ᠵᠠᠮ ᠬᠠᠷᠢᠯᠴᠠᠭᠠᠨ ᠤ ᠠᠮᠤᠷ ᠲᠦᠪᠰᠢᠨ ᠤ2022 ᠤᠨ ᠤ ᠰᠢᠨ᠎ᠡ ᠲᠦᠷᠢᠮ ᠲᠤᠭᠳᠠᠭᠠᠯ
ᠨᠡᠶᠢᠲᠡᠯᠡᠭᠰᠡᠨ ᠴᠠᠭ᠄
2022/3/31
     2022 ᠤᠨ ᠤ4 ᠰᠠᠷ᠎ᠠ ᠶᠢᠨ1 ᠤ ᠡᠳᠦᠷ   ᠠᠴᠠ ᠡᠬᠢᠯᠡᠵᠦ ᠵᠢᠩᠭᠢᠨᠢ ᠪᠠᠷ  ᠬᠡᠷᠡᠭᠵᠢᠭᠦᠯᠬᠦ ᠬᠡᠵᠦ ᠪᠠᠶᠢᠭ᠎ᠠ ᠲᠤᠳᠤᠭᠠᠳᠦ ᠶᠢ ᠬᠠᠮᠠᠭᠠᠯᠠᠬᠤ ᠶᠠᠮᠤᠨ ᠤ ᠰᠢᠨ᠎ᠡ ᠪᠠᠷ ᠲᠤᠭᠳᠠᠭᠠᠭᠰᠠᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢᠨ ᠬᠤᠪᠢ ᠲᠡᠮᠳᠡᠭᠯᠡᠬᠦ ᠬᠠᠮᠢᠶᠠᠷᠤᠯᠳᠠ ᠶᠢᠨ ᠠᠷᠭ᠎ᠠ︾ ᠶᠢᠨ ᠲᠤᠬᠠᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠴᠧᠨ ᠱᠧᠩ ᠠᠴᠠ ᠦᠷᠭᠡᠨ ᠤᠯᠠᠨ ᠲᠦᠮᠡᠨ ᠳᠤ ᠠᠷᠢᠬᠢ ᠣᠣᠭᠤᠭᠰᠠᠨ ᠤ ᠲᠠᠷᠠᠭ᠎ᠠ ᠲᠡᠷᠭᠡ ᠵᠢᠯᠤᠭᠤᠳᠬᠤ᠂ ᠵᠠᠮ ᠬᠠᠷᠢᠯᠴᠠᠭᠠᠨ ᠤ ᠬᠡᠷᠡᠭ ᠠᠳᠡᠯ ᠭᠠᠷᠭᠠᠭᠠᠳ ᠬᠦᠮᠦᠨ ᠠᠳᠡᠵᠦ ᠰᠢᠷᠬᠠᠳᠤᠭᠤᠯᠤᠭᠰᠠᠨ ᠤ ᠲᠠᠷᠠᠭ᠎ᠠ ᠲᠤᠳᠠᠭᠠᠬᠤ᠂ ᠫᠠᠶᠢᠰᠠ ᠦᠨᠡᠮᠡᠯ ᠢ ᠬᠠᠭᠤᠷᠮᠠᠭᠯᠠᠨ ᠵᠤᠬᠢᠶᠠᠬᠤ᠂ ᠬᠤᠪᠢᠷᠠᠭᠤᠯᠤᠨ ᠵᠤᠬᠢᠶᠠᠬᠤ᠂ ᠬᠤᠪᠢ ᠬᠤᠳᠠᠯᠳᠤᠨ ᠠᠪᠬᠤ ᠪᠠ ᠵᠤᠬᠢᠶᠠᠨ ᠪᠠᠶᠢᠭᠤᠯᠤᠯᠳᠠ ᠲᠠᠢ ᠪᠠᠷ ᠬᠤᠪᠢ ᠠᠷᠠᠯᠵᠢᠶᠠᠯᠠᠨ ᠠᠰᠢᠭ ᠤᠯᠬᠤ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠤᠨ ᠲᠠᠯ᠎ᠠ  ᠠᠴᠠ ᠲᠠᠶᠢᠯᠪᠤᠷᠢ ᠬᠢᠭᠰᠡᠨ ᠪᠠᠶᠢᠨ᠎ᠠ᠃      ᠪᠢᠳᠡᠨ ᠤ ᠠᠮᠢᠳᠤᠷᠠᠯ ᠲᠤᠮᠳᠠ ᠨᠢᠠᠠᠳᠠ ᠬᠤᠯᠪᠤᠭᠳᠠᠬᠤ ᠬᠡᠳᠦᠨ ᠵᠦᠢᠯ ᠢ ᠲᠤᠳᠤᠷᠬᠠᠶᠢᠯᠠᠪᠠᠯ᠄      1. ᠵᠠᠮ ᠤᠨ ᠱᠤᠭᠤᠮ ᠲᠠᠷᠤᠬᠤ ᠳᠤ3 ᠬᠤᠪᠢ ᠬᠠᠰᠤᠵᠦ ᠪᠠᠶᠢᠭᠰᠠᠨ ᠠᠴᠠ1 ᠬᠤᠪᠢ ᠬᠠᠰᠤᠬᠤ ᠪᠤᠯᠵᠠᠢ᠃      2. ᠵᠢᠯᠤᠭᠤᠴᠢ ᠶᠢᠨ ᠦᠨᠡᠮᠡᠯ ᠪᠤᠯᠤᠨ ᠵᠢᠯᠤᠭᠤᠳᠤᠭᠰᠠᠨ ᠲᠡᠷᠭᠡ ᠶᠢᠨ ᠬᠡᠯᠪᠡᠷᠢ ᠨᠡᠶᠢᠴᠡᠬᠦ ᠦᠬᠡᠢ ᠪᠤᠯ12 ᠬᠤᠪᠢ ᠬᠠᠰᠤᠵᠦ ᠪᠠᠶᠢᠭᠰᠠᠨ ᠠᠴᠠ ᠪᠠᠨ9 ᠬᠤᠪᠢ  ᠬᠠᠰᠤᠬᠤ ᠪᠤᠯᠵᠡᠢ᠃      3. ᠲᠡᠷᠭᠡ ᠵᠢᠯᠤᠭᠤᠳᠴᠦ ᠪᠠᠶᠢᠭᠠᠳ ᠭᠠᠷ ᠤᠳᠠᠰᠤ ᠲᠤᠰᠪᠠᠯ2 ᠬᠤᠪᠢ ᠬᠠᠰᠤᠵᠦ ᠪᠠᠶᠢᠭᠰᠠᠨ ᠠᠴᠠ ᠪᠠᠨ3 ᠬᠤᠪᠢ ᠬᠠᠰᠤᠬᠤ ᠪᠤᠯᠵᠠᠢ᠃      4. ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠲᠡᠮᠳᠡᠭ ᠢ ᠨᠠᠭᠠᠬᠤ ᠬᠡᠷᠡᠭ ᠦᠬᠡᠢ ᠪᠤᠯᠵᠡᠢ᠃      5. ᠲᠡᠷᠭᠡ ᠵᠢᠯᠤᠭᠤᠳᠬᠤ ᠳᠤ  ᠡᠮᠦᠨ᠎ᠡ ᠲᠠᠯ᠎ᠠ ᠶᠢᠨ ᠮᠠᠰᠢᠨ ᠲᠡᠷᠭᠡ ᠮᠦᠷᠯᠡᠬᠦ ᠪᠤᠶᠤ ᠲᠦᠭᠵᠢᠷᠡᠯ ᠲᠠᠢ ᠦᠶ᠎ᠡ ᠳᠤ᠂ ᠵᠠᠮ ᠵᠢᠭᠡᠯᠡᠵᠦ ᠰᠢᠬᠠᠯᠴᠠᠬᠤ ᠪᠤᠶᠤ ᠡᠰᠡᠷᠬᠦ ᠲᠠᠯ᠎ᠠ ᠶᠢᠨ ᠲᠡᠷᠭᠡᠨ ᠵᠠᠮ ᠢ ᠡᠵᠡᠯᠡᠨ ᠬᠡᠷᠡᠭᠯᠡᠬᠦ ᠳᠤ2 ᠬᠤᠪᠢ ᠬᠠᠰᠤᠵᠦ ᠪᠠᠶᠢᠭᠰᠠᠨ ᠠᠴᠠ ᠪᠠᠨ3 ᠬᠤᠪᠢ ᠬᠠᠰᠤᠬᠤ ᠪᠤᠯᠤᠭᠰᠠᠨ ᠪᠠᠶᠢᠨ᠎ᠠ᠃      6. ᠵᠠᠮ ᠬᠠᠷᠢᠯᠴᠠᠭᠠᠨ ᠤ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢᠨ ᠰᠢᠢᠳᠭᠡᠯ ᠢᠶᠠᠨ ᠪᠤᠰᠤᠳ ᠢᠶᠠᠷ ᠤᠷᠤᠯᠠᠭᠤᠯᠬᠤ ᠪᠤᠶᠤ ᠪᠤᠰᠤᠳ ᠤᠨ ᠵᠢᠯᠤᠭᠤᠴᠢ ᠶᠢᠨ ᠦᠨᠡᠮᠡᠯ ᠠᠴᠠ ᠬᠤᠪᠢ ᠲᠡᠮᠳᠡᠭᠯᠡᠭᠦᠯᠬᠦ ᠶᠢᠨ ᠬᠠᠮᠳᠦ ᠵᠤᠭᠤᠰ ᠮᠦᠩᠭᠦ ᠦᠭᠭᠦᠭᠰᠡᠨ ᠪᠠᠶᠢᠪᠠᠯ ᠬᠠᠮᠤᠭ ᠦᠨᠳᠦᠷ ᠲᠤ ᠪᠠᠨ5 ᠲᠦᠮᠡᠨ ᠲᠦᠭᠦᠷᠢᠭ ᠢᠶᠠᠷ ᠲᠤᠷᠭᠠᠬᠤ ᠶᠢᠨ ᠬᠠᠮᠳᠦ ᠵᠠᠮ ᠬᠠᠷᠢᠯᠴᠠᠭᠠᠨ ᠤ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠥᠯᠢ ᠶᠤᠰᠤᠭᠠᠷ ᠰᠢᠢᠳᠭᠡᠨ᠎ᠡ᠃ ᠪᠤᠰᠤᠳ ᠬᠦᠮᠦᠨ  ᠢ ᠤᠷᠤᠯᠠᠨ ᠵᠠᠮ ᠬᠠᠷᠢᠯᠴᠠᠭᠠᠨ ᠤ ᠬᠠᠥᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢᠨ ᠰᠢᠢᠳᠭᠡᠯ ᠢ ᠬᠦᠯᠢᠶᠡᠭᠰᠡᠨ ᠪᠤᠶᠤ ᠬᠤᠪᠢ ᠬᠦᠮᠦᠨ ᠤ ᠵᠢᠯᠤᠭᠤᠴᠢ ᠶᠢᠨ ᠦᠨᠡᠮᠡᠯ ᠠᠴᠠ ᠪᠠᠨ ᠬᠤᠪᠢ ᠲᠡᠮᠳᠡᠭᠯᠡᠬᠦᠯᠵᠦ ᠠᠰᠢᠭ ᠤᠯᠤᠭᠰᠠᠨ ᠪᠠᠶᠢᠪᠠᠯ ᠬᠠᠮᠤ ᠦᠨᠳᠦᠷ ᠲᠤ ᠪᠠᠨ5 ᠲᠦᠮᠡᠨ ᠲᠦᠭᠦᠷᠢᠭ ᠢᠶᠠᠷ ᠲᠤᠷᠭᠠᠵᠦ᠂ ᠨᠢᠭᠡ ᠯᠡ ᠤᠳᠠᠭ᠎ᠠ ᠳᠤ12 ᠬᠤᠪᠢ ᠬᠠᠰᠤᠨ᠎ᠠ᠃ ᠵᠤᠬᠢᠶᠠᠨ ᠪᠠᠶᠢᠭᠤᠯᠤᠯᠳᠠ ᠲᠠᠢ ᠪᠠᠷ ᠵᠢᠯᠤᠭᠤᠴᠢ ᠶᠢᠨ ᠦᠨᠡᠮᠡᠯ ᠤᠨ ᠬᠤᠪᠢ ᠶᠢ ᠠᠷᠠᠯᠵᠢᠶᠠᠯᠠᠨ ᠠᠰᠢᠭ ᠤᠷᠤᠯᠭ᠎ᠠ ᠠᠵᠢᠯᠯᠠᠭ᠎ᠠ ᠶᠢ ᠬᠠᠮᠤᠭ ᠦᠨᠳᠦ ᠲᠤ ᠪᠠᠨ10 ᠲᠦᠮᠡᠨ ᠲᠦᠭᠦᠷᠢᠭ ᠢᠶᠠᠷ  ᠲᠤᠷᠭᠠᠨ᠎ᠠ ᠬᠡᠵᠦ ᠲᠤᠳᠤᠷᠬᠠᠢ ᠲᠤᠭᠳᠠᠭᠠᠪᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号