ᠡᠨᠡᠬᠦ ᠰᠦᠢᠳᠭᠡᠯ ᠢ5 ᠲᠦᠭᠦᠷᠢᠭ ᠠᠴᠠ ᠬᠡᠳᠦᠷᠡᠭᠦᠯᠵᠦ ᠪᠤᠯᠬᠤ ᠦᠭᠡᠢ
ᠨᠡᠶᠢᠲᠡᠯᠡᠭᠰᠡᠨ ᠴᠠᠭ᠄
2022/3/29
     ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠂ ᠡᠯ᠎ᠡ ᠮᠤᠵᠢ ᠶᠢᠨ ᠱᠠᠳᠤᠨ ᠤ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠦᠴᠢᠷ  ᠨᠤᠭᠤᠳ2022 ᠤᠨ ᠤ4 ᠳ᠋ᠤᠭᠡᠷ ᠰᠠᠷ᠎ᠠ ᠶᠢᠨ8 ᠤ ᠡᠳᠦᠷ ᠠᠴᠠ  ᠡᠮᠦᠨ᠎ᠡ ᠲᠦᠷᠦ ᠶᠢᠨ ᠪᠤᠳᠤᠯᠭ᠎ᠠ ᠪᠠᠨ ᠲᠤᠳᠤᠷᠬᠠᠢ ᠲᠤᠭᠳᠠᠭᠠᠵᠦ᠂ ︽ᠰᠢᠨ᠎ᠡ  ᠬᠡᠯᠪᠡᠷᠢ ᠶᠢᠨ ᠲᠢᠳᠢᠮᠯᠢᠭ ᠸᠢᠷᠦ᠋ᠰ ᠤᠨ ᠲᠠᠭᠠᠭᠠᠭᠴᠢ ᠡᠭᠦᠰᠭᠡᠭᠴᠢ ᠶᠢ ᠪᠠᠶᠢᠴᠠᠭᠠᠨ ᠰᠢᠯᠭᠠᠬᠤ︾ ᠵᠠᠰᠠᠭ ᠤᠨ ᠤᠷᠳᠤᠨ ᠤ ᠵᠢᠯᠤᠭᠤᠳᠬᠤ ᠦᠨ᠎ᠡ ︵ᠬᠠᠮᠤᠭ ᠤᠨ ᠦᠨᠳᠦᠷ ᠬᠢᠵᠠᠭᠠᠷᠯᠠᠭᠰᠠᠨ ᠦᠨ᠎ᠡ  ︶ ᠶᠢ ᠲᠤᠭᠳᠠᠭᠠᠬᠤ ᠳᠤ ᠬᠦᠮᠦᠨ ᠪᠦᠷᠢ ᠶᠢᠨ ᠦᠢᠯᠡᠴᠢᠯᠡᠭᠡᠨ ᠤ ᠰᠦᠢᠳᠭᠡᠯ ᠢ ᠨᠢᠭᠡ ᠤᠳᠠᠭ᠎ᠠ ᠳᠤ5 ᠲᠦᠭᠦᠷᠢᠭ ᠠᠴᠠ ᠬᠡᠳᠦᠷᠡᠭᠦᠯᠵᠦ ᠪᠤᠯᠬᠤ ᠦᠬᠡᠢ᠃ ᠰᠢᠨ᠎ᠡ ᠬᠡᠯᠪᠡᠷᠢ ᠶᠢᠨ ᠲᠢᠳᠢᠮᠯᠢᠭ    ᠸᠢᠷᠦ᠋ᠰ ᠤᠨ ᠲᠠᠭᠠᠭᠠᠭᠴᠢ ᠡᠭᠦᠰᠭᠡᠭᠴᠢ ᠶᠢ ᠪᠠᠶᠢᠴᠠᠭᠠᠨ ᠰᠢᠯᠭᠠᠬᠤ ᠤᠷᠪᠠᠯᠵᠢ ︵ᠦᠯᠢᠭᠡᠷ ᠠᠪᠬᠤ ᠪᠠᠭᠠᠵᠢ ᠬᠡᠷᠡᠭᠰᠡᠯ ᠢ ᠪᠠᠭᠳᠠᠭᠠᠨ᠎ᠠ︶ ᠶᠢ ᠪᠤᠳᠠᠳᠠᠢ ᠬᠤᠳᠠᠯᠳᠤᠨ ᠠᠪᠤᠭᠰᠠᠨ ᠦᠨ᠎ᠡ ᠪᠠᠷ ᠪᠤᠷᠤᠯᠠᠭᠤᠯᠬᠤ ᠬᠡᠷᠡᠭᠳᠡᠢ ᠬᠡᠪᠡ᠃
 
ᠢᠷᠡᠯᠲᠡ᠄ ᠦᠪᠦᠷ ᠮᠤᠩᠭᠤᠯ ᠤᠨ ᠮᠤᠩᠭᠤᠯ ᠬᠡᠯᠡᠨ ᠤ ᠷᠠᠳᠢᠤ᠋ ᠨᠡᠪᠳᠡᠷᠡᠭᠦᠯᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号