ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ2022 ᠣᠨ ᠤ ︽ᠬᠡᠷᠡᠭᠯᠡᠭᠡᠨ ᠤ ᠡᠷᠭᠡ ᠲᠡᠭᠰᠢ ᠶᠢ ᠬᠠᠮᠳᠦ ᠪᠠᠷ ᠠᠬᠢᠭᠤᠯᠬᠤ︾3.15 ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ  ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/3/16
     3 ᠰᠠᠷ᠎ᠠ ᠶᠢᠨ15 ᠤ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠬ᠎ᠠ ᠲᠡᠯᠬᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠲᠠᠯ᠎ᠠ ᠨᠤᠳᠤᠭ ᠤᠨ ᠰᠤᠶᠤᠯ ᠤᠨ ᠤᠷᠳᠤᠨ ᠤ ᠡᠮᠦᠨ᠎ᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2022 ᠤᠨ ᠤ ︽ᠬᠡᠷᠡᠭᠯᠡᠭᠡᠨ ᠤ ᠡᠷᠭᠡ ᠲᠡᠭᠰᠢ ᠶᠢ ᠬᠠᠮᠳᠦ  ᠪᠠᠷ ᠠᠬᠢᠭᠤᠯᠬᠤ︾3.15 ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠠᠵᠦ ᠠᠬᠤᠶᠢᠯᠠᠯ ᠤᠨ ᠦᠨᠡᠨᠴᠢ ᠢᠳᠡᠭᠡᠮᠵᠢᠳᠡᠢ ᠪᠠᠷ ᠠᠮᠤᠷ ᠲᠦᠪᠰᠢᠨ ᠪᠦᠬᠡᠳ ᠰᠠᠨᠠᠭ᠎ᠠ ᠠᠮᠤᠷ ᠬᠡᠷᠡᠭᠯᠡᠭᠡᠨ ᠤ ᠤᠷᠴᠢᠨ ᠲᠤᠭᠤᠷᠢᠨ ᠢ ᠪᠤᠢ ᠪᠤᠯᠭᠠᠬᠤ ᠶᠢ ᠰᠠᠨᠠᠭᠠᠴᠢᠯᠠᠭᠰᠠᠨ ᠪᠠᠶᠢᠨ᠎ᠠ᠃
     ᠬᠦᠳᠡᠯᠬᠡᠬᠡᠨ ᠤ ᠠᠬᠤᠢ ᠲᠠᠯᠠᠪᠠᠢ ᠳᠤ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ ᠬᠡᠰᠢᠬᠦᠨ ᠺᠠᠳ᠋ᠷ ᠠᠵᠢᠯᠳᠠᠳ ᠠᠴᠠ ᠦᠷᠭᠡᠨ ᠤᠯᠠᠨ  ᠰᠠᠭᠤᠭᠠᠯᠢ ᠠᠷᠠᠳ ᠲᠦᠮᠡᠨ ᠳᠤ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠥᠯᠢ︾ ︽ᠵᠢᠰᠦ ᠪᠠᠨ ᠭᠤᠶᠤᠯᠠᠬᠤ ᠮᠡᠳᠡᠯᠭᠡ ᠶᠢᠨ ᠤᠬᠠᠭᠤᠯᠭ᠎ᠠ ᠶᠢᠨ ᠲᠡᠪᠳᠡᠷ︾ ︽ᠡᠮᠴᠢᠯᠡᠭᠡᠨ ᠤ ᠪᠠᠭᠠᠵᠢ ᠬᠡᠷᠡᠭᠰᠡᠯ ᠢ ᠲᠦᠭᠡᠮᠡᠯᠵᠢᠭᠦᠯᠬᠦ ᠵᠢᠴᠢ ᠬᠡᠷᠡᠭᠯᠡᠭᠡᠨ ᠤ ᠰᠠᠨᠠᠭᠤᠯᠤᠮᠵᠢ︾ ᠵᠡᠷᠭᠡ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠦᠬᠦᠢ ᠬᠠᠥᠯᠢ ᠴᠠᠭᠠᠵᠠ ᠶᠢᠨ ᠮᠡᠳᠡᠯᠭᠡ᠂ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠬᠤ ᠶᠢᠨ ᠬᠠᠮᠳᠦ ᠬᠠᠮᠢᠶ᠎ᠠ ᠪᠦᠬᠦᠢ ᠠᠰᠠᠭᠤᠳᠠᠯ ᠢ ᠨᠠᠷᠢᠨ ᠨᠢᠮᠪᠠᠢ ᠲᠠᠶᠢᠯᠪᠤᠷᠢᠯᠠᠭᠰᠠᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠦᠷᠭᠡᠨ ᠤᠯᠠᠨ ᠬᠡᠷᠡᠭᠯᠡᠭᠴᠢᠳ ᠤᠨ ᠬᠠᠥᠯᠢ ᠴᠠᠭᠠᠵᠠ ᠶᠢᠨ ᠲᠠᠨᠢᠯᠳᠠ ᠶᠢ ᠤᠯᠠᠮ ᠨᠢᠬᠡ ᠠᠯᠬᠤᠮ ᠨᠡᠮᠡᠭᠳᠡᠭᠦᠯᠵᠦ᠂ ᠪᠠᠷᠠᠭ᠎ᠠ ᠬᠤᠳᠠᠯᠳᠤᠨ ᠠᠪᠬᠤ ᠳᠤ ᠪᠠᠨ ᠴᠢᠨᠠᠷ ᠴᠢᠨᠰᠠᠭ᠎ᠠ᠂ ᠴᠠᠭ ᠬᠤᠭᠤᠴᠠᠭ᠎ᠠ ᠶᠢ ᠬᠡᠷᠬᠢᠨ ᠵᠦᠪ ᠲᠠᠨᠢᠬᠤ᠂  ᠬᠢᠮᠳᠠᠷᠠᠯ ᠲᠠᠢ ᠪᠠᠷᠠᠭ᠎ᠠ ᠶᠢ ᠬᠤᠳᠠᠯᠳᠤᠨ ᠠᠪᠬᠤ᠂ ᠡᠮᠴᠢᠯᠡᠭᠡᠨ ᠤ ᠲᠦᠷᠦᠯ ᠵᠦᠢᠯ ᠢ ᠵᠦᠪ ᠤᠨᠤᠪᠴᠢᠳᠠᠢ ᠲᠠᠨᠢᠬᠤ ᠵᠡᠷᠭᠡ ᠠᠩᠬᠠᠷᠬᠤ ᠵᠦᠢᠯ ᠢ ᠤᠶᠢᠯᠠᠭᠠᠭᠤᠯᠵᠦ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ ᠬᠡᠷᠡᠭᠯᠡᠭᠡ ᠶᠢ ᠬᠦᠳᠦᠯᠦᠨ ᠵᠢᠯᠤᠭᠤᠳᠴᠦ ᠤᠷᠢᠶᠠᠯᠠᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号