠢᠭᠡ ᠨᠢᠠᠠᠳᠠ ᠤᠶᠢᠷᠠᠳᠤᠭᠰᠠᠳ ᠢ ᠢᠯᠡᠷᠡᠭᠦᠯᠦᠭᠡᠳ ᠨᠢᠭᠡᠨᠳᠡ14 ᠡᠳᠦᠷ ᠦᠩᠭᠡᠷᠡᠵᠦ᠂ ᠪᠦᠬᠡᠮ ᠬᠦᠴᠢᠯ ᠤᠨ ᠪᠠᠶᠢᠴᠠᠭᠠᠯᠳᠠ ᠨᠢ ᠪᠢᠯᠢᠭ ᠴᠢᠨᠠᠷᠳᠠᠢ ᠪᠠᠶᠢᠵᠦ᠂2022 ᠤᠨ ᠤ3 ᠰᠠᠷ᠎ᠠ ᠶᠢᠨ12 ᠤ ᠡᠳᠦᠷ ᠲᠤᠰ ᠭᠠᠵᠠᠷ ᠤᠷᠤᠨ ᠤ ᠪᠤᠢ ᠪᠦᠬᠦᠢ ᠬᠦᠮᠦᠰ ᠲᠤ ᠨᠢᠭᠡ ᠡᠬᠡᠯᠵᠢ ᠶᠢᠨ ᠪᠦᠬᠡᠮ ᠬᠦᠴᠢᠯ ᠤᠨ ᠰᠢᠭᠰᠢᠨ ᠪᠠᠶᠢᠴᠠᠭᠠᠯᠳᠠ ᠬᠢᠵᠦ  ᠴᠦᠮ ᠪᠢᠯᠢᠭ  ᠴᠢᠨᠠᠷᠳᠠᠢ ᠵᠡᠷᠭᠡ ᠨᠦᠬᠦᠴᠡᠯ ᠱᠠᠭᠠᠷᠳᠠᠯᠭ᠎ᠠ ᠶᠢ ᠬᠠᠩᠭᠠᠭᠰᠠᠨ ᠰᠤᠳᠤᠯᠤᠨ ᠮᠠᠭᠠᠳᠯᠠᠯᠳᠠ ᠪᠠᠷ ᠲᠠᠮᠵᠢᠨ᠂ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠮᠠᠨ ᠤ ᠬᠤᠰᠢᠭᠤᠨ ᠤ ᠪᠠᠭ᠎ᠠ ᠤᠩᠭᠤᠨ ᠰᠢᠶᠠᠩ ᠤᠨ ᠰᠠᠶᠢᠷ ᠤᠨ ᠬᠤᠳᠳᠤᠭ ᠲᠤᠰᠬᠤᠨ᠂ ᠴᠠ ᠴᠠ ᠲᠤᠰᠬᠤᠨ ᠢ ᠰᠡᠷᠭᠡᠶᠢᠯᠡᠯᠳᠡ ᠶᠢᠨ  ᠲᠤᠭᠤᠷᠢᠭ ᠪᠤᠯᠭᠠᠬᠤ ᠪᠠᠷ ᠲᠤᠭᠳᠠᠪᠠ᠃ ᠠᠯᠪᠠᠨ ᠵᠠᠷ ᠢ ᠨᠡᠶᠢᠳᠡᠯᠡᠭᠰᠡᠨ ᠡᠳᠦᠷ ᠠᠴᠠ ᠡᠬᠢᠯᠡᠨ᠂ ᠪᠦᠬᠦ ᠬᠤᠰᠢᠭᠤ ᠶᠢ ᠴᠦᠮ ᠰᠡᠷᠭᠡᠶᠢᠯᠡᠯᠳᠡ ᠶᠢᠨ ᠤᠷᠤᠨ ᠪᠤᠯᠭᠠᠪᠠ᠃ ᠦᠷᠭᠡᠨ ᠤᠯᠠᠨ ᠰᠠᠭᠤᠭᠠᠯᠢ ᠠᠷᠠᠳ᠂ ᠤᠯᠠᠨ ᠲᠦᠮᠡᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ ᠂ ᠬᠢᠯᠪᠠᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠭᠡᠯ ᠢᠶᠠᠨ ᠦᠨᠡᠨ ᠬᠦ ᠪᠠᠳᠤᠳᠬᠠᠬᠤ ᠬᠡᠷᠡᠭᠳᠡᠢ᠃      ᠡᠭᠦᠨ ᠤ ᠲᠤᠯᠠ ᠤᠨᠴᠠᠭᠠᠶᠢᠯᠠᠨ ᠵᠠᠷᠯᠠᠪᠠ᠃               ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ               ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                2022 ᠣᠨ ᠤ3 ᠰᠠᠷ᠎ᠠ ᠶᠢᠨ12 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号