ᠬᠠᠪᠤᠷ ᠤᠨ ᠦᠵᠡᠮᠵᠢ ᠶᠢ ᠬᠥᠰᠡᠷᠳᠡᠭᠦᠯᠬᠦ ᠦᠭᠡᠢ ᠲᠠᠷᠢᠶᠠᠯᠠᠩ ᠢ ᠰᠠᠭᠠᠲᠠᠭᠠᠬᠤ ᠦᠭᠡᠢ ᠪᠣᠯ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠴᠠᠭ ᠲᠠᠭᠠᠨ ᠲᠤᠬᠢᠷᠠᠨ᠎ᠠ᠃ ᠣᠳᠣᠬᠠᠨ ᠳᠤ᠂ ᠠᠭᠠᠷ ᠤᠨ ᠳᠤᠯᠠᠭᠠᠨ | ᠡᠳᠦᠷ ᠢᠷᠡᠬᠦᠶ᠎ᠡ ᠳᠤᠯᠠᠭᠠᠷᠠᠵᠤ᠂ ᠤᠷᠢᠬᠠᠨ ᠬᠠᠪᠤᠷ ᠤᠨ ᠤᠷᠢᠬᠠᠨ ᠰᠠᠯᠬᠢᠨ ᠳᠤ ᠤᠷᠢᠬᠠᠨ ᠬᠠᠪᠤᠷ ᠢ ᠠᠮᠵᠢᠵᠤ᠂ | ᠲᠠᠷᠢᠶᠠᠯᠠᠩ ᠤᠨ ᠴᠠᠭ ᠢ ᠠᠮᠵᠢᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠴᠣ᠋ ᠰᠢᠨ᠎ᠡ ᠨᠢᠭᠡ ᠵᠢᠯ ᠢ | ᠡᠬᠢᠯᠡᠭᠦᠯᠬᠦ ᠶᠢ ᠪᠢᠳᠡᠨ ᠳᠤ ᠰᠠᠨᠠᠭᠤᠯᠵᠤ ᠪᠠᠶᠢᠨ᠎ᠠ᠃ | ᠵᠢᠯ ᠪᠦᠷᠢ ᠶᠢᠨ ᠬᠠᠪᠤᠷ ᠤᠨ ᠤᠯᠠᠷᠢᠯ ᠪᠣᠯ ᠶᠠᠭ ᠰᠠᠶᠢᠬᠠᠨ ᠲᠠᠯ᠎ᠠ ᠨᠤᠲᠤᠭ ᠤᠨ ᠰᠢᠨ᠎ᠡ ᠬᠠᠭᠤᠴᠢᠨ ᠵᠠᠯᠭᠠᠵᠤ | ᠳᠡᠶᠢᠯᠬᠦ ᠦᠭᠡᠢ ᠦᠶ᠎ᠡ ᠪᠣᠯᠬᠤᠷ᠂ ᠲᠣᠰᠬᠤᠨ ᠤ ᠠᠷᠠᠳ ᠮᠠᠯᠴᠢᠨ᠂ ᠲᠤᠮᠤ ᠬᠡᠯᠪᠡᠷᠢ ᠶᠢᠨ ᠲᠡᠵᠢᠭᠡᠨ ᠦᠷᠡᠵᠢᠭᠦᠯᠬᠦ | ᠲᠠᠯᠠᠪᠠᠢ ᠶᠢᠨ ᠮᠠᠯ ᠤᠨᠤᠭ᠎ᠠ ᠶᠢ ᠡᠷᠬᠡᠪᠰᠢ ᠭᠦᠢᠴᠡᠳ ᠲᠡᠵᠢᠭᠡᠯ ᠪᠣᠷᠳᠤᠭ᠎ᠠ ᠶᠢᠨ ᠪᠠᠲᠤᠯᠠᠭ᠎ᠠ ᠲᠠᠢ ᠪᠠᠶᠢᠯᠭᠠᠬᠤ | ᠬᠡᠷᠡᠭᠲᠡᠶ᠃ ᠭᠡᠲᠡᠯ᠎ᠡ ᠭᠡᠨᠡᠳᠲᠡ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠲᠡᠵᠢᠭᠡᠨ | ᠦᠷᠡᠵᠢᠭᠦᠯᠬᠦ ᠡᠷᠦᠬᠡ ᠶᠢᠨ ᠰᠡᠳᠬᠢᠯ ᠳᠤ ᠳᠠᠷᠤᠭᠳᠠᠵᠤ ᠪᠠᠶᠢᠭ᠎ᠠ ᠲᠣᠮᠣ ᠴᠢᠯᠠᠭᠤ ᠪᠣᠯᠵᠠᠶ᠃ ᠲᠡᠷᠭᠡ ᠤᠨᠤᠭ᠎ᠠ | ᠬᠡᠪ ᠤᠨ ᠪᠠᠶᠢᠳᠠᠯ ᠢᠶᠠᠷ ᠨᠡᠪᠲᠡᠷᠡᠬᠦ ᠶᠢᠨ ᠠᠷᠭ᠎ᠠ ᠦᠭᠡᠢ ᠪᠣᠯᠬᠤ ᠳᠤ ᠮᠠᠯ ᠤᠨᠤᠭ᠎ᠠ ᠨᠢ ᠡᠪᠡᠰᠦ ᠪᠣᠷᠳᠤᠭ᠎ᠠ ᠦᠭᠡᠢ | ᠪᠣᠯᠴᠢᠪᠠᠯ ᠶᠠᠭᠠᠬᠢᠬᠤ ᠪᠤᠢ︖ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠯ ᠪᠣᠷᠳᠣᠭᠠᠨ ᠤ ᠬᠥᠮᠥᠷᠭᠡ ᠶᠢᠨ | ᠬᠠᠳᠠᠭᠠᠯᠠᠮᠵᠢ ᠬᠦᠷᠦᠯᠴᠡᠬᠦ ᠦᠭᠡᠢ ᠪᠣᠯᠪᠠᠯ ᠶᠠᠭᠠᠬᠢᠬᠤ ᠪᠤᠢ︖ ᠵᠣᠴᠢᠨ ᠡᠷᠦᠬᠡ ᠶᠢᠨ ᠵᠠᠬᠢᠶᠠᠯᠠᠭ᠎ᠠ ᠶᠢᠨ | ᠬᠠᠭᠤᠳᠠᠰᠤ ᠶᠢ ᠴᠠᠭ ᠲᠤᠬᠠᠶ ᠳᠤᠨᠢ ᠬᠦᠷᠭᠡᠵᠦ ᠴᠢᠳᠠᠬᠤ ᠦᠭᠡᠶ ᠪᠣᠯ︖ | | ᠠᠷᠠᠳ ᠤᠨ ᠰᠡᠳᠬᠢᠯ ᠢ ᠲᠠᠲᠠᠵᠤ ᠪᠠᠶᠢᠭ᠎ᠠ ᠡᠳᠡᠭᠡᠷ ᠲᠣᠮᠣ ᠠᠰᠠᠭᠤᠳᠠᠯ ᠤᠨ ᠡᠮᠦᠨ᠎ᠡ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠵᠢᠴᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠡᠷᠡ | ᠳᠠᠷᠤᠶ ᠳᠤᠨᠢ ᠮᠠᠨ ᠤ ᠬᠤᠰᠢᠭᠤᠨ ᠤ ᠱᠠᠭᠠᠷᠳᠠᠯᠭ᠎ᠠ ᠳᠤ ᠨᠡᠶᠢᠴᠡᠭᠰᠡᠨ ᠲᠠᠷᠢᠶᠠᠯᠠᠩ ᠮᠠᠯ ᠠᠵᠤ ᠠᠬᠤᠶ ᠶᠢᠨ ᠠᠵᠤ | ᠠᠬᠤᠶᠢᠯᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠠᠬᠢ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ | ᠨᠡᠪᠲᠡᠷᠡᠬᠦ ᠦᠨᠡᠮᠯᠡᠯ︾ ᠢ ᠭᠠᠷᠳᠠᠭᠤᠯᠤᠨ ᠥᠭᠴᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠠᠮᠢᠳᠤᠷᠠᠯ᠂ ᠡᠪᠡᠰᠦ ᠪᠣᠷᠳᠤᠭ᠎ᠠ ᠶᠢᠨ | ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠪ ᠤᠨ | ᠦᠢᠯᠡᠳᠪᠦᠷᠢᠯᠡᠯ ᠬᠡᠪ ᠤᠨ ᠲᠡᠭᠡᠭᠡᠪᠦᠷᠢ ᠶᠢᠨ ᠪᠠᠷᠠᠭ᠎ᠠ ᠶᠢ ᠶᠠᠪᠤᠭᠳᠠᠭᠤᠯᠤᠨ᠎ᠠ᠃ ᠬᠤᠶᠠᠷ ᠲᠠᠯ᠎ᠠ ᠶᠢ ᠠᠳᠬᠤᠵᠤ᠂ | ᠬᠤᠶᠠᠷ ᠲᠠᠯ᠎ᠠ ᠶᠢ ᠴᠢᠩᠭ᠎ᠠ ᠠᠳᠬᠤᠵᠤ᠂ ᠬᠢᠵᠢᠭ ᠢ ᠰᠡᠷᠭᠡᠶᠢᠯᠡᠬᠦ ᠬᠠᠪᠤᠷ ᠤᠨ ᠲᠠᠷᠢᠶᠠᠯᠠᠭ᠎ᠠ ᠶᠢᠨ ᠠᠯᠢᠨ ᠢ ᠴᠤ | ᠰᠠᠭᠠᠲᠠᠭᠠᠬᠤ ᠦᠭᠡᠢ᠃ ᠲᠠᠷᠢᠶᠠᠨ ᠠᠴᠠ ᠦᠢᠯᠡᠳᠪᠦᠷᠢᠯᠡᠯ ᠤᠨ ᠲᠠᠰᠤᠭ ᠬᠦᠷᠲᠡᠯ᠎ᠡ᠂ ᠳᠠᠷᠬᠠᠨ ᠮᠤᠤᠮᠢᠩᠭᠠᠨ | ᠬᠤᠯᠪᠤᠭᠠᠳᠦ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠦᠲᠦᠮᠵᠢᠲᠡᠢ ᠠᠬᠢᠭᠤᠯᠬᠤ ᠶᠢᠨ ᠬᠠᠮᠲᠤ | ᠬᠠᠪᠤᠷ ᠤᠨ ᠲᠠᠷᠢᠶᠠᠯᠠᠭ᠎ᠠ ᠶᠢᠨ ᠬᠤᠣᠰ ᠠᠬᠢᠴᠠ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ ᠪᠤᠢ᠃ | ︽ᠲᠠᠨ ᠤ ᠡᠨᠡ ᠬᠦ ᠪᠠᠶᠢᠳᠠᠯ ᠳᠤ ᠨᠡᠪᠲᠡᠷᠡᠬᠦ ᠦᠨᠡᠮᠯᠡᠯ ᠢ ᠬᠦᠢᠴᠡᠳᠭᠡᠬᠦ ᠳᠤ ᠵᠥᠪᠬᠡᠨ ᠡᠵᠡᠩᠨᠡᠯᠲᠡ ᠶᠢᠨ | ᠦᠨᠡᠮᠯᠡᠯ ᠪᠠᠶᠢᠪᠠᠯ ᠪᠣᠯᠴᠢᠬᠠᠨ᠎ᠠ ᠃︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠠᠯᠪᠠᠨ ᠬᠡᠷ ᠲᠤ᠂ ᠠᠵᠢᠯᠲᠠᠨ ᠮᠧᠩ ᠷᠦᠢ ᠶᠠᠭᠠᠷᠠᠯᠳᠤᠵᠤ ᠪᠠᠶᠢᠯ᠎ᠠ᠃ | ᠭᠤᠶᠤᠴᠢᠯᠠᠯ ᠢᠶᠠᠨ ᠲᠤᠰᠢᠶᠠᠬᠤ᠂ ᠭᠡᠷᠡᠴᠢ ᠪᠠᠨ ᠦᠵᠡᠭᠦᠯᠬᠦ᠂ ᠬᠦᠰᠦᠨᠦᠭ ᠲᠠᠭᠯᠠᠬᠤ ᠁ ᠠᠷᠪᠠᠨ ᠬᠡᠳᠦᠬᠡᠨ | ᠮᠢᠨᠦ᠋ᠲ ᠠᠴᠠ ᠬᠡᠲᠦᠷᠡᠬᠦ ᠥᠬᠡᠶ᠂ ᠨᠢᠭᠡ ᠬᠠᠭᠤᠳᠠᠰᠤ ᠨᠡᠪᠲᠡᠷᠡᠬᠦ ᠦᠨᠡᠮᠯᠡᠯ ᠢ ᠰᠠᠭᠤᠭᠠᠯᠢ ᠠᠷᠠᠳ ᠤᠨ ᠨᠠᠶᠢᠵᠠ | ᠨᠠᠷ ᠤᠨ ᠭᠠᠷ ᠲᠤ ᠲᠤᠰᠢᠶᠠᠨ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠯᠢᠦ ᠶᠢᠩ ᠮᠧᠶ | ᠰᠤᠷᠪᠤᠯᠵᠢᠯᠠᠭᠴᠢ ᠳᠤ᠄ ︽2 ᠰᠠᠷ᠎ᠠ ᠶᠢᠨ 24 ᠤ ᠡᠳᠦᠷ ᠠᠴᠠ ᠡᠬᠢᠯᠡᠨ᠂ ᠮᠠᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ 24 ᠴᠠᠭ ᠲᠤ ᠮᠠᠯᠴᠢᠨ ᠲᠠᠷᠢᠶᠠᠴᠢᠨ ᠪᠣᠯᠤᠨ | ᠥᠷᠭᠡᠨ ᠣᠯᠠᠨ ᠠᠵᠤ ᠠᠬᠤᠶᠢᠯᠠᠯᠲᠠᠨ ᠳᠤ ᠨᠡᠪᠲᠡᠷᠡᠬᠦ ᠦᠨᠡᠮᠯᠡᠯ ᠢ ᠲᠠᠰᠤᠷᠠᠯᠲᠠ ᠥᠬᠡᠶ ᠭᠠᠷᠳᠠᠭᠤᠯᠤᠨ ᠥᠭᠴᠦ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠥᠬᠦ ᠬᠦᠴᠦᠨ ᠢᠶᠠᠷ ᠢᠶᠠᠨ ᠲᠥᠬᠦᠮ ᠦᠵᠡᠭᠦᠯᠬᠦ ᠬᠡᠷᠡᠭᠲᠡᠶ︾ | ᠭᠡᠵᠦ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ 3 ᠰᠠᠷ᠎ᠠ ᠶᠢᠨ 14 ᠤ ᠡᠳᠦᠷ ᠪᠣᠯᠲᠠᠯ᠎ᠠ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 84 ᠨᠡᠪᠲᠡᠷᠡᠬᠦ ᠦᠨᠡᠮᠯᠡᠯ ᠢ ᠰᠠᠭᠤᠭᠠᠯᠢ ᠠᠷᠠᠳ ᠲᠤ ᠣᠯᠭᠤᠭᠰᠠᠨ | ᠪᠠᠶᠢᠨ᠎ᠠ᠃ | ︽ᠡᠨᠡᠬᠦ ᠨᠡᠪᠲᠡᠷᠡᠬᠦ ᠦᠨᠡᠮᠯᠡᠯ ᠲᠠᠢ ᠪᠣᠯᠴᠢᠬᠠᠪᠠᠯ᠂ ᠪᠢᠳᠡ ᠪᠣᠷᠳᠤᠭ᠎ᠠ ᠪᠠᠨ ᠴᠠᠭ ᠲᠤᠬᠠᠶ ᠳᠤᠨᠢ᠂ ᠲᠤᠭ᠎ᠠ | ᠬᠡᠮᠵᠢᠶ᠎ᠡ ᠶᠢ ᠪᠠᠲᠤᠯᠠᠭ᠎ᠠ ᠲᠠᠢ ᠪᠠᠷ ᠠᠶᠢᠯ ᠡᠷᠦᠬᠡ ᠳᠤ ᠬᠦᠷᠭᠡᠵᠦ ᠴᠢᠳᠠᠬᠤ ᠪᠣᠯᠤᠨ᠎ᠠ᠂ ᠡᠨᠡ ᠨᠢ ᠦᠨᠡᠬᠡᠷ ᠮᠠᠨ ᠤ | ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ ᠴᠢᠳᠠᠬᠤ ᠶᠤᠮ ︕︾ ᠪᠤᠭᠤᠲᠤ ᠬᠤᠲᠠ ᠶᠢᠨ ᠪᠸᠢ ᠴᠧᠨ ᠲᠡᠵᠢᠭᠡᠯ | ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠷᠬᠠᠨ | ᠮᠤᠤᠮᠢᠩᠭᠠᠨ ᠤ ᠲᠤᠰᠬᠠᠢ ᠣᠷᠣᠨ ᠤ ᠳᠠᠭᠠᠭᠠᠮᠠᠯ ᠵᠠᠩ ᠮᠢᠩ᠄ ︽ᠲᠡᠷᠡ ᠮᠥᠷᠲᠡᠭᠡᠨ ᠮᠠᠨ ᠤ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ ᠶᠢᠨ ᠠᠵᠢᠯᠯᠠᠭ᠎ᠠ ᠲᠦᠷᠭᠡᠨ ᠪᠠᠶᠢᠵᠤ᠂ ᠲᠡᠷᠡ ᠳᠠᠷᠤᠢ ᠳᠤᠨᠢ ᠨᠡᠪᠲᠡᠷᠡᠬᠦ ᠦᠨᠡᠮᠯᠡᠯ ᠢᠶᠠᠨ | ᠪᠢᠳᠡᠨ ᠳᠤ ᠭᠠᠷᠳᠠᠭᠤᠯᠤᠭᠰᠠᠨ ᠠᠴᠠ ᠦᠢᠯᠡᠳᠪᠦᠷᠢᠯᠡᠯ ᠲᠡᠵᠢᠭᠡᠪᠦᠷᠢ ᠶᠢᠨ ᠠᠵᠤ ᠠᠮᠢᠳᠤᠷᠠᠯ ᠢ ᠵᠢᠭᠠᠬᠠᠨ ᠴᠤ | ᠰᠠᠭᠠᠲᠠᠭᠠᠭᠰᠠᠨ ᠦᠭᠡᠢ︕︾ ᠭᠡᠵᠦ ᠬᠡᠯᠡᠪᠡ᠃ ᠪᠣᠷᠳᠤᠭ᠎ᠠ᠂ ᠲᠠᠷᠢᠶᠠᠯᠠᠩ ᠤᠨ ᠬᠡᠷᠡᠭᠰᠡᠯ ᠢ ᠳᠦᠭᠦᠷᠲᠡᠯ᠎ᠡ | ᠲᠡᠭᠡᠭᠡᠭᠰᠡᠨ ᠠᠴᠢᠶᠠᠨ ᠤ ᠮᠠᠰᠢᠨ ᠲᠡᠷᠭᠡ ᠡᠯ᠎ᠡ ᠰᠤᠮᠤ ᠰᠢᠶᠠᠩ ᠪᠠᠯᠭᠠᠰᠤᠨ ᠤ ᠬᠤᠭᠤᠷᠣᠨᠳᠣᠬᠢ ᠵᠠᠰᠠᠮᠠᠯ ᠵᠠᠮ ᠢᠶᠠᠷ | ᠰᠦᠯᠵᠢᠯᠳᠦᠵᠦ᠂ ᠬᠠᠪᠤᠷ ᠤᠨ ᠬᠦᠰᠡᠯ ᠡᠷᠡᠮᠡᠯᠵᠡᠯ ᠢ ᠬᠦᠷᠭᠡᠵᠦ ᠪᠠᠶᠢᠨ᠎ᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠮᠠᠷᠠᠲᠤ ᠶᠢᠨ ᠦᠶᠡᠲᠦ ᠮᠠᠯ ᠠᠵᠤ ᠠᠬᠤᠢ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠥᠮᠥᠷᠭᠡ ᠳᠤ᠂ ᠨᠢᠭᠡᠨᠲᠡ ᠪᠣᠭᠤᠳᠠᠯᠯᠠᠭᠰᠠᠨ ᠭᠤᠯᠢᠷ | ᠵᠡᠷᠭᠡ ᠪᠦᠲᠦᠭᠡᠭᠳᠡᠬᠦᠨ ᠢ ᠶᠠᠭ ᠲᠡᠷᠭᠡᠨ ᠳᠤ ᠲᠡᠭᠡᠭᠡᠪᠦᠷᠢᠯᠡᠬᠦ ᠶᠢ ᠬᠦᠯᠢᠶᠡᠵᠦ᠂ ᠵᠣᠴᠢᠨ ᠡᠷᠦᠬᠡ ᠶᠢᠨ ᠭᠠᠷ ᠲᠤ | ᠬᠦᠷᠭᠡᠵᠦ ᠪᠠᠶᠢᠨ᠎ᠠ᠃ ᠬᠤᠷᠰᠢᠶᠠᠨ ᠤ ᠬᠡᠷᠡᠭ ᠮᠡᠳᠡᠭᠴᠢᠳ ᠤᠨ ᠳᠠᠷᠤᠭ᠎ᠠ ᠯᠢᠦ ᠱᠣᠤ ᠯᠦᠩ ᠰᠤᠷᠪᠤᠯᠵᠢᠯᠠᠭᠴᠢ ᠳᠤ᠄ | ︽ᠮᠠᠨ ᠤ ᠬᠤᠷᠰᠢᠶᠠᠨ ᠤ ᠦᠢᠯᠡᠳᠪᠦᠷᠢᠯᠡᠭᠰᠡᠨ ᠭᠤᠯᠢᠷ ᠵᠡᠷᠭᠡ ᠦᠢᠯᠡᠳᠭᠦᠨ ᠤ ᠴᠥᠭᠡᠨ ᠪᠤᠰᠤ ᠵᠠᠬᠢᠶᠠᠯᠠᠭ᠎ᠠ ᠶᠢᠨ | ᠬᠠᠭᠤᠳᠠᠰᠤ ᠨᠢ ᠪᠤᠭᠤᠲᠤ᠂ ᠬᠥᠬᠡᠬᠤᠲᠠ ᠶᠢᠨ ᠡᠯ᠎ᠡ ᠲᠣᠮᠣ ᠬᠡᠲᠦ ᠳᠡᠯᠭᠡᠭᠦᠷ᠂ ᠲᠤᠰᠬᠠᠶ ᠬᠤᠳᠠᠯᠳᠤᠭᠠᠨ ᠤ | ᠳᠡᠯᠭᠡᠭᠦᠷ ᠠᠴᠠ ᠢᠷᠡᠭᠰᠡᠨ ᠶᠤᠮ᠃ ᠣᠳᠣ ᠡᠨᠡ ᠬᠦ ᠨᠡᠪᠲᠡᠷᠡᠬᠦ ᠦᠨᠡᠮᠯᠡᠯ ᠢ ᠣᠯᠤᠭᠰᠠᠨ ᠤ ᠳᠠᠷᠠᠭ᠎ᠠ ᠮᠠᠨ ᠤ | ᠲᠣᠬᠢᠷᠠᠭᠤᠯᠤᠨ ᠬᠦᠷᠭᠡᠬᠦ᠂ ᠪᠣᠷᠣᠯᠠᠭᠤᠯᠬᠤ ᠠᠵᠢᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠵᠣᠭᠰᠣᠭᠰᠠᠨ | ᠦᠭᠡᠶ᠂ ᠵᠠᠬᠢᠶᠠᠯᠠᠭ᠎ᠠ ᠶᠢᠨ ᠬᠠᠭᠤᠳᠠᠰᠤ ᠲᠠᠢ ᠪᠣᠯᠤᠭᠰᠠᠭᠠᠷ ᠴᠠᠭ ᠲᠤᠨᠢ ᠬᠦᠷᠭᠡᠵᠦ ᠪᠣᠯᠤᠨ᠎ᠠ ︾ ᠭᠡᠵᠦ ᠬᠡᠯᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠤᠯᠠᠷᠠᠭᠤᠯᠤᠯ ᠦᠭᠡᠢ ᠬᠢᠵᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠭᠠᠲᠠᠭᠠᠬᠤ ᠦᠭᠡᠢ ᠪᠠᠶᠢᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠪᠦᠬᠦ ᠲᠠᠯ᠎ᠠ ᠪᠠᠷ ᠥᠷᠨᠢᠬᠦ ᠶᠢ ᠲᠠᠭᠠᠯᠳᠤᠨ᠂ ︽ᠬᠠᠪᠤᠷ ᠡᠷᠲᠡ ᠳᠤ ᠠᠵᠢᠯᠴᠢ ᠬᠥᠳᠡᠯᠮᠦᠷᠢᠴᠢ︾ | ᠭᠡᠬᠦ ᠵᠢᠷᠤᠭ ᠲᠠᠷᠬᠠᠨ ᠮᠤᠤᠮᠢᠩᠭᠠᠨ ᠲᠠᠯ᠎ᠠ ᠨᠤᠲᠤᠭ ᠲᠤ ᠠᠯᠭᠤᠷᠬᠠᠨ ᠢᠶᠠᠷ ᠳᠡᠯᠭᠡᠭᠳᠡᠵᠦ᠂ ᠲᠠᠷᠢᠶᠠᠨ ᠠᠵᠢᠯ ᠤᠨ | ᠶᠠᠭᠠᠷᠠᠯᠲᠠᠢ ᠪᠠᠶᠢᠳᠠᠯ ᠤᠷᠢᠬᠠᠨ ᠬᠠᠪᠤᠷ ᠤᠨ ᠦᠵᠡᠮᠵᠢ ᠳᠤ ᠭᠡᠷᠡᠯ ᠭᠢᠯᠪᠠᠭ᠎ᠠ ᠪᠠᠨ ᠰᠠᠴᠤᠷᠠᠭᠤᠯᠪᠠ᠃ |