ᠬᠠᠪᠤᠷ ᠴᠠᠭ ᠭᠠᠯ ᠲᠦᠢᠮᠡᠷ ᠠᠴᠠ ᠰᠡᠷᠭᠡᠶᠢᠯᠡᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2022/3/30
     ᠬᠠᠪᠤᠷ ᠤᠨ ᠤᠯᠠᠷᠢᠯ ᠳᠤ ᠰᠠᠯᠬᠢ ᠰᠢᠷᠦᠢ ᠶᠡᠭᠡ᠂ ᠬᠤᠷ᠎ᠠ ᠲᠤᠨᠳᠠᠰᠦ ᠪᠠᠭ᠎ᠠ᠂ ᠠᠭᠤᠷ ᠠᠮᠢᠰᠬᠤᠯ ᠭᠠᠩ ᠬᠠᠭᠤᠷᠠᠢ ᠪᠠᠶᠢᠵᠦ᠂ ᠠᠮᠠᠷᠬᠠᠨ ᠭᠠᠯ ᠤᠨ ᠠᠶᠤᠯ ᠡᠭᠦᠰᠳᠡᠭ ᠤᠴᠢᠷ ᠠᠴᠠ ᠮᠠᠨ ᠤ ᠬᠤᠰᠢᠭᠤᠨ ᠤ ᠭᠠᠯ ᠤᠨᠳᠠᠷᠠᠭᠠᠵᠦ ᠠᠪᠤᠷᠠᠨ ᠲᠤᠰᠠᠯᠠᠬᠤ ᠠᠩᠭᠢ ᠶᠢᠨ ᠠᠵᠢᠯᠳᠠᠨ ᠠᠴᠠ ᠦᠷᠭᠡᠨ ᠤᠯᠠᠨ ᠲᠦᠮᠡᠨ ᠳᠤ ᠪᠠᠨ ᠬᠠᠪᠤᠷ ᠴᠠᠭ ᠭᠠᠯ ᠲᠦᠢᠮᠡᠷ ᠠᠴᠠ ᠰᠡᠷᠭᠡᠶᠢᠯᠡᠬᠦ ᠲᠤᠬᠠᠢ ᠰᠠᠨᠠᠭᠤᠯᠤᠮᠵᠢ ᠲᠤᠷᠠᠳᠴᠠᠢ᠃      ᠨᠢᠭᠡ᠄ ᠲᠠᠮᠠᠬᠢᠨ ᠤ ᠶᠤᠵᠤᠭᠠᠷ ᠢ ᠲᠤᠷ᠎ᠠ ᠪᠠᠷ ᠬᠠᠶᠠᠬᠤ ᠦᠭᠡᠢ᠃      ᠬᠤᠶᠠᠷ᠄ ᠬᠠᠩᠰᠢᠨ ᠤ ᠡᠳᠦᠷ ᠴᠠᠭᠠᠰᠤ ᠰᠢᠳᠠᠭᠠᠬᠤ ᠳᠤ ᠲᠤᠭᠳᠠᠭᠰᠠᠨ  ᠭᠠᠵᠠᠷ ᠲᠤ ᠬᠦᠷᠴᠦ ᠰᠢᠳᠠᠭᠠᠨ᠎ᠠ᠃      ᠭᠤᠷᠪᠠ᠄ ᠭᠡᠷ ᠤᠨ ᠭᠠᠳᠠᠨ᠎ᠠ ᠭᠠᠯ ᠤᠨ ᠴᠤᠭ ᠢᠶᠠᠨ ᠲᠤᠷ᠎ᠠ ᠪᠠᠷ ᠬᠠᠶᠠᠬᠤ ᠦᠭᠡᠢ᠃      ᠲᠦᠷᠪᠡ᠄ ᠭᠡᠷ ᠠᠴᠠ ᠪᠠᠨ ᠭᠠᠷᠬᠤ ᠳᠤ ᠴᠠᠬᠢᠯᠭᠠᠨ ᠬᠡᠷᠡᠭᠰᠡᠯ ᠢᠶᠠᠨ ᠬᠠᠭᠠᠵᠦ ᠲᠠᠯᠪᠢᠬᠤ ᠬᠡᠷᠡᠭᠳᠡᠢ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠠᠯ  ᠤᠨᠳᠠᠷᠠᠭᠠᠵᠦ ᠠᠪᠤᠷᠠᠨ ᠲᠤᠰᠠᠯᠠᠬᠤ ᠠᠩᠭᠢ ᠶᠢᠨ ᠬᠠᠷᠢᠯᠴᠠᠬᠤ ᠤᠳᠠᠰᠦ᠄0472 —8428119
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号