| ᠵᠢᠯ ᠪᠦᠷᠢ ᠶᠢᠨ3 ᠰᠠᠷ᠎ᠠ ᠶᠢᠨ23 ᠤ ᠡᠳᠦᠷ ᠢ ︽ᠲᠡᠯᠡᠬᠡᠢ ᠶᠢᠨ ᠴᠠᠭ ᠠᠭᠤᠷ ᠤᠨ ᠡᠳᠦᠷ︾ ᠬᠡᠳᠡᠭ᠂ | 1960 ᠤᠨ ᠳᠤ ᠲᠡᠯᠡᠬᠡᠢ ᠶᠢᠨ ᠴᠠᠭ ᠠᠭᠤᠷ ᠤᠨ ᠵᠤᠬᠢᠶᠠᠨ ᠪᠠᠶᠢᠭᠤᠯᠤᠯᠳᠠ ᠠᠴᠠ ᠲᠤᠭᠳᠠᠭᠠᠭᠰᠠᠨ ᠲᠤᠷᠠᠰᠬᠠᠯ | ᠤᠨ ᠡᠳᠦᠷ ᠪᠠᠶᠢᠵᠦ᠂2022 ᠤᠨ ᠤ3 ᠰᠠᠷ᠎ᠠ ᠶᠢᠨ23 ᠤ ᠡᠳᠦᠷ ᠪᠤᠯ62 ᠳᠠᠬᠢ ᠲᠡᠯᠡᠬᠡᠢ ᠶᠢᠨ ᠴᠠᠭ ᠠᠭᠤᠷ ᠤᠨ | ᠡᠳᠦᠷ ᠪᠤᠯᠬᠤ ᠶᠤᠮ᠃ ︽ᠡᠷᠳᠡᠬᠡᠨ ᠰᠡᠷᠡᠮᠵᠢᠯᠡᠬᠦᠯᠵᠦ᠂ ᠡᠷᠳᠡᠬᠡᠨ ᠬᠦᠳᠦᠯᠦᠯᠴᠡᠬᠦ︾ ᠪᠤᠯ ᠡᠨᠡ ᠵᠢᠯ ᠤᠨ ᠲᠡᠯᠡᠬᠡᠢ | ᠶᠢᠨ ᠴᠠᠭ ᠠᠭᠤᠷ ᠤᠨ ᠡᠳᠦᠷ ᠤᠨ ᠭᠤᠤᠯ ᠰᠡᠳᠦᠪ ᠪᠤᠯᠤᠨ᠎ᠠ᠃ | | ᠮᠠᠨ ᠤ ᠬᠤᠰᠢᠭᠤᠨ ᠤ ᠴᠠᠭ ᠠᠭᠤᠷ ᠤᠨ ᠲᠤᠪᠴᠢᠶ᠎ᠠ ᠨᠢ ᠡᠯ᠎ᠡ ᠱᠠᠳᠤᠨ ᠤ ᠵᠠᠰᠠᠭ ᠤᠨ ᠤᠷᠳᠤᠨ ᠪᠠ | ᠨᠡᠶᠢᠭᠡᠮ ᠨᠡᠶᠢᠳᠡ ᠶᠢ ᠬᠠᠪᠰᠤᠷᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠠᠷᠭᠠᠴᠠᠭᠠᠬᠤ ᠤᠬᠠᠮᠰᠠᠷ | ᠪᠠ ᠴᠢᠳᠠᠪᠦᠷᠢ ᠶᠢ ᠲᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠨ3 ᠰᠠᠷ᠎ᠠ ᠶᠢᠨ23 ᠤ ᠡᠳᠦᠷ ᠰᠢᠭᠤᠳ | ᠨᠡᠪᠳᠡᠷᠡᠭᠦᠯᠬᠡ ᠬᠢᠬᠦ᠂ ᠴᠠᠭ ᠠᠭᠤᠷ ᠤᠨ ᠮᠡᠳᠡᠯᠭᠡ ᠶᠢᠨ ᠲᠤᠬᠠᠢ ᠸᠢᠳᠢᠣ᠋ ᠪᠢᠴᠢᠯᠭᠡ ᠰᠢᠩᠭᠡᠭᠡᠨ ᠦᠢᠯᠡᠳᠬᠦ᠂ ᠭᠠᠷ | ᠤᠳᠠᠰᠤᠨ ᠲᠡᠭᠡᠷ᠎ᠡ ᠴᠠᠭ ᠠᠭᠤᠷ ᠤᠨ ᠮᠡᠳᠡᠯᠭᠡ ᠶᠢᠨ ᠰᠡᠳᠦᠪ ᠬᠠᠷᠢᠭᠤᠯᠬᠤ ᠱᠠᠩᠨᠠᠯᠳᠦ ᠤᠷᠤᠯᠳᠤᠭᠠᠨ | ᠶᠠᠪᠤᠭᠳᠠᠭᠤᠯᠬᠤ ᠵᠡᠷᠭᠡ ᠬᠡᠯᠪᠡᠷᠢ ᠪᠠᠷ ᠰᠢᠨ᠎ᠡ ᠮᠡᠳᠡᠭᠡ ᠵᠠᠭᠤᠴᠢᠯᠠᠭᠤᠷ ᠢ ᠠᠰᠢᠭᠯᠠᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠮᠡᠳᠡᠯᠭᠡ ᠶᠢ ᠣᠬᠠᠭᠤᠯᠤᠨ ᠰᠤᠷᠳᠠᠯᠴᠢᠯᠠᠭᠰᠠᠨ ᠪᠦᠬᠡᠳ ᠰᠤᠷᠭᠠᠭᠤᠯᠢ ᠶᠢᠨ ᠰᠤᠷᠤᠭᠴᠢᠳ ᠲᠤ ᠴᠠᠭ | ᠠᠭᠤᠷ ᠤᠨ ᠶᠡᠷᠦ ᠶᠢᠨ ᠮᠡᠳᠡᠯᠬᠡ ᠶᠢᠨ ᠮᠠᠲᠧᠷᠢᠶᠠᠯ ᠲᠠᠷᠬᠠᠭᠠᠵᠦ᠂ ᠨᠡᠶᠢᠭᠡᠮ ᠲᠤᠭᠤᠷᠢᠭ ᠲᠤ ᠬᠦᠨᠵᠡᠭᠡᠶᠢᠷᠡᠨ | ᠰᠠᠭᠤᠭᠠᠯᠢ ᠠᠷᠠᠳ ᠲᠤ ᠴᠠᠭ ᠠᠭᠤᠷ ᠤᠨ ᠲᠤᠰᠬᠠᠢ ᠰᠡᠳᠦᠪᠳᠦ ᠲᠠᠶᠢᠯᠤᠮᠵᠢ ᠬᠢᠭᠰᠡᠨ ᠪᠠᠶᠢᠨ᠎ᠠ᠃ | | | | | | | | | | | | |