ᠪᠠᠶᠠᠠᠬᠤᠸᠠ ᠪᠠᠯᠭᠠᠰᠤ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2022/3/23
     ᠤᠶᠢᠷ᠎ᠠ ᠳᠤ᠂ ᠪᠠᠶᠠᠠᠬᠤᠸᠠ ᠪᠠᠯᠭᠠᠰᠤ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ  ᠂ᠤᠷᠴᠢᠨ ᠠᠬᠤᠢ   ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠵᠦ ᠦᠷᠨᠢᠭᠦᠯᠪᠡ᠃
     ᠪᠠᠶᠠᠠᠬᠤᠸᠠ ᠪᠠᠯᠭᠠᠰᠤ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠵᠦ ᠪᠠᠯᠭᠠᠰᠤ ᠲᠤᠭᠤᠷᠢᠭ᠂ ᠵᠢᠪᠬᠤᠯᠠᠩᠳᠦ ᠭᠠᠴᠠᠭ᠎ᠠ ᠶᠢᠨ ᠠᠵᠦ ᠦᠢᠯᠡᠰ ᠤᠨ ᠰᠠᠭᠤᠷᠢᠨ ᠭᠠᠵᠠᠷ᠂ ᠪᠠᠳᠤᠬᠠᠭᠠᠯᠭ᠎ᠠ — ᠮᠠᠨᠳᠣᠯ ᠵᠠᠰᠠᠮᠠᠯ ᠵᠠᠮ ᠵᠠᠮ ᠲᠠᠭᠠᠤ ᠬᠤᠭ ᠨᠤᠪᠰᠢ ᠶᠢ ᠴᠡᠪᠡᠷᠯᠡᠭᠰᠡᠨ ᠪᠦᠭᠡᠳ ᠡᠯ᠎ᠡ ᠭᠠᠴᠠᠭ᠎ᠠ ᠶᠢᠨ ᠬᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠪᠦᠬᠦ ᠭᠠᠴᠠᠭᠠᠨ ᠳᠤ ᠴᠡᠪᠡᠷᠯᠡᠭᠡ ᠬᠢᠵᠦ᠂ ᠬᠦᠳᠡᠭᠡ ᠲᠤᠰᠬᠤᠨ ᠤ ᠠᠷᠢᠭᠤᠨ ᠴᠡᠪᠡᠷ ᠤᠨ ᠪᠠᠶᠢᠳᠠᠯ ᠢ ᠰᠠᠶᠢᠵᠢᠷᠠᠭᠤᠯᠪᠠ᠃ ᠡᠭᠦᠨ ᠤ ᠬᠠᠮᠳᠦ ᠬᠦᠳᠡᠭᠡ ᠲᠤᠰᠬᠤᠨ ᠤ ᠠᠷᠢᠭᠤᠨ ᠴᠡᠪᠡᠷ ᠤᠨ ᠪᠠᠶᠢᠳᠠᠯ ᠢ ᠰᠠᠶᠢᠵᠢᠷᠠᠭᠤᠯᠪᠠ᠃ ᠡᠭᠦᠨ ᠤ ᠬᠠᠮᠳᠦ ᠬᠦᠳᠡᠭᠡ ᠲᠤᠰᠬᠤᠨ ᠤ ᠤᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ᠂ ᠤᠯᠠᠨ ᠲᠦᠮᠡᠨ ᠤ ᠤᠷᠴᠢᠨ ᠲᠤᠭᠤᠷᠢᠨ  ᠤ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠮᠠᠭᠠᠯᠠᠵᠦ᠂ ᠴᠡᠭᠴᠡᠯᠡᠨ ᠵᠠᠰᠠᠭᠰᠠᠨ ᠦᠷ᠎ᠡ ᠪᠦᠳᠦᠭᠡᠯ ᠢᠶᠠᠨ ᠦᠷᠭᠦᠯᠵᠢᠯᠡᠨ ᠪᠠᠳᠤᠳᠬᠠᠬᠤ ᠶᠢ ᠬᠦᠳᠦᠯᠦᠨ ᠵᠢᠯᠤᠭᠤᠳᠪᠠ᠃
     ᠪᠠᠶᠠᠠᠬᠤᠸᠠ ᠪᠠᠯᠭᠠᠰᠤ ᠪᠠᠰᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠬᠠᠷᠠᠯᠳᠠᠳᠦ ᠡᠭᠦᠷᠭᠡ ᠶᠢ ᠲᠤᠭᠳᠠᠭᠠᠵᠦ᠂ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠲᠤᠭᠳᠠᠭᠠᠵᠦ᠂ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠦᠷᠨᠢᠭᠦᠯᠬᠦ ᠶᠢᠨ ᠲᠠᠭᠠᠥ ᠴᠠᠭ ᠲᠤᠭᠳᠠᠭᠠᠵᠦ ᠴᠡᠭᠴᠡᠯᠡᠨ ᠵᠠᠰᠠᠬᠤ᠂ ᠱᠠᠯᠠᠪᠳᠠᠭᠤᠯᠤᠨ ᠪᠠᠶᠢᠴᠠᠭᠠᠬᠤ᠂ ᠲᠤᠷᠰᠢᠯᠭ᠎ᠠ ᠪᠠᠨ ᠳ᠋ᠦᠩᠨᠡᠬᠦ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠦᠳᠡᠭᠡ ᠲᠤᠰᠬᠤᠨ ᠤ ᠴᠡᠪᠡᠷ ᠲᠤᠬᠢᠯᠢᠭ ᠪᠠᠶᠢᠭᠠᠯᠢᠭ ᠦᠵᠡᠮᠵᠢ ᠶᠢ ᠰᠡᠷᠭᠦᠭᠡᠬᠦ  ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号