ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠵᠠᠳᠠᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠬᠤ ᠲᠤᠬᠠᠢ ᠪᠠᠶᠢᠷᠢᠯᠠᠭᠤᠯᠪᠠ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/3/22
     ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 17 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠠᠴᠠ ᠨᠠᠭᠠᠰᠢ᠂ ᠪᠢᠳᠡ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠭᠠᠵᠠᠷ ᠣᠷᠣᠨ ᠬᠤᠪᠢᠶᠠᠨ ᠲᠡᠰ ᠬᠤᠪᠢᠶᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠡᠰᠡᠭ ᠭᠠᠵᠠᠷ ᠣᠷᠣᠨ ᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠲᠦᠷᠭᠡᠨ ᠪᠦᠲᠦᠮᠵᠢᠲᠡᠢ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠪᠣᠳᠠᠲᠤ ᠬᠦᠴᠦᠨ ᠪᠣᠯᠤᠨ ᠬᠦᠴᠦᠷᠬᠡᠭ ᠶᠡᠭᠡ ᠴᠢᠳᠠᠪᠤᠷᠢ ᠶᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠪᠡ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠪᠠᠷᠢᠮᠲᠠᠯᠠᠯ ᠪᠣᠯ ᠢᠯᠠᠯᠲᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠬᠢᠨ ᠳᠠᠪᠲᠠᠬᠤ ᠴᠢᠨᠠᠷ ᠢ ᠭᠦᠨᠵᠡᠭᠡᠶ ᠲᠠᠨᠢᠵᠤ᠂ ᠤᠯᠠᠮ ᠴᠢᠨᠠᠭᠰᠢᠳᠠ ᠳᠠᠶᠢᠴᠢᠯᠠᠯᠳᠠ ᠬᠢᠵᠤ᠂ ᠦᠵᠡᠯ ᠰᠠᠨᠠᠭ᠎ᠠ ᠪᠠᠨ ᠨᠢᠭᠡᠳᠭᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠴᠦᠬᠦᠷᠡᠰᠢ ᠦᠭᠡᠢ ᠴᠢᠷᠮᠠᠶᠢᠵᠤ᠂ ᠡᠯ᠎ᠡ ᠵᠦᠶᠯ ᠤᠨ ᠬᠢᠵᠢᠭ ᠢ ᠰᠡᠷᠭᠡᠶᠢᠯᠡᠬᠦ ᠠᠵᠢᠯ ᠢ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠡᠪᠡᠳᠴᠢᠨ ᠤ ᠵᠢᠱᠢᠶ᠎ᠠ ᠶᠢ ᠳᠠᠷᠤᠢ ᠲᠦᠷᠭᠡᠨ ᠦᠭᠡᠢ ᠪᠤᠯᠭᠠᠬᠤ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠳᠠᠷᠤᠶᠢᠬᠠᠨ ᠬᠤᠷᠢᠭᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠸᠠᠺᠼᠢᠨ᠂ ᠲᠦᠷᠭᠡᠨ ᠪᠠᠶᠢᠴᠠᠭᠠᠬᠤ ᠤᠷᠪᠠᠯᠵᠢ ᠪᠣᠯᠤᠨ ᠡᠮ ᠤᠨ ᠵᠦᠢᠯ ᠢ ᠰᠤᠳᠤᠯᠤᠨ ᠨᠡᠭᠡᠭᠡᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠳᠤᠯᠬᠤ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠵᠢᠯ ᠢ ᠨᠡᠩ ᠬᠠᠨᠳᠤᠯᠭᠠᠳᠤ ᠴᠢᠨᠠᠷᠲᠠᠢ ᠪᠣᠯᠭᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠵᠦ᠂ ᠬᠢᠵᠢᠭ ᠤᠨ ᠪᠠᠶᠢᠳᠠᠯ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ ᠴᠡᠭ ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠡᠭᠦᠰᠬᠦ ᠣᠨᠴᠠᠯᠢᠭ ᠢᠯᠡᠷᠡᠪᠡ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠥᠷᠨᠢᠭᠦᠯᠵᠦ᠂ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠶᠢ ᠵᠢᠯᠤᠭᠤᠳᠬᠤ ᠪᠠᠨ ᠴᠢᠩᠭᠠᠳᠬᠠᠵᠤ᠂ ᠬᠡᠰᠡᠭ ᠲᠠᠯ᠎ᠠ ᠶᠢᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠲᠦᠷᠭᠡᠨ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠪᠤᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠪᠠᠳᠤᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠭᠡᠵᠦ᠂ ᠭᠤᠣᠯᠳᠠᠯᠭ᠎ᠠ ᠲᠠᠢ ᠬᠥᠮᠦᠰ ᠢ ᠬᠢᠨᠠᠨ ᠬᠡᠮᠵᠢᠬᠦ ᠪᠦᠷᠬᠦᠴᠡ ᠶᠢ ᠥᠷᠭᠡᠳᠭᠡᠵᠦ᠂ ᠤᠯᠠᠨ ᠠᠷᠭ᠎ᠠ ᠵᠠᠮ ᠢᠶᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠬᠦᠴᠦᠨ ᠢ ᠲᠡᠭᠦᠯᠳᠡᠷᠵᠢᠭᠦᠯᠦᠨ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠰᠤᠷᠭᠠᠭᠤᠯᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠪᠣᠳᠠᠲᠠᠶ ᠨᠠᠷᠢᠯᠢᠭ ᠬᠢᠬᠦ ᠬᠡᠷᠡᠭᠲᠡᠶ᠃ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠭᠤᠯᠵᠤ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠡᠵᠡᠮᠰᠢᠭᠦᠯᠵᠦ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠤᠬᠠᠮᠰᠠᠷ ᠠᠴᠠ ᠨᠢ ᠵᠢᠷᠤᠮᠯᠠᠨ ᠰᠠᠬᠢᠭᠤᠯᠵᠤ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠨᠠᠮ ᠪᠠ ᠵᠠᠰᠠᠭ ᠤᠨ ᠣᠷᠳᠣᠨ ᠳᠤ ᠬᠠᠮᠵᠢᠯᠴᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠸᠠᠺᠼᠢᠨ ᠤ ᠲᠠᠷᠢᠯᠭ᠎ᠠ ᠬᠢᠬᠦ ᠲᠤᠬᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢ ᠠᠬᠢᠭᠤᠯᠵᠤ᠂ ᠲᠠᠷᠢᠯᠭ᠎ᠠ ᠶᠢᠨ ᠨᠣᠷᠮ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢ ᠴᠠᠭ ᠲᠤᠬᠠᠶ ᠳᠤᠨᠢ ᠨᠡᠶᠢᠭᠡᠮ ᠳᠤ ᠮᠡᠳᠡᠭᠳᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠨᠠᠮ ᠵᠠᠰᠠᠭ ᠬᠠᠮᠲᠤ ᠪᠠᠷ ᠬᠠᠷᠢᠭᠤᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠲᠡᠪᠴᠢᠵᠦ᠂ ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠳᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷ ᠬᠢᠵᠢᠭ ᠢ ᠰᠡᠷᠭᠡᠶᠢᠯᠡᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠭᠠᠪᠰᠢᠭᠠᠶᠢᠯᠠᠨ ᠪᠠᠶᠢᠯᠳᠤᠵᠤ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠠᠳ ᠬᠢᠵᠢᠭ ᠤᠨ ᠪᠠᠶᠢᠳᠠᠯ ᠢ ᠡᠵᠡᠮᠳᠡᠵᠦ ᠳᠡᠶᠢᠯᠬᠦ ᠦᠭᠡᠢ ᠪᠣᠯᠭᠠᠭᠰᠠᠨ ᠪᠠᠶᠢᠪᠠᠯ ᠳᠠᠷᠤᠢ ᠲᠦᠷᠭᠡᠨ ᠰᠠᠬᠢᠯᠭ᠎ᠠ ᠪᠠᠲᠤ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号