ᠰᠢᠨᠬᠤᠸᠠ ᠬᠤᠷᠢᠶ᠎ᠠ ᠡᠷᠬᠡ ᠣᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2022/3/16
     ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠰᠢᠨᠬᠤᠸᠠ ᠬᠤᠷᠢᠶ᠎ᠠ ᠡᠷᠬᠡ ᠣᠯᠵᠤ 12 ᠤᠨᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠨᠡᠪᠲᠡᠷᠡᠭᠦᠯᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ 3 ᠳ᠋ᠤᠭᠠᠷ ᠰᠠᠷ᠎ᠠ ᠶᠢᠨ 11 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠰ ᠢᠯᠡᠳᠬᠡᠯ ᠢ ᠵᠥᠪᠰᠢᠶᠡᠷᠡᠪᠡ᠃      ᠢᠯᠡᠳᠬᠡᠯ ᠢ ᠭᠤᠷᠪᠠᠨ ᠬᠡᠰᠡᠭ ᠬᠤᠪᠢᠶᠠᠨ᠎ᠠ᠄ ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃      ᠢᠯᠡᠳᠬᠡᠯ ᠳᠤ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠠ ᠠᠯᠢ ᠤᠯᠠᠨ ᠠᠶᠤᠯ ᠲᠦᠭᠰᠢᠭᠦᠷᠢ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠭᠡᠳ ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠰᠠᠶᠢᠨ ᠡᠬᠢᠯᠡᠯᠲᠡ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠶᠡᠭᠡ ᠰᠢᠨ᠎ᠡ ᠠᠮᠵᠢᠯᠲᠠ ᠣᠯᠵᠠᠢ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠢ 5.5% ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ ᠬᠢᠵᠠᠭᠠᠷᠯᠠᠨ᠎ᠠ︔ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢᠦᠨᠳᠦᠰᠦᠨ ᠳᠤ ᠪᠠᠨ ᠵᠡᠷᠭᠡᠴᠡᠭᠦᠯᠦᠨ᠎ᠡ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠭᠦᠷᠢᠰᠢᠭᠦᠯᠦᠨ᠎ᠡ︔ ᠠᠮᠤ ᠪᠤᠳᠠᠭᠠᠨ ᠤ ᠤᠨᠠᠯᠲᠠ ᠶᠢ 1.3 ᠲᠦᠮᠡ ᠭᠠᠷᠤᠢ ᠳ᠋ᠦᠩᠰᠢᠭᠤᠷ ᠵᠢᠩ ᠳᠤ ᠬᠦᠷᠭᠡᠨ᠎ᠡ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠪᠣᠯᠬᠤ ᠪᠣᠬᠢᠷᠳᠤᠯ ᠪᠣᠳᠠᠰ ᠤᠨᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠳᠣᠷᠣᠭᠰᠢᠯᠠᠭᠤᠯᠤᠨ᠎ᠠ︔ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠵᠢᠭᠦᠯᠦᠨ ᠬᠢᠨᠠᠨ ᠰᠢᠯᠭᠠᠬᠤ ᠶᠢᠨ ᠬᠠᠮᠲᠤ ᠵᠣᠬᠢᠬᠤ ᠬᠠᠷᠢᠮᠠᠬᠠᠢ ᠴᠢᠨᠠᠷᠲᠠᠢ ᠪᠠᠶᠢᠯᠭᠠᠵᠤ᠂ ᠰᠢᠨ᠎ᠡ ᠪᠠᠷ ᠨᠡᠮᠡᠭᠳᠡᠭᠰᠡᠨ ᠡᠭᠦᠰᠦᠮᠡᠯ ᠡᠨᠧᠷᠭᠢ ᠶᠢᠨ ᠰᠤᠷᠪᠤᠯᠵᠢ ᠪᠠ ᠲᠦᠭᠦᠬᠡᠢ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ᠃      ᠢᠯᠡᠳᠬᠡᠯ ᠳᠤ ᠵᠢᠭᠠᠵᠤ ᠭᠠᠷᠭᠠᠭᠰᠠᠨ ᠨᠢ᠂ ᠡᠨᠡ ᠵᠢᠯ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠨ᠎ᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠲᠠᠯ᠎ᠠ ᠪᠠᠷ ᠬᠦᠴᠦᠯᠡᠨ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ︔ ᠥᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ︔ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ︔ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠶᠡᠭᠡ ᠪᠠᠷ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︔ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠦᠨ᠎ᠡ ᠭᠡᠵᠡᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号